ᠲᠦᠴᠢᠦᠸᠠᠨ ᠰᠢᠶᠠᠨ᠄ ᠠᠷᠠᠳ ᠤᠨ ᠠᠮᠢᠳᠤᠷᠠᠯ ᠳᠤ ᠠᠵᠢᠯ ᠣᠯᠭᠤᠬᠤ ᠵᠠᠮ ᠢ ᠳᠡᠪᠢᠰᠴᠦ ᠥᠭᠪᠡ
ᠨᠡᠶᠢᠲᠡᠯᠡᠭᠰᠡᠨ ᠴᠠᠭ᠄
2024/8/8
   ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠲᠠᠢ ᠬᠤᠯᠪᠣᠭᠳᠠᠵᠤ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠬᠤᠯᠪᠣᠭᠳᠠᠵᠤ ᠪᠠᠶᠢᠳᠠᠭ᠃ ᠣᠶᠢᠷ᠎ᠠ ᠶᠢᠨ ᠵᠢᠯ ᠤᠳ ᠲᠤ᠂ ᠲᠦᠴᠢᠦᠸᠠᠨ ᠰᠢᠶᠠᠨ ᠠᠵᠢᠯ ᠣᠯᠭᠤᠯᠲᠠ ᠶᠢᠨ ᠠᠰᠠᠭᠤᠳᠠᠯ ᠢ ᠢᠮᠠᠭᠲᠠ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠨ᠂ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠦᠷᠢᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ᠂ ᠦᠶᠯᠡᠳᠦᠯᠭᠡ ᠶᠢᠨ ᠳᠤᠮᠳᠠ ᠰᠢᠨ᠎ᠡ ᠴᠠᠭ ᠦᠶ᠎ᠡ ᠶᠢᠨ ᠠᠵᠢᠯ ᠣᠯᠭᠤᠯᠲᠠ ᠶᠢᠨ ᠠᠵᠢᠯ ᠤᠨ ᠵᠢᠮ᠎ᠡ ᠶᠣᠰᠣᠨ ᠤ ᠲᠤᠬᠠᠶ ᠲᠠᠨᠢᠯᠲᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠰᠢᠶᠠᠨ ᠤ ᠬᠡᠪᠴᠢᠶᠡᠨ ᠤ ᠠᠷᠠᠳ ᠤᠨ ᠠᠮᠢᠳᠤᠷᠠᠯ ᠤᠨ ᠰᠠᠶᠢᠵᠢᠷᠠᠯᠲᠠ ᠪᠠ ᠠᠵᠤ ᠠᠬᠤᠶ ᠶᠢᠨ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
   ᠭᠤᠣᠯ ᠴᠡᠴᠡᠷᠯᠢᠭ ᠲᠤ᠂ ᠰᠤᠷᠪᠤᠯᠵᠢᠯᠠᠭᠴᠢ ︽ᠠᠵᠢᠯ ᠤᠨ ᠪᠠᠶᠢᠷᠢ ᠪᠠᠷ ᠢᠷᠡᠭᠡᠳᠦᠢ ᠶᠢ ᠤᠷᠢᠵᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠪᠠᠷ ᠭᠤᠣᠯ ᠰᠡᠳᠦᠪ ᠪᠣᠯᠭᠠᠭᠰᠠᠨ ᠲᠦᠴᠢᠦᠸᠠᠨ ᠰᠢᠶᠠᠨ ᠤ ︽ᠵᠠᠭᠤᠨ ᠡᠳᠦᠷ ᠤᠨ ᠮᠢᠩᠭᠠᠨ ᠲᠦᠮᠡᠨ ᠠᠵᠢᠯᠳᠠᠨ ᠡᠯᠰᠡᠬᠦ ᠲᠤᠰᠬᠠᠢ ᠠᠵᠢᠯᠯᠠᠭ᠎ᠠ︾ ᠵᠢᠴᠢ ᠶᠡᠭᠡ ᠳᠡᠭᠡᠳᠦ ᠰᠤᠷᠭᠠᠭᠤᠯᠢ ᠲᠡᠭᠦᠰᠬᠦ ᠤᠶᠤᠲᠠᠳ ᠤᠨ ᠲᠤᠬᠠᠢ ᠶᠢᠨ ᠲᠠᠯᠠᠪᠠᠢ ᠶᠢᠨ ᠠᠵᠢᠯᠳᠠᠨ ᠡᠯᠰᠡᠬᠦ ᠬᠤᠷᠠᠯ ᠤᠨ ᠠᠵᠢᠯᠯᠠᠭ᠎ᠠ ᠨᠢ ᠴᠥᠭᠡᠨ ᠪᠤᠰᠤ ᠠᠵᠢᠯ ᠡᠷᠢᠭᠰᠡᠳ ᠤᠨ ᠠᠩᠬᠠᠷᠤᠯ ᠢ ᠲᠠᠲᠠᠵᠤ᠂ ᠤᠯᠠᠨ ᠢᠶᠠᠷ ᠢᠶᠠᠨ ᠪᠦᠷ ᠠᠵᠢᠯᠳᠠᠨ ᠡᠯᠰᠡᠬᠦ ᠴᠤᠩᠬᠤᠪᠴᠢ ᠶᠢᠨ ᠡᠮᠦᠨ᠎ᠡ ᠢᠷᠡᠵᠦ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠬᠡᠷᠡᠭᠴᠡᠭᠡ᠂ ᠴᠠᠯᠢᠩ ᠣᠯᠭᠤᠮᠵᠢ ᠵᠢᠴᠢ ᠠᠵᠢᠯ ᠮᠡᠷᠭᠡᠵᠢᠯ  ᠤᠨ ᠬᠥᠭᠵᠢᠯᠲᠡ ᠵᠡᠷᠭᠡ ᠠᠰᠠᠭᠤᠳᠠᠯ ᠢ ᠠᠰᠠᠭᠤᠨ ᠯᠠᠪᠯᠠᠵᠤ ᠪᠠᠶᠢᠬᠤ ᠶᠢ ᠣᠯᠵᠤ ᠬᠠᠷᠠᠪᠠ᠃    ︽ᠪᠢ ᠡᠨᠡ ᠵᠢᠯ ᠤᠨ 7 ᠰᠠᠷ᠎ᠠ ᠳᠤ ᠲᠡᠭᠦᠰᠦᠭᠰᠡᠨ ᠶᠤᠮ᠂ ᠤᠤᠯ ᠨᠢ ᠭᠡᠷ ᠲᠡᠭᠡᠨ ᠬᠠᠷᠢᠵᠤ ᠬᠡᠰᠡᠭ ᠬᠤᠭᠤᠴᠠᠭ᠎ᠠ ᠠᠮᠠᠷᠠᠵᠤ ᠠᠵᠢᠯ ᠡᠷᠢᠶ᠎ᠡ ᠭᠡᠵᠦ ᠪᠣᠳᠣᠵᠤ ᠪᠠᠢᠭᠰᠠᠨ᠂ ᠥᠨᠥᠳᠦᠷ ᠨᠠᠶᠢᠵᠠ ᠶᠢᠨ ᠠᠳᠡ ᠠᠵᠢᠯᠲᠠᠨ ᠡᠯᠰᠡᠬᠦ ᠬᠤᠷᠠᠯ ᠬᠢᠨ᠎ᠡ ᠭᠡᠵᠦ ᠬᠡᠯᠡᠬᠦ ᠶᠢ ᠰᠣᠨᠣᠰᠤᠭᠠᠳ ᠦᠵᠡᠬᠦ ᠪᠠᠷ ᠢᠷᠡᠵᠡᠢ᠂ ᠡᠶᠢᠮᠦ ᠣᠯᠠᠨ ᠠᠵᠢᠯ ᠤᠨ ᠪᠠᠢᠷᠢ  ᠶᠢ ᠰᠣᠩᠭᠤᠵᠤ ᠪᠣᠯᠤᠨ᠎ᠠ ᠭᠡᠵᠦ ᠪᠣᠳᠣᠵᠤ ᠣᠯᠤᠭᠰᠠᠨ ᠦᠭᠡᠢ᠂ ᠪᠢ ᠨᠢᠭᠡᠨᠲᠡ ᠨᠢᠭᠡ ᠠᠵᠤ ᠠᠬᠤᠢᠯᠠᠯ ᠲᠠᠢ ᠶᠠᠷᠢᠯᠴᠠᠵᠤ ᠳᠠᠭᠤᠰᠴᠠᠢ᠂ ᠬᠡᠳᠦᠨ ᠡᠳᠦᠷ ᠤᠨ ᠳᠠᠷᠠᠭ᠎ᠠ ᠨᠢᠭᠤᠷᠳᠠᠨ ᠰᠢᠯᠭᠠᠬᠤ ᠪᠠᠷ ᠣᠴᠢᠨ᠎ᠠ᠃︾ ᠭᠡᠵᠦ ᠲᠤᠰ ᠬᠤᠭᠤᠴᠠᠭᠠᠨ ᠤ ᠲᠡᠭᠦᠰᠬᠦ ᠰᠤᠷᠤᠭᠴᠢ ᠵᠠᠩ ᠶᠢᠩ ᠪᠠᠶᠠᠷᠲᠠᠢ ᠪᠠᠷ ᠰᠤᠷᠪᠤᠯᠵᠢᠯᠠᠭᠴᠢ ᠳᠤ ᠬᠡᠯᠡᠪᠡ᠃
   ᠬᠥᠳᠡᠯᠮᠦᠷᠢᠴᠢᠳ ᠤᠨ ᠠᠵᠢᠯ ᠣᠯᠭᠤᠯᠲᠠ ᠶᠢᠨ ᠬᠦᠴᠢᠷ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠲᠦᠴᠢᠦᠸᠠᠨ ᠰᠢᠶᠠᠨ ᠠᠵᠢᠯ ᠣᠯᠭᠤᠯᠲᠠ ᠶᠢᠨ ᠲᠤᠰᠠᠯᠠᠮᠵᠢ ᠪᠠ ᠠᠵᠢᠯᠲᠠᠨ ᠡᠯᠰᠡᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠡᠯ᠎ᠡ ᠲᠥᠷᠥᠯ ᠤᠨ ᠬᠥᠮᠦᠰ ᠤᠨ ᠠᠵᠢᠯ ᠣᠯᠭᠤᠯᠲᠠ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠡᠨᠡ ᠵᠢᠯ ᠠᠴᠠ ᠨᠠᠭᠠᠰᠢ᠂ ︽ᠤᠷᠢᠬᠠᠨ ᠰᠠᠯᠬᠢᠨ ᠤ ᠠᠵᠢᠯᠯᠠᠭ᠎ᠠ︾᠂ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠶᠯᠡᠴᠢᠯᠡᠭᠡᠨ ᠤ ᠰᠠᠷ᠎ᠠ︾᠂ ︽ᠵᠠᠭᠤᠨ ᠡᠳᠦᠷ ᠤᠨ ᠮᠢᠩᠭᠠᠨ ᠲᠦᠮᠡᠨ ᠠᠵᠢᠯᠲᠠᠨ ᠡᠯᠰᠡᠬᠦ ᠲᠤᠰᠬᠠᠶ ᠠᠵᠢᠯᠯᠠᠭ᠎ᠠ︾ ᠵᠡᠷᠭᠡ ᠠᠯᠢ ᠣᠯᠠᠨ ᠠᠵᠢᠯᠲᠠᠨ ᠡᠯᠰᠡᠬᠦ ᠠᠵᠢᠯᠯᠠᠭ᠎ᠠ ᠶᠢ 122 ᠤᠳᠠᠭ᠎ᠠ ᠡᠷᠭᠢᠯᠡᠵᠦ᠂ ᠡᠭᠦᠨ ᠳᠤ ᠰᠦᠯᠵᠢᠶᠡᠨ ᠳᠡᠭᠡᠷ᠎ᠡ 63 ᠤᠳᠠᠭ᠎ᠠ᠂ ᠰᠦᠯᠵᠢᠶᠡᠨ ᠭᠠᠳᠠᠨ᠎ᠠ 59 ᠤᠳᠠᠭ᠎ᠠ ᠬᠢᠵᠦ᠂ 1221 ᠬᠥᠮᠦᠨ ᠤᠳᠠᠭ᠎ᠠ ᠳᠤ ᠠᠵᠢᠯ ᠣᠯᠭᠤᠬᠤ ᠰᠠᠨᠠᠮᠵᠢ ᠲᠣᠭᠲᠠᠪᠠ᠃
   ᠡᠭᠦᠨ ᠤ ᠬᠠᠮᠲᠤ᠂ ᠠᠵᠢᠯ ᠣᠯᠭᠤᠯᠲᠠ ᠶᠢ ᠰᠢᠩᠭᠡᠭᠡᠨ ᠠᠪᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠪᠡᠭᠡᠵᠢᠩ ᠤᠨ ᠰᠢᠯᠢᠳᠡᠭ ᠠᠵᠤ ᠠᠬᠤᠶᠢᠯᠠᠯ ᠢ ᠢᠳᠡᠪᠬᠢᠲᠡᠢ ᠣᠷᠣᠭᠤᠯᠤᠨ ᠲᠦᠴᠢᠦᠸᠠᠨ ᠳᠤ ᠨᠤᠲᠤᠭᠰᠢᠭᠤᠯᠪᠠ᠂ ᠪᠡᠭᠡᠵᠢᠩ ᠤᠨ ᠬᠠᠨ ᠵᠢᠶᠠᠨ ᠾᠧ ᠱᠠᠨ ᠬᠠᠮᠢᠶᠠᠷᠤᠯᠲᠠ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠪᠣᠯ ᠲᠦᠴᠢᠦᠸᠠᠨ ᠰᠢᠶᠠᠨ ᠳᠤ ᠬᠠᠮᠤᠭ ᠤᠨ ᠡᠷᠲᠡ ᠨᠤᠲᠤᠭᠰᠢᠭᠰᠠᠨ ᠪᠡᠭᠡᠵᠢᠩ ᠤᠨ ᠠᠵᠤ ᠠᠬᠤᠶᠢᠯᠠᠯ ᠤᠨ ᠨᠢᠭᠡ ᠪᠣᠯᠤᠨ᠎ᠠ᠂ ᠬᠡᠳᠦᠨ ᠵᠢᠯ ᠤᠨ ᠬᠥᠭᠵᠢᠯᠲᠡ ᠪᠠᠷ ᠳᠠᠮᠵᠢᠨ᠂ ᠬᠤᠶᠠᠷ ᠲᠠᠯ᠎ᠠ ᠪᠠᠷ ᠢᠶᠠᠨ ᠡᠬᠢ ᠪᠠᠶᠠᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠲᠤᠰ ᠭᠠᠵᠠᠷ ᠤᠨ 1000 ᠭᠠᠷᠤᠢ ᠬᠥᠮᠦᠨ ᠤ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠪᠡ᠃
   ᠪᠡᠭᠡᠵᠢᠩ ᠤᠨ ᠬᠠᠨ ᠵᠢᠶᠠᠨ ᠾᠧ ᠱᠠᠨ ᠬᠤᠭᠤᠯᠠᠶ ᠶᠢᠨ ᠦᠶᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠦᠶᠯᠡᠳᠪᠦᠷᠢ ᠶᠢᠨ ᠲᠣᠭᠤᠷᠢᠭ ᠲᠤ᠂ ᠠᠵᠢᠯᠴᠢᠳ ᠶᠠᠭ ᠰᠠᠶᠢᠬᠠᠨ ᠡᠪᠬᠡᠮᠡᠯ ᠬᠠᠪᠲᠠᠰᠤ ᠪᠠᠷ ᠭᠠᠩᠨᠠᠨ ᠵᠠᠯᠭᠠᠵᠤ᠂ ᠲᠩᠷᠢ ᠶᠢᠨ ᠲᠡᠷᠭᠡ ᠶᠠᠭ ᠭᠠᠷ ᠢᠶᠠᠨ ᠰᠠᠵᠢᠯᠠᠭᠤᠯᠤᠨ ᠬᠤᠭᠤᠯᠠᠶ ᠪᠠᠷ ᠴᠢᠳᠬᠤᠵᠤ᠂ ᠬᠤᠯᠠ ᠠᠴᠠ ᠬᠡᠳᠦᠨ ᠮᠢᠩᠭᠠᠨ ᠪᠡᠯᠡᠳᠬᠡᠯ ᠬᠤᠪᠢᠷᠠᠭᠠᠭᠳᠠᠯ ᠤᠨ ᠬᠦᠴᠦᠯᠡᠴᠡ ᠲᠠᠢ ᠪᠣᠯᠣᠳ ᠲᠦᠩᠰᠡ ᠪᠧᠲ᠋ᠤᠨ ᠬᠤᠭᠤᠯᠠᠶ ᠶᠢ ᠲᠡᠷᠢ ᠲᠡᠭᠰᠢ ᠲᠠᠯᠪᠢᠵᠠᠶ᠃ ᠺᠣᠮᠫᠠᠨᠢ ᠳᠤ ᠲᠠᠪᠤᠨ ᠵᠢᠯ ᠠᠵᠢᠯᠯᠠᠭᠰᠠᠨ ᠰᠦᠨ ᠶᠦᠩ ᠴᠧᠩ ᠰᠤᠷᠪᠤᠯᠵᠢᠯᠠᠭᠴᠢ ᠳᠤ᠄ ︽ᠪᠢ ᠤᠤᠯ ᠨᠢ ᠭᠠᠳᠠᠭᠰᠢ ᠭᠠᠷᠴᠤ ᠠᠵᠢᠯ ᠬᠢᠵᠦ ᠪᠠᠶᠢᠵᠠᠢ᠂ ᠨᠢᠭᠡ ᠵᠢᠯ ᠤᠨ ᠵᠠᠷᠤᠳᠠᠯ ᠢ ᠬᠠᠰᠤᠪᠠᠯ ᠬᠡᠳᠦᠶ ᠵᠣᠭᠤᠰ ᠬᠠᠳᠠᠭᠠᠯᠠᠵᠤ ᠳᠡᠢᠯᠬᠦ ᠦᠭᠡᠢ᠂ 2000 ᠣᠨ 4 ᠰᠠᠷ᠎ᠠ ᠶᠢᠨ ᠦᠶ᠎ᠡ ᠳᠤ᠂ ᠠᠵᠢᠯᠲᠠᠨ ᠡᠯᠰᠡᠬᠦ ᠴᠤᠭᠯᠠᠭᠠᠨ ᠢᠶᠠᠷ ᠳᠠᠮᠵᠢᠭᠤᠯᠤᠨ ᠪᠡᠭᠡᠵᠢᠩ ᠤᠨ ᠬᠠᠨ ᠵᠢᠶᠠᠨ ᠾᠧ ᠱᠠᠨ ᠬᠤᠭᠤᠯᠠᠶ  ᠶᠢᠨ ᠦᠶᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ  ᠳᠤ ᠤᠷᠢᠭᠳᠠᠪᠠ᠂ ᠲᠤᠬᠠᠶ ᠶᠢᠨ ᠣᠶᠢᠶ᠎ᠠ ᠳᠤ ᠰᠠᠶ᠋ᠢ ᠠᠳᠡ ᠢᠷᠡᠬᠦ ᠳᠤ ᠶᠠᠭᠤ ᠴᠤ ᠮᠡᠳᠡᠬᠦ ᠦᠭᠡᠢ᠂ ᠺᠣᠮᠫᠠᠨᠢ ᠪᠢᠳᠡᠨ  ᠳᠤ ᠦᠨ᠎ᠡ ᠲᠥᠯᠥᠪᠦᠷᠢ ᠦᠭᠡᠢ ᠪᠣᠯᠪᠠᠰᠤᠷᠠᠯ ᠬᠢᠵᠦ ᠥᠭᠪᠡ᠂ ᠶᠡᠭᠡ ᠲᠥᠯᠥᠪ ᠨᠢᠭᠡ ᠰᠠᠷ᠎ᠠ ᠶᠢᠨ ᠬᠤᠭᠤᠴᠠᠭᠠᠨ ᠳᠤ ᠪᠢ ᠪᠣᠯᠪᠠᠰᠤᠷᠠᠩᠭᠤᠶ ᠠᠵᠢᠯᠯᠠᠬᠤ ᠪᠤᠯᠵᠠᠢ᠂ ᠲᠡᠢᠮᠦ ᠪᠥᠭᠡᠳ ᠴᠠᠯᠢᠩ ᠬᠥᠯᠥᠰᠥ ᠨᠢ ᠪᠦᠷ ᠮᠠᠰᠢ ᠰᠠᠶᠢᠨ᠂ ᠰᠠᠷ᠎ᠠ ᠪᠦᠷᠢ ᠶᠢᠨ ᠴᠠᠯᠢᠩ ᠨᠢ 6000 - 7000 ᠲᠥᠭᠦᠷᠢᠭ ᠣᠷᠴᠢᠮ᠂ ᠭᠡᠷ ᠠᠴᠠ ᠪᠠᠰᠠ ᠦᠷ᠎ᠡ᠂ ᠪᠢ ᠡᠨᠡ ᠠᠵᠢᠯ  ᠳᠤ ᠮᠠᠰᠢ ᠬᠠᠨᠤᠮᠵᠢᠲᠠᠶ ᠪᠠᠰᠠ ᠮᠠᠰᠢ ᠳᠤᠷᠠᠲᠠᠶ︾ ᠭᠡᠨ᠎ᠡ᠃
   2018 ᠣᠨ ᠳᠤ ᠪᠡᠭᠡᠵᠢᠩ ᠬᠤᠲᠠ ᠶᠢᠨ ᠹᠠᠩ ᠱᠠᠨ ᠲᠣᠭᠤᠷᠢᠭ ᠠᠵᠢᠯ ᠲᠥᠷᠥᠯ ᠢᠶᠠᠷ ᠢᠶᠠᠨ ᠲᠦᠴᠢᠦᠸᠠᠨ ᠰᠢᠶᠠᠨ ᠢ ᠬᠠᠪᠰᠤᠷᠤᠨ ᠲᠡᠳᠬᠦᠭᠰᠡᠨ ᠠᠴᠠ ᠨᠠᠰᠢ᠂ ᠬᠤᠶᠠᠷ ᠭᠠᠵᠠᠷ ᠤᠨ ᠬᠢᠨ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠨᠡᠪᠲᠡᠷᠡᠯᠴᠡᠭᠡ ᠰᠣᠯᠢᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠨ᠂ ᠬᠥᠳᠡᠯᠮᠦᠷᠢ ᠦᠶᠯᠡᠴᠢᠯᠡᠭᠡᠨ ᠤ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠪᠠᠶᠢᠭᠤᠯᠵᠤ᠂ ︽ᠹᠠᠩᠱᠠᠨ ᠲᠣᠭᠤᠷᠢᠭ ᠪᠣᠯᠤᠨ ᠲᠦᠴᠢᠦᠸᠠᠨ ᠰᠢᠶᠠᠨ ᠤ ᠠᠵᠢᠯ ᠲᠥᠷᠥᠯ ᠢᠶᠠᠷ ᠢᠶᠠᠨ ᠲᠤᠰᠠᠯᠠᠬᠤ ᠬᠥᠳᠡᠯᠮᠦᠷᠢ ᠦᠶᠯᠡᠴᠢᠯᠡᠭᠡᠨ ᠤ ᠬᠠᠮᠵᠢᠯᠴᠠᠭᠠᠨ ᠤ ᠵᠥᠪᠯᠡᠯᠴᠡᠭᠡᠷ︾ ᠲᠤ ᠭᠠᠷ ᠤᠨ ᠥᠰᠥᠭ ᠵᠢᠷᠤᠭᠰᠠᠨ ᠪᠥᠭᠡᠳ ᠪᠡᠭᠡᠵᠢᠩ ᠳᠤ ︽ᠲᠦᠴᠢᠦᠸᠠᠨ ᠤ ᠬᠥᠯᠥᠰᠥᠨ ᠠᠵᠢᠯᠴᠢᠨ ᠤ ᠬᠡᠷ ᠪᠦᠯᠢ︾ ᠶᠢᠨ ᠠᠵᠢᠯ ᠣᠯᠭᠤᠯᠲᠠ ᠶᠢᠨ ᠦᠶᠯᠡᠴᠢᠯᠡᠭᠡᠨ ᠤ ᠥᠷᠲᠡᠭᠡ ᠪᠠᠶᠢᠭᠤᠯᠵᠤ᠂ ᠮᠢᠩᠭᠠᠨ ᠭᠠᠵᠠᠷ ᠢ ᠠᠯᠤᠰᠯᠠᠨ ᠠᠵᠢᠯ ᠤᠨ ᠪᠠᠶᠢᠷᠢ ᠬᠦᠷᠭᠡᠵᠦ ᠬᠠᠪᠰᠤᠷᠤᠨ ᠲᠡᠳᠬᠦᠭᠡᠳ᠂ ᠨᠠᠩ ᠣᠯᠠᠨ ᠠᠵᠢᠯ ᠡᠷᠢᠭᠰᠡᠳ ᠢ ᠪᠡᠭᠡᠵᠢᠩ ᠥᠪᠥᠷ ᠮᠣᠩᠭᠤᠯ ᠤᠨ ︽ᠰᠡᠳᠬᠢᠯ ᠤᠨ ᠬᠥᠭᠦᠷᠭᠡ︾ ᠪᠠᠷ ᠳᠠᠮᠵᠢᠭᠤᠯᠤᠨ ᠠᠵᠢᠯ ᠣᠯᠭᠤᠬᠤ ᠶᠢ ᠪᠡᠶᠡᠯᠡᠭᠦᠯᠪᠡ᠃    ︽ᠲᠦᠴᠢᠦᠸᠠᠨ ᠳᠤ ᠨᠤᠲᠤᠭᠰᠢᠭᠰᠠᠨ ᠠᠴᠠ ᠨᠠᠭᠠᠰᠢ᠂ ᠪᠢᠳᠡ ᠲᠦᠴᠢᠦᠸᠠᠨ ᠰᠢᠶᠠᠨ ᠤ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠵᠦ᠂ ᠲᠤᠬᠠᠢ ᠶᠢᠨ ᠭᠠᠵᠠᠷ ᠤᠨ ᠲᠦᠭᠦᠬᠡᠢ ᠮᠠᠲ᠋ᠧᠷᠢᠶᠠᠯ ᠢ ᠡᠳ᠋ᠰᠢᠭᠦᠯᠬᠦ᠂ ᠪᠠᠷᠠᠭᠠᠨ ᠤ ᠭᠦᠢᠯᠭᠡᠭᠡ ᠵᠥᠭᠡᠭᠡᠪᠦᠷᠢ ᠵᠡᠷᠭᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠬᠦᠴᠦᠲᠡᠢ ᠠᠬᠢᠭᠤᠯᠪᠠ᠃ ᠡᠭᠦᠨ  ᠤ ᠬᠠᠮᠲᠤ᠂ ᠲᠦᠴᠢᠦᠸᠠᠨ ᠪᠢᠳᠡᠨ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠢᠯ ᠣᠯᠭᠤᠯᠲᠠ ᠶᠢᠨ ᠰᠢᠯᠢᠳᠡᠭ ᠦᠶᠯᠡᠴᠢᠯᠡᠭᠡ ᠬᠠᠩᠭᠠᠵᠤ᠂ ᠣᠳᠣᠬᠠᠨ ᠳᠤ ᠨᠢᠭᠡᠨᠲᠡ ᠪᠢᠳᠡᠨ ᠳᠤ 1200 ᠬᠥᠮᠦᠨ ᠤᠳᠠᠭ᠎ᠠ ᠶᠢᠨ ᠠᠵᠢᠯ ᠣᠯᠤᠭᠰᠠᠳ ᠢ ᠬᠠᠩᠭᠠᠭᠰᠠᠨ ᠪᠠᠶᠢᠨ᠎ᠠ᠃︾ ᠭᠡᠵᠦ ᠪᠡᠭᠡᠵᠢᠩ ᠤᠨ ᠬᠠᠨ ᠵᠢᠶᠠᠨ ᠾᠧ ᠱᠠᠨ ᠬᠤᠭᠤᠯᠠᠶ ᠶᠢᠨ ᠦᠶᠯᠡᠰ  ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠸᠠᠩ ᠯᠢ ᠹᠧᠩ ᠬᠡᠯᠡᠪᠡ᠃    ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠶᠯᠡᠴᠢᠯᠡᠭᠡᠨ ᠤ ᠬᠠᠮᠵᠢᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠭᠰᠠᠨ ᠠᠴᠠ ᠨᠠᠭᠠᠰᠢ᠂ ᠬᠤᠶᠠᠷ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠮᠠᠭᠲᠠ ᠨᠢᠭᠲᠠ ᠬᠠᠷᠢᠯᠴᠠᠵᠤ᠂ ᠪᠥᠬᠦ ᠲᠠᠯ᠎ᠠ ᠶᠢᠨ᠂ ᠣᠯᠠᠨ ᠬᠦᠷᠢᠶᠡᠨ ᠤ᠂ ᠭᠦᠨ ᠳᠠᠪᠬᠤᠷᠭ᠎ᠠ ᠶᠢᠨ ᠬᠥᠳᠡᠯᠮᠦᠷᠢ ᠦᠶᠯᠡᠴᠢᠯᠡᠭᠡᠨ ᠤ ᠬᠠᠮᠵᠢᠯᠴᠠᠭ᠎ᠠ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠪᠠ᠃ ᠣᠳᠣᠬᠠᠨ ᠪᠣᠯᠲᠠᠯ᠎ᠠ᠂ ᠲᠦᠴᠢᠦᠸᠠᠨ ᠰᠢᠶᠠᠨ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠶᠯᠡᠴᠢᠯᠡᠭᠡᠨ ᠤ ᠬᠠᠮᠵᠢᠯᠴᠠᠭ᠎ᠠ ᠪᠠᠷ ᠳᠡᠮᠵᠢᠨ ᠪᠡᠭᠡᠵᠢᠩ ᠪᠣᠯᠤᠨ ᠣᠶᠢᠷ᠎ᠠ ᠬᠠᠪᠢ ᠶᠢᠨ ᠲᠤᠬᠠᠶ ᠶᠢᠨ ᠭᠠᠵᠠᠷ ᠲᠠᠭᠠᠨ ᠰᠢᠯᠵᠢᠭᠰᠡᠨ ᠬᠥᠳᠡᠯᠮᠦᠷᠢ ᠬᠦᠴᠦ ᠵᠢᠯ ᠳᠤᠮᠳᠠᠴᠢ ᠪᠠᠷ 3000 ᠭᠠᠷᠤᠶ ᠬᠥᠮᠦᠨ ᠤᠳᠠᠭ᠎ᠠ ᠳᠤ ᠬᠦᠷᠴᠦ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠶᠯᠡᠴᠢᠯᠡᠭᠡᠨ ᠤ ᠬᠠᠮᠵᠢᠯᠴᠠᠭ᠎ᠠ ᠪᠠᠷ ᠳᠡᠮᠵᠢᠨ ᠲᠤᠰᠬᠠᠶ ᠠᠵᠢᠯᠲᠠᠨ ᠡᠯᠰᠡᠬᠦ ᠬᠤᠷᠠᠯ ᠬᠤᠷᠠᠯᠳᠤᠭᠤᠯᠵᠤ᠂ ᠨᠡᠶᠢᠲᠡ 3 ᠲᠦᠮᠡ ᠭᠠᠷᠤᠶ ᠠᠵᠢᠯ ᠤᠨ ᠪᠠᠶᠢᠷᠢ ᠬᠠᠩᠭᠠᠵᠤ᠂ ᠬᠥᠳᠡᠯᠮᠦᠷᠢᠴᠢᠳ ᠲᠤ ᠨᠠᠩ ᠣᠯᠠᠨ ᠠᠵᠢᠯ ᠤᠯᠬᠤ ᠲᠣᠬᠢᠶᠠᠯ ᠬᠠᠩᠭᠠᠭᠰᠠᠨ ᠪᠠᠶᠢᠨ᠎ᠠ᠃    ᠣᠳᠣᠬᠠᠨ ᠤ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠠᠵᠢᠯ ᠣᠯᠭᠤᠯᠲᠠ ᠶᠢᠨ ᠪᠠᠶᠢᠳᠠᠯ ᠤᠨ ᠡᠮᠦᠨ᠎ᠡ᠂ ᠲᠦᠴᠢᠦᠸᠠᠨ ᠰᠢᠶᠠᠨ ᠪᠠᠰᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠦᠶᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ᠂ ᠰᠤᠯᠠ ᠠᠵᠢᠯ ᠤᠨ ᠵᠠᠬ᠎ᠠ ᠳᠡᠯᠭᠡᠭᠦᠷ ᠪᠠ ᠰᠤᠯᠠ ᠠᠵᠢᠯ ᠤᠨ ᠥᠷᠲᠡᠭᠡ ᠪᠠᠶᠢᠭᠤᠯᠬᠤ ᠵᠡᠷᠭᠡ ᠣᠯᠠᠨ ᠵᠦᠶᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠳᠡᠯᠮᠦᠷᠢᠴᠢᠳ ᠲᠤ ᠨᠠᠩ ᠣᠯᠠᠨ ᠠᠵᠢᠯ ᠤᠯᠬᠤ ᠲᠣᠬᠢᠶᠠᠯ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠬᠠᠩᠭᠠᠵᠤ᠂ ᠰᠢᠶᠠᠨ ᠤ ᠬᠡᠪᠴᠢᠶᠡᠨ ᠤ ᠠᠵᠤ ᠠᠬᠤᠶ  ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠲᠦᠰᠢᠭ ᠲᠤᠯᠭᠠᠭᠤᠷᠢ ᠬᠠᠩᠭᠠᠭᠰᠠᠨ ᠪᠠᠶᠢᠨ᠎ᠠ᠃    ᠲᠦᠴᠢᠦᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠶᠯᠡᠴᠢᠯᠡᠭᠡᠨ  ᠤ ᠲᠥᠪ ᠤᠨ ᠳᠡᠳ᠋ ᠡᠷᠬᠢᠯᠡᠭᠴᠢ ᠬᠤ᠋ ᠴᠢᠩ ᠬᠤᠸᠠ ᠲᠠᠨᠢᠯᠴᠠᠭᠤᠯᠬᠤ ᠳᠠᠭᠠᠨ᠄ ︽ᠲᠠᠷᠠᠭᠠᠴᠢ ᠶᠢᠨ ᠠᠯᠬᠤᠮ ᠳᠤ᠂ ᠲᠦᠴᠢᠦᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠦᠶᠯᠡᠴᠢᠯᠡᠭᠡ ᠶᠢ ᠰᠢᠯᠢᠳᠡᠭᠵᠢᠭᠦᠯᠬᠦ᠂ ᠭᠤᠤᠯᠳᠠᠯᠭ᠎ᠠ ᠲᠠᠢ ᠪᠠᠲᠤᠯᠠᠬᠤ ᠳᠡᠭᠡᠷ᠎ᠡ ᠬᠦᠴᠦ ᠲᠠᠯᠪᠢᠵᠤ᠂ ᠠᠵᠢᠯ ᠣᠯᠭᠤᠯᠲᠠ ᠶᠢᠨ ᠮᠡᠳᠡᠭᠡ ᠵᠠᠩᠭᠢ᠂ ᠬᠠᠪᠰᠤᠷᠤᠨ ᠲᠡᠳᠬᠦᠬᠦ ᠲᠣᠭᠲᠠᠴᠠ ᠵᠡᠷᠭᠡ ᠡᠯ᠎ᠡ ᠵᠦᠶᠯ ᠤᠨ ᠦᠶᠯᠡᠴᠢᠯᠡᠭᠡ ᠶᠢ ᠬᠦᠴᠦᠯᠡᠨ ᠰᠠᠶᠢᠲᠤᠷ ᠬᠢᠵᠦ᠂ ᠣᠯᠠᠨ ᠲᠦᠮᠡᠨ ᠤ ᠪᠠᠴᠢᠮ ᠲᠤᠯᠭᠠᠮ᠂ ᠬᠦᠴᠢᠷ᠂ ᠵᠣᠪᠠᠨᠢᠯ᠂ ᠬᠦᠰᠡᠯ ᠡᠷᠡᠮᠡᠯᠵᠡᠯ ᠤᠨ ᠠᠰᠠᠭᠤᠳᠠᠯ ᠢ ᠰᠡᠳᠬᠢᠯ ᠳᠡᠯᠪᠢᠨ ᠰᠠᠶᠢᠲᠤᠷ ᠰᠢᠶᠳᠪᠦᠷᠢᠯᠡᠵᠦ᠂ ᠠᠵᠢᠯ ᠣᠯᠭᠤᠯᠲᠠ ᠶᠢᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ︾ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号