ᠬᠢᠩᠭᠠᠨ ᠠᠶᠢᠮᠠᠭ ᠤᠨ ᠵᠠᠬᠢᠷᠭ᠎ᠠ ᠪᠣᠯᠤᠨ ᠮᠠ ᠢ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/8/9
   8 ᠰᠠᠷ᠎ᠠ ᠶᠢᠨ 1 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠨᠢ ᠮᠠ ᠢ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠢᠦᠢ ᠵᠢᠢ ᠱᠦᠨ ᠮᠠ ᠢ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠦᠷᠭᠦᠯᠵᠢᠯᠡᠬᠦ ᠬᠥᠭᠵᠢᠯᠲᠡ ᠶᠢᠨ ᠬᠡᠯᠲᠡᠰ ᠤᠨ ᠳᠡᠳ᠋ ᠶᠡᠷᠦᠩᠬᠡᠢ ᠵᠠᠬᠢᠷᠤᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠯᠲᠡᠰ ᠤᠨ ᠶᠡᠷᠦᠩᠬᠡᠢ ᠳᠠᠭᠠᠭᠠᠮᠠᠯ ᠵᠦ ᠰᠢᠶᠤᠤ ᠯᠸᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠮᠠ ᠢ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ᠪᠣᠯᠤᠨ ᠮᠠ ᠢ ᠪᠦᠯᠦᠭᠯᠡᠯ ᠤᠨ ᠬᠠᠮᠲᠤᠷᠠᠯᠴᠠᠭ᠎ᠠ ᠲᠠᠰᠤᠷᠠᠯᠳᠡ ᠦᠭᠡᠢ ᠭᠦᠨᠵᠡᠭᠡᠶᠢᠷᠡᠵᠦ᠂ ᠣᠷᠣᠨ ᠨᠤᠲᠤᠭ ᠠᠵᠤ ᠠᠬᠤᠶᠢᠯᠠᠯ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢᠨ ᠦᠷ᠎ᠡ ᠪᠦᠲᠦᠮᠵᠢ ᠮᠡᠳᠡᠭᠳᠡᠮ᠎ᠡ ᠪᠣᠯᠪᠠ᠃ ᠬᠤᠶᠠᠷ ᠲᠠᠯ᠎ᠠ ᠪᠠᠷ ᠢᠶᠠᠨ ᠨᠢᠭᠲᠠ ᠬᠠᠷᠢᠯᠴᠠᠭ᠎ᠠ ᠪᠠᠨ ᠪᠠᠲᠤᠯᠠᠵᠤ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ ᠪᠠᠷ ᠰᠢᠨ᠎ᠡ ᠶᠢ ᠡᠭᠦᠳᠴᠦ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠠ᠂ ᠬᠠᠮᠲᠤᠷᠠᠯᠴᠠᠭᠠᠨ ᠤ ᠬᠦᠷᠢᠶ᠎ᠡ ᠪᠠᠨ ᠲᠠᠰᠤᠷᠠᠯᠳᠠ ᠦᠭᠡᠢ ᠥᠷᠭᠡᠳᠬᠡᠵᠦ᠂ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠤᠢ ᠪᠣᠯᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠵᠦ ᠰᠢᠶᠤᠤ ᠯᠸᠢ ᠮᠠ ᠢ ᠪᠦᠯᠦᠭᠯᠡᠯ ᠤᠨ ᠬᠢᠩᠭᠠᠨ ᠠᠶᠢᠮᠠᠭ ᠲᠠᠬᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠮᠠ ᠢ ᠪᠦᠯᠦᠭᠯᠡᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠮᠢ ᠠᠬᠤᠢ ᠶᠢᠨ ᠬᠠᠮᠠᠭᠠᠯᠠᠯᠲᠠ᠂ ᠰᠣᠶᠣᠯ ᠵᠤᠭᠠᠴᠠᠯ ᠤᠨ ᠳᠡᠯᠭᠡᠷᠡᠭᠦᠯᠦᠯᠲᠡ᠂ ᠲᠦᠭᠡᠮᠡᠯ ᠬᠠᠷᠠᠭᠠᠯᠵᠠᠯᠳᠤ ᠮᠥᠩᠭᠦᠨ ᠭᠦᠢᠯᠭᠡᠭᠡ᠂ ᠨᠡᠶᠢᠲᠡ ᠶᠢᠨ ᠠᠰᠠᠷᠠᠮᠵᠢ ᠶᠢᠨ ᠶᠠᠳᠠᠭᠤ ᠬᠦᠴᠢᠷᠳᠡᠯᠲᠡᠢ ᠪᠠᠶᠢᠳᠠᠯ ᠳᠤ ᠪᠤᠴᠠᠬᠤ ᠶᠢ ᠰᠡᠷᠭᠡᠶᠢᠯᠡᠬᠦ ᠵᠡᠷᠭᠡ ᠬᠦᠷᠢᠶᠡᠨ ᠤ ᠲᠣᠭᠤᠷᠢᠨ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠵᠢᠱᠢᠶ᠎ᠡ ᠦᠵᠡᠭᠦᠯᠬᠦ ᠬᠡᠪ ᠵᠠᠭᠪᠤᠷ ᠢ ᠬᠠᠮᠲᠤᠪᠠᠷ ᠡᠭᠦᠳᠴᠦ᠂ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号