ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠣᠶᠢᠷ᠎ᠠ ᠶᠢᠨ ᠡᠳᠦᠷ ᠰᠣᠶᠣᠯ ᠤᠨ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ | ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠥᠭᠴᠦ᠂ ︽ᠪᠡᠭᠡᠵᠢᠩ ᠤᠨ ᠳᠤᠮᠳᠠ ᠲᠡᠩᠭᠡᠯᠢᠭ ᠱᠤᠭᠤᠮ— | ᠳᠤᠮᠳᠠᠳᠤ ᠤᠯᠤᠰ ᠤᠨ ᠬᠦᠰᠡᠯᠡᠩᠲᠦ ᠬᠤᠲᠠ ᠶᠢᠨ ᠡᠮᠬᠢ ᠵᠢᠷᠤᠮ ᠤᠨ ᠰᠣᠳᠣᠨ ᠪᠦᠲᠦᠭᠡᠯ ︾ ᠪᠠ ︽ᠪᠠᠳᠠᠢ ᠶᠢᠨ | ᠵᠢᠷᠠᠨ ᠤ ᠡᠯᠡᠰᠦ — ᠡᠯᠡᠰᠦ ᠠᠭᠤᠯᠠ ᠨᠠᠭᠤᠷ ᠪᠦᠷᠢᠳᠦ ᠶᠢᠨ ᠪᠦᠯᠦᠭᠵᠢᠯ ︾᠂ ︽ᠳᠤᠮᠳᠠᠳᠤ ᠤᠯᠤᠰ ᠤᠨ ᠰᠢᠷ᠎ᠠ︵ | ᠪᠦᠧᠧᠬᠠᠢ ︶ᠲᠠᠩᠭᠢᠰ ᠤᠨ ᠨᠡᠭᠦᠳᠡᠯ ᠤᠨ ᠰᠢᠪᠠᠭᠤᠳ ᠤᠨ ᠣᠷᠣᠰᠢᠨ ᠠᠮᠢᠳᠤᠷᠠᠬᠤ ᠭᠠᠵᠠᠷ ︵ᠬᠤᠶᠠᠳᠤᠭᠠᠷ | ᠬᠤᠭᠤᠴᠠᠭ᠎ᠠ ︶︾ ᠢ ︽ᠳᠡᠯᠡᠬᠡᠢ ᠶᠢᠨ ᠥᠪ ᠤᠨ ᠨᠡᠷᠡᠰ ︾ ᠲᠤ ᠠᠮᠵᠢᠯᠲᠠ ᠲᠠᠢ ᠪᠦᠷᠢᠳᠬᠡᠭᠦᠯᠦᠭᠰᠡᠨ ᠨᠢ ᠪᠣᠳᠠᠰ ᠤᠨ | ᠪᠣᠯᠪᠠᠰᠤᠨ ᠪᠠ ᠣᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠬᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠠᠶᠢᠭᠤᠯᠬᠤ ᠳᠤ ᠢᠳᠡᠪᠬᠢᠲᠡᠢ ᠠᠴᠢ | ᠬᠤᠯᠪᠣᠭᠳᠠᠯ ᠲᠠᠢ ᠪᠠᠶᠢᠵᠤ᠂ ᠳᠡᠯᠡᠬᠡᠢ ᠶᠢᠨ ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠳᠤ ᠭᠤᠶᠢᠳᠠ ᠰᠠᠶᠢᠬᠠᠨ | ᠥᠩᠭᠡ ᠪᠤᠳᠤᠭ ᠨᠡᠮᠡᠷᠢᠯᠡᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠰᠣᠶᠣᠯ ᠤᠨ ᠥᠪ ᠢᠶᠠᠷ ᠡᠷᠡᠮᠡᠯᠵᠡᠵᠦ ᠠᠮᠵᠢᠯᠲᠠ ᠣᠯᠣᠭᠰᠠᠨ ᠶᠠᠪᠤᠳᠠᠯ ᠢᠶᠠᠷ ᠠᠵᠠ | ᠲᠣᠭᠢᠶᠠᠯ ᠪᠤᠯᠭᠠᠵᠤ᠂ ᠰᠣᠶᠣᠯ ᠤᠨ ᠪᠠ ᠪᠠᠶᠢᠭᠠᠯᠢ ᠶᠢᠨ ᠥᠪ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ ᠢ | ᠤᠯᠠᠮ ᠨᠢᠭᠡ ᠠᠯᠬᠤᠮ ᠴᠢᠩᠭᠠᠳᠬᠠᠵᠤ᠂ ᠰᠣᠶᠣᠯ ᠤᠨ ᠥᠪ ᠢ ᠬᠠᠮᠠᠭᠠᠯᠠᠬᠤ ᠴᠢᠳᠠᠪᠤᠷᠢ ᠪᠣᠯᠣᠨ ᠲᠦᠪᠰᠢᠨ ᠢ ᠦᠨᠡᠨ ᠬᠦ | ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠭᠠᠶᠢᠬᠠᠮᠰᠢᠭᠲᠤ ᠡᠷᠳᠡᠨᠢ ᠪᠣᠯᠣᠨ ᠪᠠᠶᠢᠭᠠᠯᠢ ᠶᠢᠨ ᠬᠤᠪᠣᠷ | ᠡᠷᠳᠡᠨᠢ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠰᠣᠶᠣᠯ ᠤᠨ ᠪᠠ ᠪᠠᠶᠢᠭᠠᠯᠢ ᠶᠢᠨ ᠥᠪ ᠢ ᠤᠯᠠᠮᠵᠢᠯᠠᠨ ᠵᠠᠯᠭᠠᠮᠵᠢᠯᠠᠬᠤ | ᠂ ᠠᠰᠢᠭᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠲᠡᠭᠦᠨ ᠢ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ | ᠬᠦᠴᠦᠨ ᠢᠶᠠᠷ ᠪᠢᠯᠬᠠᠭᠤᠯᠵᠤ᠂ ᠰᠢᠨ᠎ᠡ ᠭᠡᠷᠡᠯ ᠭᠢᠯᠪᠠᠭ᠎ᠠ ᠰᠠᠴᠤᠷᠠᠭᠤᠯᠵᠤ᠂ ᠠᠷᠠᠳ ᠣᠯᠠᠨ ᠤ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠢ᠃ ᠰᠣᠶᠣᠯ ᠤᠨ ᠪᠠ ᠪᠠᠶᠢᠭᠠᠯᠢ ᠶᠢᠨ ᠥᠪ ᠤᠨ | ᠬᠦᠷᠢᠶᠡᠨ ᠳᠠᠬᠢ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ | ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠬᠦ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ | ᠬᠡᠷᠡᠭᠲᠡᠢ ᠭᠡᠵᠦ ᠴᠢᠬᠤᠯᠠᠴᠢᠯᠠᠪᠠ᠃ | ᠲᠦᠷᠦᠭᠦᠬᠡᠨ ᠡᠨᠡᠳᠬᠡᠭ ᠤᠨ ᠰᠢᠨ᠎ᠡ ᠳ᠋ᠧᠯᠢ ᠳᠤ ᠶᠠᠪᠤᠭᠳᠠᠭᠰᠠᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ 46 ᠳ᠋ᠤᠭᠠᠷ ᠬᠤᠭᠤᠴᠠᠭᠠᠨ ᠤ | ᠳᠡᠯᠡᠬᠡᠢ ᠶᠢᠨ ᠥᠪ ᠤᠨ ᠶᠡᠭᠡ ᠬᠤᠷᠠᠯ ᠠᠴᠠ ᠰᠢᠢᠳᠪᠦᠷᠢ ᠪᠠᠲᠤᠯᠠᠵᠤ᠂ ᠮᠠᠨ ᠤ ᠤᠯᠤᠰ ᠤᠨ ᠳᠡᠯᠡᠬᠡᠢ ᠶᠢᠨ ᠰᠣᠶᠣᠯ ᠤᠨ | ᠥᠪ ᠢᠶᠠᠷ ᠨᠡᠷ᠎ᠡ ᠳᠤᠷᠠᠳᠤᠭᠳᠠᠭᠰᠠᠨ ᠲᠦᠷᠦᠯ ᠵᠦᠢᠯ ︽ᠪᠡᠭᠡᠵᠢᠩ ᠤᠨ ᠳᠤᠮᠳᠠ ᠲᠡᠩᠭᠡᠯᠢᠭ ᠱᠤᠭᠤᠮ— ᠳᠤᠮᠳᠠᠳᠤ | ᠤᠯᠤᠰ ᠤᠨ ᠬᠦᠰᠡᠯᠡᠩᠲᠦ ᠬᠤᠲᠠ ᠶᠢᠨ ᠡᠮᠬᠢ ᠵᠢᠷᠤᠮ ᠤᠨ ᠰᠣᠳᠣᠨ ᠪᠦᠲᠦᠭᠡᠯ ︾ ᠪᠠ ᠳᠡᠯᠡᠬᠡᠢ ᠶᠢᠨ ᠪᠠᠶᠢᠭᠠᠯᠢ ᠶᠢᠨ | ᠥᠪ ᠢᠶᠠᠷ ᠨᠡᠷ᠎ᠡ ᠳᠤᠷᠠᠳᠤᠭᠳᠠᠭᠰᠠᠨ ᠲᠦᠷᠦᠯ ᠵᠦᠢᠯ ︽ᠪᠠᠳᠠᠢ ᠶᠢᠨ ᠵᠢᠷᠠᠨ ᠤ ᠡᠯᠡᠰᠦ— ᠡᠯᠡᠰᠦ ᠴᠣᠬᠢᠶ᠎ᠠ ᠨᠠᠭᠤᠷ | ᠪᠦᠷᠢᠳᠦ ᠶᠢᠨ ᠰᠦᠷᠦᠭᠵᠢᠯ ︾᠂ ︽ᠳᠤᠮᠳᠠᠳᠤ ᠤᠯᠤᠰ ᠤᠨ ᠰᠢᠷ᠎ᠠ ︵ᠪᠦᠧᠧᠬᠠᠢ ︶ ᠲᠠᠩᠭᠢᠰ ᠤᠨ ᠨᠡᠭᠦᠳᠡᠯ ᠤᠨ | ᠰᠢᠪᠠᠭᠤᠨ ᠤ ᠣᠷᠣᠰᠢᠨ ᠠᠮᠢᠳᠤᠷᠠᠬᠤ ᠭᠠᠵᠠᠷ ︵ᠬᠤᠶᠠᠳᠤᠭᠠᠷ ᠬᠤᠭᠤᠴᠠᠭ᠎ᠠ ︶︾ ᠢ ︽ᠳᠡᠯᠡᠬᠡᠢ ᠶᠢᠨ ᠥᠪ ᠤᠨ | ᠨᠡᠷᠡᠰ ︾ ᠲᠤ ᠵᠢᠭᠰᠠᠭᠠᠨ ᠣᠷᠣᠭᠤᠯᠪᠠ᠃ ᠢᠩᠭᠢᠭᠡᠳ ᠮᠠᠨ ᠤ ᠤᠯᠤᠰ ᠤᠨ ᠳᠡᠯᠡᠬᠡᠢ ᠶᠢᠨ ᠥᠪ ᠤᠨ ᠶᠡᠷᠦᠩᠬᠡᠢ ᠲᠤᠭ᠎ᠠ | 59 ᠪᠣᠯᠵᠤ᠂ ᠳᠡᠯᠡᠬᠡᠢ ᠶᠢᠨ ᠡᠮᠦᠨ᠎ᠡ ᠡᠩᠨᠡᠭᠡᠨ ᠳᠤ ᠵᠢᠭᠰᠠᠭᠠᠭᠳᠠᠪᠠ᠃ | |