ᠵᠢᠦ ᠯᠦᠩ ᠰᠢᠶᠠᠩ ︽ᠠᠨᠠᠷ ᠴᠡᠴᠡᠭ ᠲᠡᠯᠭᠡᠷᠡᠵᠦ ᠰᠡᠳᠬᠢᠯ ᠵᠢᠷᠦᠬᠡ ᠨᠠᠮ ᠳᠠᠭᠠᠨ ᠬᠠᠨᠳᠤᠵᠤ ᠬᠠᠷᠢᠯᠴᠠᠨ ᠰᠢᠭᠢᠳᠬᠡᠨ ᠬᠠᠮᠲᠤ ᠪᠠᠷ ᠪᠠᠶᠢᠭᠤᠯᠵᠤ ᠨᠠᠮ ᠤᠨ ᠠᠴᠢ ᠶᠢ ᠮᠠᠭᠲᠠᠨ ᠳᠠᠭᠤᠯᠠᠬᠤ︾ ᠵᠢᠴᠢ ︽ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ︾ ᠲᠤᠰᠬᠠᠶ ᠲᠠᠯᠠᠪᠤᠷ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/1
   ᠪᠦᠬᠦ ᠰᠢᠶᠠᠩ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠣᠶᠣᠯ ᠤᠨ ᠰᠣᠯᠢᠯᠴᠠᠭ᠎ᠠ ᠶᠢ ᠲᠠᠰᠤᠷᠠᠯᠳᠠ ᠦᠭᠡᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ᠥᠷᠭᠡᠨ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠤᠢᠢᠷ᠎ᠠ  ᠶᠢᠨ ᠡᠳᠦᠷ᠂ ᠵᠢᠦ ᠯᠢᠩ ᠰᠢᠶᠠᠩ ᠤᠨ ᠬᠢᠨ ᠭᠢᠷᠢᠨ ᠮᠤᠵᠢ ᠶᠢᠨ ᠲᠤᠤᠨᠠᠨ ᠬᠤᠳᠠ ᠶᠢᠨ ᠠᠨᠱᠠᠨ ᠲᠣᠰᠬᠤᠨ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠢ ᠤᠷᠢᠵᠤ ᠬᠠᠮᠲᠤ ᠪᠠᠷ ᠵᠢᠦ ᠯᠦᠩ ᠰᠢᠶᠠᠩ ᠤᠨ ᠵᠢᠦ ᠹᠦ᠋ ᠲᠣᠰᠬᠤᠨ ᠳᠤ ᠬᠦᠷᠴᠦ ︽ᠠᠨᠠᠷ ᠴᠡᠴᠡᠭ ᠲᠡᠯᠭᠡᠷᠡᠵᠦ ᠰᠡᠳᠬᠢᠯ ᠵᠢᠷᠦᠬᠡ ᠨᠠᠮ ᠳᠠᠭᠠᠨ ᠬᠠᠨᠳᠤᠵᠤ ᠬᠠᠷᠢᠯᠴᠠᠨ ᠰᠢᠭᠢᠳᠬᠡᠨ ᠬᠠᠮᠲᠤ  ᠪᠠᠷ ᠪᠠᠶᠢᠭᠤᠯᠵᠤ ᠨᠠᠮ ᠤᠨ ᠠᠴᠢ ᠶᠢ ᠮᠠᠭᠲᠠᠨ ᠳᠠᠭᠤᠯᠠᠬᠤ︾ ᠵᠢᠴᠢ ︽ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ︾ ᠲᠤᠰᠬᠠᠢ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠳᠤ ᠭᠤᠶᠢᠳᠠ ᠰᠠᠶᠢᠬᠠᠨ ︽ᠤᠳᠬ᠎ᠠ ᠤᠷᠠᠯᠢᠭ ᠤᠨ ᠦᠪᠡᠳᠡᠭᠰᠢ ᠨᠠᠶᠢᠷ︾ ᠢ ᠠᠪᠴᠢᠷᠠᠵᠤ ᠥᠭᠪᠡ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠭᠤᠤᠯ ᠰᠡᠳᠦᠪ ᠲᠣᠳᠣᠷᠬᠠᠶ᠂ ᠬᠡᠯᠪᠡᠷᠢ ᠣᠯᠠᠨ ᠶᠠᠩᠵᠤ ᠶᠢᠨ ᠤᠳᠬ᠎ᠠ ᠤᠷᠠᠯᠢᠭ ᠤᠨ ᠪᠦᠲᠦᠭᠡᠯ ᠨᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠲᠠᠢ ᠪᠦᠲᠦᠮᠵᠢᠲᠡᠶ ᠠᠭᠤᠰᠤᠯᠴᠠᠵᠤ᠂ ᠴᠠᠭ ᠠᠭᠤᠷ ᠤᠨ ᠮᠡᠳᠡᠯᠭᠡ ᠪᠠ ᠠᠶᠤᠯ ᠠᠴᠠ ᠵᠠᠶᠢᠯᠠᠬᠤ ᠶᠡᠷᠦ ᠶᠢᠨ ᠮᠡᠳᠡᠯᠭᠡ ᠶᠢ ᠲᠦᠭ ᠲᠦᠮᠡᠨ ᠠᠶᠢᠯ ᠡᠷᠦᠬᠡ ᠳᠤ ᠬᠦᠷᠭᠡᠪᠡ᠃ ᠤᠯᠠᠨ ᠤ ᠴᠢᠬᠢᠨ ᠳᠤ ᠬᠠᠳᠠᠩᠰᠢᠭᠰᠠᠨ ᠰᠣᠩᠭᠤᠳᠠᠭ ᠳᠠᠭᠤᠤ᠂ ᠬᠤᠶᠠᠷ ᠤᠲᠠᠰᠤᠲᠤ ᠬᠤᠭᠤᠷ᠂ ᠱᠤᠭ ᠵᠦᠴᠦᠭᠡ᠂ ᠡᠯ ᠷᠧᠨ ᠵᠤᠸᠠᠨ ᠵᠦᠴᠦᠭᠡ᠂ ᠶᠠᠩᠭᠠᠷ ᠳᠠᠭᠤᠤ ᠵᠡᠷᠭᠡ ᠶᠢ ᠵᠠᠯᠭᠠᠪᠠᠷ ᠲᠤᠭᠯᠠᠵᠤ᠂ ᠤᠯᠠᠨ ᠲᠦᠮᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠥᠷᠭᠡᠨ ᠤᠯᠠᠨ ᠲᠦᠮᠡᠨ ᠤ ᠰᠡᠳᠬᠢᠯ ᠳᠤ ᠬᠦᠷᠭᠡᠵᠡᠢ᠃
   ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠭᠡᠰᠢᠭᠦᠳ ᠪᠣᠯᠤᠨ ᠠᠨᠱᠠᠨ ᠲᠣᠰᠬᠤᠨ ᠠᠴᠠ ᠢᠷᠡᠭᠰᠡᠨ ᠣᠯᠠᠨ ᠲᠦᠮᠡᠨ ᠣᠷᠭᠢᠯᠤᠮ᠎ᠠ ᠬᠠᠯᠠᠭᠤᠨ ᠰᠡᠳᠬᠢᠯᠭᠡ ᠪᠠ ᠭᠤᠶᠢᠳᠠ ᠰᠠᠶᠢᠬᠠᠨ ᠤᠷ᠎ᠠ ᠮᠡᠷᠭᠡᠵᠢᠯ ᠢᠶᠠᠷ ᠠᠷᠠᠳ ᠣᠯᠠᠨ ᠤ ᠬᠠᠯᠠᠭᠤᠨ ᠠᠯᠠᠭ᠎ᠠ ᠲᠠᠰᠢᠯᠲᠠ ᠪᠠ ᠴᠢᠩ ᠰᠡᠳᠬᠢᠯ ᠤᠨ ᠮᠠᠭᠲᠠᠭᠠᠯ ᠰᠠᠶᠢᠰᠢᠶᠠᠯ ᠢ ᠤᠯᠪᠠ᠃ ᠲᠠᠳᠠ ᠪᠣᠳᠠᠲᠤ ᠠᠵᠢᠯᠯᠠᠭ᠎ᠠ ᠪᠠᠷ ᠢᠶᠠᠨ ᠰᠣᠶᠣᠯ ᠤᠨ ᠷᠢᠳᠢ ᠰᠢᠳᠢ ᠶᠢ ᠢᠯᠡᠷᠡᠭᠦᠯᠵᠦ᠂ ᠠᠵᠢᠯᠯᠠᠭ᠎ᠠ ᠶᠢ ᠦᠨᠡᠨ ᠬᠦ ᠣᠯᠠᠨ ᠲᠦᠮᠡᠨ  ᠲᠠᠢ ᠣᠶᠢᠷᠠᠲᠤᠵᠤ᠂ ᠣᠯᠠᠨ ᠲᠦᠮᠡᠨ ᠳᠤ ᠦᠶᠯᠡᠴᠢᠯᠡᠬᠦ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠪᠠ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠰᠠᠶᠢᠨ ᠳᠤᠷᠠᠴᠤᠳ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠲᠤᠬᠠᠶ ᠶᠢᠨ ᠲᠠᠯᠠᠪᠤᠷ ᠲᠤ ᠪᠠᠶᠢᠭ᠎ᠠ ᠣᠯᠠᠨ ᠲᠦᠮᠡᠨ ᠳᠤ ᠡᠷᠡᠭᠦᠯ ᠰᠠᠷᠠᠭᠤᠯ ᠠᠮᠢᠳᠤᠷᠠᠯ᠂ ᠳᠡᠷᠭᠡᠳᠡᠬᠢ ᠰᠢᠨᠵᠢᠯᠡᠬᠦ ᠤᠬᠠᠭᠠᠨ᠂ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠠᠮᠢᠳᠤᠷᠠᠯ ᠤᠨ ᠶᠡᠷᠦ  ᠶᠢᠨ ᠮᠡᠳᠡᠯᠭᠡ ᠶᠢ ᠤᠬᠠᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠣᠯᠠᠨ ᠲᠦᠮᠡᠨ ᠤ ᠳᠡᠷᠭᠡᠳᠡ ᠬᠦᠷᠭᠡᠵᠡᠶ᠃    ᠲᠠᠷᠠᠭᠠᠴᠢ ᠶᠢᠨ ᠠᠯᠬᠤᠮ ᠳᠤ᠂ ᠵᠢᠦ ᠯᠦᠩ ᠰᠢᠶᠠᠩ ᠬᠡᠯᠪᠡᠷᠢ ᠪᠠ ᠠᠭᠤᠯᠭ᠎ᠠ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ ᠡᠭᠦᠳᠴᠦ᠂ ᠴᠠᠭ ᠠᠭᠤᠷ ᠤᠨ ᠰᠢᠨᠵᠢᠯᠡᠬᠦ ᠤᠬᠠᠭᠠᠨ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠠᠮᠢᠳᠤᠷᠠᠯ ᠤᠨ ᠮᠡᠳᠡᠯᠭᠡ ᠶᠢ ᠦᠨᠡᠨ ᠬᠦ ᠤᠬᠠᠭᠤᠯᠤᠨ ᠲᠦᠭᠡᠮᠡᠯᠵᠢᠭᠦᠯᠵᠦ᠂ ᠥᠷᠭᠡᠨ ᠣᠯᠠᠨ ᠲᠦᠮᠡᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠣᠯᠠᠨ ᠳᠤ ᠨᠠᠩ ᠣᠯᠠᠨ ᠭᠤᠶᠢᠳᠠ ᠰᠠᠶᠢᠬᠠᠨ ᠪᠣᠳᠠᠲᠤ ᠠᠰᠢᠭ ᠬᠦᠷᠲᠡᠭᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号