ᠲᠦᠴᠢᠦᠸᠠᠨ ᠰᠢᠶᠠᠨ ︽ᠬᠢᠴᠢᠶᠡᠯ ᠠᠴᠠ ᠡᠮᠦᠨ᠎ᠡ ᠵᠢᠭᠠᠠᠬᠤ ᠮᠠᠲ᠋ᠧᠷᠢᠶᠠᠯ ᠢ ᠰᠤᠷᠤᠭᠴᠢ ᠶᠢᠨ ᠭᠠᠷ ᠲᠤ ᠬᠦᠷᠭᠡᠬᠦ︾ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ
ᠨᠡᠶᠢᠲᠡᠯᠡᠭᠰᠡᠨ ᠴᠠᠭ᠄
2024/9/1
   ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠲᠠᠰᠢᠷᠠᠮ ᠢᠶᠠᠷ᠂ ᠲᠦᠴᠢᠦᠸᠠᠨ ᠰᠢᠶᠠᠨ ᠤ ᠰᠢᠨᠬᠤᠸᠠ ᠨᠣᠮ  ᠤᠨ ᠳᠡᠯᠭᠡᠭᠦᠷ ᠮᠠᠰᠢ ᠶᠠᠭᠠᠷᠠᠯᠲᠠᠢ ᠠᠵᠢᠯᠯᠠᠵᠤ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠵᠢᠭᠠᠬᠤ ᠮᠠᠲ᠋ᠧᠷᠢᠶᠠᠯ ᠢ ᠨᠥᠭᠡᠴᠡᠯᠡᠵᠦ ᠲᠤᠬᠢᠷᠠᠭᠤᠯᠤᠨ ᠬᠦᠷᠭᠡᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ  ᠶᠢᠨ ᠲᠥᠯᠥᠭᠡ᠂ ᠰᠢᠨᠬᠤᠸᠠ ᠨᠣᠮ ᠤᠨ ᠳᠡᠯᠭᠡᠭᠦᠷ ᠡᠯ᠎ᠡ ᠲᠠᠯ᠎ᠠ ᠶᠢᠨ ᠬᠢᠨ ᠲᠠᠢ ᠢᠳᠡᠪᠬᠢᠲᠡᠢ ᠬᠠᠷᠢᠯᠴᠠᠵᠤ᠂ ᠰᠤᠷᠭᠠᠭᠤᠯᠢ ᠡᠬᠢᠯᠡᠬᠦ ᠴᠠᠭ ᠬᠤᠭᠤᠴᠠᠭ᠎ᠠ ᠶᠢ ᠠᠩᠬᠠᠷᠴᠤ᠂ ᠨᠣᠮ ᠬᠦᠷᠭᠡᠬᠦ ᠬᠡᠷᠡᠭᠴᠡᠭᠡ ᠶᠢ ᠣᠶᠢᠯᠠᠭᠠᠵᠤ᠂ ᠢᠳᠡᠪᠬᠢᠲᠡᠢ ᠪᠠᠶᠢᠷᠢᠯᠠᠭᠤᠯᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠵᠢᠭᠠᠬᠤ ᠮᠠᠲ᠋ᠧᠷᠢᠶᠠᠯ ᠢ ᠲᠤᠬᠢᠷᠠᠭᠤᠯᠤᠨ ᠬᠦᠷᠭᠡᠬᠦ ᠪᠡᠯᠡᠳᠬᠡᠯ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ︽ᠬᠢᠴᠢᠶᠡᠯ ᠠᠴᠠ ᠡᠮᠦᠨ᠎ᠡ ᠵᠢᠭᠠᠠᠬᠤ ᠮᠠᠲ᠋ᠧᠷᠢᠶᠠᠯ ᠢ ᠰᠤᠷᠤᠭᠴᠢ ᠶᠢᠨ ᠭᠠᠷ ᠲᠤ ᠬᠦᠷᠭᠡᠬᠦ︾ ᠶᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃
   ᠥᠷᠯᠥᠭᠡ ᠡᠷᠲᠡ ᠰᠤᠷᠪᠤᠯᠵᠢᠯᠠᠭᠴᠢ ᠠᠴᠠ ᠲᠦᠴᠢᠦᠸᠠᠨ ᠰᠢᠶᠠᠨ ᠤ ᠰᠢᠨᠬᠤᠸᠠ ᠨᠣᠮ ᠤᠨ ᠳᠡᠯᠭᠡᠭᠦᠷ ᠤᠨ ᠬᠠᠳᠠᠭᠠᠯᠠᠮᠵᠢ ᠶᠢᠨ ᠬᠥᠮᠥᠷᠭᠡ ᠳᠤ ᠣᠯᠵᠤ ᠦᠵᠡᠭᠰᠡᠨ ᠢᠶᠠᠷ᠂ ᠠᠵᠢᠯᠲᠠᠳ ᠨᠣᠮ ᠪᠢᠴᠢᠭ ᠵᠥᠭᠡᠭᠡᠪᠦᠷᠢᠯᠡᠬᠦ᠂ ᠬᠠᠷᠭᠤᠭᠤᠯᠬᠤ᠂ ᠲᠥᠷᠥᠯ ᠬᠤᠪᠢᠶᠠᠬᠤ ᠠᠵᠢᠯ ᠢ ᠶᠠᠭᠠᠷᠠᠯᠲᠠᠶ ᠪᠥᠭᠡᠳ ᠡᠮᠬᠢ ᠵᠢᠷᠤᠮ ᠲᠠᠢ ᠬᠢᠵᠦ ᠪᠠᠶᠢᠨ᠎ᠠ᠃ ᠰᠤᠷᠪᠤᠯᠵᠢᠯᠠᠭᠴᠢ ᠵᠥᠭᠡᠭᠡᠪᠦᠷᠢᠯᠡᠭᠴᠢ ᠶᠢ ᠳᠠᠭᠠᠵᠤ ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠵᠡᠷᠭᠡ ᠰᠤᠷᠭᠠᠭᠤᠯᠢ ᠳᠤ ᠬᠦᠷᠴᠦ ᠵᠢᠭᠠᠬᠤ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ᠂ ᠲᠡᠷᠭᠡ ᠠᠴᠠ ᠪᠠᠭᠤᠯᠭᠠᠵᠤ ᠲᠤᠭ᠎ᠠ ᠬᠡᠮᠵᠢᠶ᠎ᠡ ᠶᠢ ᠲᠣᠭᠠᠯᠠᠨ ᠪᠦᠷᠢᠳᠬᠡᠬᠦ ᠶᠢᠨ ᠬᠠᠮᠲᠤ ᠡᠯ᠎ᠡ ᠰᠤᠷᠭᠠᠭᠤᠯᠢ ᠶᠢᠨ ᠱᠠᠭᠠᠷᠳᠠᠯᠭ᠎ᠠ ᠶᠣᠰᠣᠭᠠᠷ ᠲᠠᠯᠪᠢᠵᠤ᠂ ᠪᠠᠭᠰᠢ ᠰᠤᠷᠤᠭᠴᠢᠳ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠳᠤ ᠬᠡᠷᠡᠭᠯᠡᠬᠦ ᠨᠣᠮ ᠤᠨ ᠬᠡᠷᠡᠭᠴᠡᠭᠡ ᠶᠢ ᠪᠠᠲᠤᠯᠠᠪᠠ᠃
   ︽ᠵᠢᠭᠠᠬᠤ ᠮᠠᠲ᠋ᠧᠷᠢᠶᠠᠯ ᠶᠠᠭ ᠴᠠᠭ ᠲᠠᠭᠠᠨ ᠢᠷᠡᠵᠠᠢ᠂ ᠡᠨᠡ ᠨᠢ ᠮᠠᠨ ᠤ ᠪᠠᠭᠰᠢ ᠴᠠᠭ ᠲᠤᠬᠠᠢ ᠳᠤᠨᠢ ᠠᠵᠢᠯᠯᠠᠵᠤ᠂ ᠬᠢᠴᠢᠶᠡᠯ ᠤᠨ ᠪᠢᠴᠢᠭ ᠢᠶᠠᠨ ᠤᠷᠢᠳᠴᠢᠯᠠᠨ ᠣᠶᠢᠯᠠᠭᠠᠬᠤ ᠶᠢ ᠪᠠᠲᠤᠯᠠᠪᠠ᠂ 9 ᠰᠠᠷ᠎ᠠ ᠶᠢᠨ 1 ᠤ ᠡᠳᠦᠷ᠂ ᠡᠳᠡᠭᠡᠷ ᠨᠣᠮ ᠨᠢ ᠪᠠᠰᠠ ᠴᠠᠭ ᠲᠤᠬᠠᠢ ᠳᠤᠨᠢ ᠰᠤᠷᠤᠭᠴᠢᠳ ᠤᠨ ᠭᠠᠷ ᠲᠤ ᠬᠦᠷᠭᠡᠵᠦ ᠴᠢᠳᠠᠨ᠎ᠠ᠂ ᠡᠨᠡ ᠨᠢ ᠰᠢᠨᠬᠤᠸᠠ ᠨᠣᠮ ᠤᠨ ᠳᠡᠯᠭᠡᠭᠦᠷ ᠤᠨ ᠬᠢᠨ ᠤ ᠪᠢᠳᠡᠨ ᠳᠤ ᠴᠠᠭ ᠲᠤᠬᠠᠢ ᠳᠤᠨᠢ ᠲᠤᠬᠢᠷᠠᠭᠤᠯᠤᠨ ᠬᠦᠷᠭᠡᠭᠰᠡᠨ ᠳᠤ ᠲᠠᠯᠠᠷᠬᠠᠬᠤ ᠶᠣᠰᠣᠲᠠᠢ᠃ 》 ᠭᠡᠵᠦ ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠵᠠᠩ ᠰᠢᠤᠸᠠᠢ ᠶᠢᠩ ᠬᠡᠯᠡᠪᠡ᠃
   ᠡᠳ᠋ ᠪᠠᠷᠠᠭᠠᠨ ᠤ ᠭᠦᠶᠯᠭᠡᠭᠡ ᠠᠴᠠ ᠪᠠᠷᠠᠭ᠎ᠠ ᠵᠥᠭᠡᠭᠡᠪᠦᠷᠢᠯᠡᠬᠦ ᠳᠤ ᠬᠦᠷᠲᠡᠯ᠎ᠡ ᠲᠥᠷᠥᠯ ᠬᠤᠪᠢᠶᠠᠨ ᠡᠮᠬᠢᠯᠡᠵᠦ᠂ ᠲᠤᠭ᠎ᠠ ᠬᠡᠮᠵᠢᠶ᠎ᠡ ᠶᠢ ᠲᠣᠭᠠᠯᠠᠨ ᠪᠦᠷᠢᠳᠬᠡᠵᠦ᠂ ᠪᠣᠭᠤᠳᠠᠯ ᠪᠠᠭᠯᠠᠭ᠎ᠠ ᠶᠢ ᠲᠣᠭᠠᠯᠠᠨ ᠪᠦᠷᠢᠳᠬᠡᠵᠦ᠂ ᠳᠠᠬᠢᠨ ᠬᠤᠪᠢᠶᠠᠨ ᠪᠣᠭᠤᠳᠠᠯᠯᠠᠵᠤ ᠬᠥᠮᠥᠷᠭᠡ ᠠᠴᠠ ᠭᠠᠷᠭᠠᠬᠤ ᠬᠦᠷᠲᠡᠯ᠎ᠡ᠂ ᠭᠤᠭᠴᠤᠭ᠎ᠠ ᠨᠢᠭᠡᠪᠦᠷᠢ ᠳᠤ ᠴᠥᠮ ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ ᠭᠠᠷᠭᠠᠵᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠬᠤ ᠶᠢᠨ ᠬᠠᠮᠲᠤ ᠡᠯ᠎ᠡ ᠰᠤᠷᠭᠠᠭᠤᠯᠢ ᠲᠠᠢ ᠨᠢᠭᠲᠠ ᠬᠠᠮᠵᠢᠯᠴᠠᠨ᠂ ᠳᠣᠭᠢᠷᠠᠭᠤᠯᠤᠨ ᠬᠦᠷᠭᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠰᠤᠷᠭᠠᠭᠤᠯᠢ ᠡᠬᠢᠯᠡᠬᠦ ᠳᠤ ᠭᠦᠶᠴᠡᠳ ᠪᠡᠯᠡᠳᠬᠡᠯ ᠬᠢᠵᠦ᠂ ᠪᠠᠭᠰᠢ ᠰᠤᠷᠤᠭᠴᠢᠳ ᠤᠨ ᠴᠠᠭ ᠲᠤᠬᠠᠶ ᠳᠤᠨᠢ ᠰᠢᠨ᠎ᠡ ᠵᠢᠭᠠᠬᠤ ᠮᠠᠲ᠋ᠧᠷᠢᠶᠠᠯ ᠤᠯᠬᠤ ᠶᠢ ᠦᠨᠡᠨ ᠬᠦ ᠪᠠᠲᠤᠯᠠᠪᠠ᠃
   ᠲᠦᠴᠢᠦᠸᠠᠨ ᠰᠢᠶᠠᠨ ᠤ ᠰᠢᠨᠬᠤᠸᠠ ᠨᠣᠮ ᠤᠨ ᠳᠡᠯᠭᠡᠭᠦᠷ ᠤᠨ ᠳᠠᠭᠠᠭᠠᠮᠠᠯ ᠯᠢ ᠵᠢᠶᠤᠤ᠄ ︽ᠡᠨᠡ ᠵᠢᠯ ᠵᠢᠭᠠᠬᠤ ᠮᠠᠲ᠋ᠧᠷᠢᠶᠠᠯ ᠤᠨ ᠬᠡᠪᠯᠡᠯ ᠢ ᠦᠭᠡᠷᠡᠴᠢᠯᠡᠵᠦ᠂ ᠬᠠᠩᠭᠠᠯᠭ᠎ᠠ ᠶᠢᠨ ᠬᠡᠯᠪᠡᠷᠢ ᠶᠢ ᠬᠤᠶᠢᠰᠢᠯᠠᠭᠤᠯᠬᠤ ᠠᠴᠠ ᠪᠣᠯᠵᠣ᠂ ᠲᠦᠴᠢᠦᠸᠠᠨ ᠰᠢᠶᠠᠨ ᠤ ᠰᠢᠨᠬᠤᠸᠠ ᠨᠣᠮ ᠤᠨ ᠳᠡᠯᠭᠡᠭᠦᠷ ︿ᠬᠤᠶᠠᠷ ᠵᠦᠶᠯ ᠤᠨ ᠰᠤᠷᠭᠠᠨ ᠬᠥᠮᠦᠵᠢᠯ﹀ ᠤᠨ ᠲᠠᠷᠬᠠᠭᠠᠯᠲᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠵᠡᠷᠭᠡ ᠠᠷᠭ᠎ᠠ ᠬᠡᠮᠵᠢᠶ᠎ᠡ ᠶᠢ ᠤᠷᠢᠳᠴᠢᠯᠠᠨ ᠲᠣᠭᠲᠠᠭᠠᠵᠤ᠂ ︿ᠬᠤᠶᠠᠷ ᠵᠦᠶᠯ ᠤᠨ ᠰᠤᠷᠭᠠᠨ ᠬᠥᠮᠦᠵᠢᠯ﹀ ᠤᠨ ᠲᠠᠷᠬᠠᠭᠠᠯᠲᠠ ᠶᠢᠨ ᠠᠵᠢᠯ ᠢ ᠡᠮᠬᠢ ᠴᠡᠭᠴᠡ ᠲᠠᠢ ᠳᠥᠯᠭᠢᠨ ᠠᠬᠢᠭᠤᠯᠵᠤ ᠪᠠᠶᠢᠨ᠎ᠠ᠂ ᠣᠳᠣᠬᠠᠨ ᠳᠤ᠂ ᠲᠦᠴᠢᠦᠸᠠᠨ ᠰᠢᠶᠠᠨ ᠤ ᠰᠢᠨᠬᠤᠸᠠ ᠨᠣᠮ ᠤᠨ ᠳᠡᠯᠭᠡᠭᠦᠷ ᠤᠨ ︿ᠬᠤᠶᠠᠷ ᠵᠦᠶᠯ ᠤᠨ ᠰᠤᠷᠭᠠᠨ ᠬᠥᠮᠦᠵᠢᠯ﹀ ᠤᠨ ᠪᠠᠷᠠᠭ᠎ᠠ ᠢᠷᠡᠭᠰᠡᠨ ᠨᠣᠷᠮ᠎ᠠ 96 % ᠠᠴᠠ ᠳᠡᠭᠡᠭᠰᠢ ᠳᠤ ᠬᠦᠷᠴᠦ᠂ ᠵᠢᠭᠠᠬᠤ ᠮᠠᠲ᠋ᠧᠷᠢᠶᠠᠯ ᠤᠨ ᠴᠠᠭ ᠲᠤᠬᠠᠶ ᠳᠤᠨᠢ ᠬᠦᠷᠭᠡᠵᠦ᠂ ᠳᠠᠷᠤᠶ ᠬᠤᠪᠢᠳᠠᠬᠤ ᠶᠢ ᠪᠠᠲᠤᠯᠠᠵᠤ᠂ ︿ᠬᠢᠴᠢᠶᠡᠯ ᠠᠴᠠ ᠡᠮᠦᠨ᠎ᠡ ᠵᠢᠭᠠᠠᠬᠤ ᠮᠠᠲ᠋ᠧᠷᠢᠶᠠᠯ ᠢ ᠰᠤᠷᠤᠭᠴᠢ ᠶᠢᠨ ᠭᠠᠷ ᠲᠤ ᠬᠦᠷᠭᠡᠬᠦ﹀︾ ᠶᠢ ᠪᠠᠳᠤᠯᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号