ᠯᠢᠦ ᠬᠣ᠋ ᠪᠠᠯᠭᠠᠰᠤ ᠬᠠᠷᠢᠯᠴᠠᠨ ᠪᠠᠶᠢᠴᠠᠭᠠᠵᠤ ᠬᠠᠷᠢᠯᠴᠠᠨ ᠠᠳᠠᠯᠢᠳᠬᠠᠵᠦ ᠳᠤᠲᠠᠭᠤᠳᠠᠯ ᠢᠶᠠᠨ ᠨᠥᠬᠦᠪᠥᠷᠢᠯᠡᠵᠦ ᠬᠠᠷᠢᠯᠴᠠᠨ ᠰᠤᠷᠤᠯᠴᠠᠵᠤ ᠬᠠᠷᠢᠯᠴᠠᠨ ᠲᠤᠯᠢᠳᠠᠵᠦ ᠲᠡᠭᠡᠭᠰᠢᠯᠡᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/9/10
   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠬᠢᠵᠢᠭᠦᠯᠵᠦ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠷᠠᠳ ᠤᠨ ᠲᠥᠯᠥᠭᠡ ᠠᠵᠢᠯ ᠶᠠᠪᠤᠳᠠᠯ ᠭᠦᠶᠴᠡᠳᠬᠡᠬᠦ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ ᠶᠢᠨ ᠲᠥᠯᠥᠭᠡ᠂ ᠯᠢᠦ ᠬᠣ᠋ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ︽ᠬᠠᠷᠢᠯᠴᠠᠨ ᠪᠠᠶᠢᠴᠠᠭᠠᠬᠤ ᠬᠠᠷᠢᠯᠴᠠᠨ ᠠᠳᠠᠯᠢᠳᠬᠠᠬᠤ ᠬᠠᠷᠢᠯᠴᠠᠨ ᠰᠤᠷᠤᠯᠴᠠᠬᠤ ᠬᠠᠷᠢᠯᠴᠠᠨ ᠲᠣᠯᠢᠯᠠᠬᠤ︾ ᠠᠵᠢᠯᠯᠠᠭ᠎ᠠ ᠶᠢ ᠥᠷᠨᠢᠭᠦᠯᠵᠦ᠂ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠣᠯᠠᠨ ᠲᠦᠮᠡᠨ ᠳᠤ ᠦᠶᠯᠡᠴᠢᠯᠡᠨ᠂ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ᠃
   ᠪᠦᠭᠦᠳᠡᠭᠡᠷ ᠣᠷᠣᠯᠴᠠᠵᠤ᠂ ᠬᠠᠮᠵᠢᠯᠴᠠᠬᠤ ᠠᠶ᠎ᠠ ᠶᠢ ᠬᠥᠭᠵᠢᠮᠳᠡᠨ᠎ᠡ᠃ ᠯᠢᠦ ᠬᠣ᠋ ᠪᠠᠯᠭᠠᠰᠤ ︽ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠰᠠᠶᠢᠵᠢᠷᠠᠭᠤᠯᠬᠤ᠂ ᠶᠡᠬᠡᠪᠡᠷ ᠳᠡᠭᠡᠭᠰᠢᠯᠡᠭᠦᠯᠬᠦ︾ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠠᠵᠢᠯ ᠤᠨ ᠲᠣᠬᠢᠷᠠᠭᠤᠯᠤᠯᠲᠠ ᠪᠠ ᠭᠤᠤᠯᠳᠠᠯᠭ᠎ᠠ ᠶᠢ ᠴᠢᠬᠤᠯᠠᠴᠢᠯᠠᠪᠠ᠃ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠵᠡᠷᠭᠡ ᠪᠥᠬᠦ ᠭᠡᠰᠢᠭᠦᠳ ᠣᠷᠣᠯᠴᠠᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠪᠥᠬᠦ ᠰᠡᠳᠭᠢᠯ ᠢᠶᠠᠷ ᠴᠢᠷᠮᠠᠶᠢᠨ᠂ ᠭᠤᠷᠪᠠᠨ ᠡᠭᠡᠯᠵᠢ ᠶᠢᠨ ᠰᠤᠷᠪᠤᠯᠵᠢᠯᠠᠭ᠎ᠠ᠂ ᠬᠤᠶᠠᠷ ᠡᠭᠡᠯᠵᠢ  ᠶᠢᠨ ᠪᠠᠶᠢᠴᠠᠭᠠᠯᠲᠠ᠂ ᠨᠢᠭᠡ ᠡᠭᠡᠯᠵᠢ ᠶᠢᠨ ᠴᠡᠭᠴᠡᠯᠡᠨ ᠵᠠᠰᠠᠯᠲᠠ ᠶᠢ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠤ ᠡᠯ᠎ᠡ ᠵᠦᠶᠯ ᠤᠨ ᠠᠵᠢᠯ ᠢ ᠦᠨᠡᠨ ᠬᠦ ᠨᠠᠷᠢᠯᠢᠭ ᠨᠠᠶᠢᠳᠠᠪᠤᠷᠢᠵᠢᠭᠤᠯᠵᠤ᠂ ᠴᠢᠩᠭ᠎ᠠ ᠠᠳᠬᠤᠨ ᠪᠣᠳᠠᠲᠠᠶ ᠠᠳᠬᠤᠵᠤ᠂ ᠪᠣᠳᠠᠲᠠᠶ ᠦᠷ᠎ᠡ ᠪᠦᠲᠦᠮᠵᠢ ᠭᠠᠷᠭᠠᠨ᠎ᠠ᠃ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠲᠦᠷᠦᠭᠦᠯᠡᠨ᠂ ᠳᠠᠭᠠᠭᠠᠴᠢᠯᠠᠭᠰᠠᠨ ᠲᠣᠰᠬᠤᠨ ᠤ ᠬᠤᠣᠰ ᠱᠦᠵᠢ ᠶᠢ ᠰᠤᠷᠪᠤᠯᠵᠢᠯᠠᠵᠤ᠂ ᠪᠤᠰᠤᠳ ᠬᠡᠰᠡᠭ ᠲᠣᠭᠤᠷᠢᠭ ᠤᠨ ᠬᠤᠣᠰ ᠱᠦᠵᠢ ᠶᠢ ᠰᠣᠯᠪᠢᠴᠠᠭᠤᠯᠤᠨ ᠰᠤᠷᠪᠤᠯᠵᠢᠯᠠᠵᠤ᠂ ᠰᠤᠷᠪᠤᠯᠵᠢᠯᠠᠬᠤ ᠳᠤᠭᠤᠶᠢᠯᠠᠩ ᠪᠠᠶᠢᠭᠤᠯᠵᠤ ᠨᠢᠭᠤᠷᠲᠠᠨ ᠨᠢᠭᠡᠳ ᠨᠢᠭᠡ ᠪᠠᠷ ᠰᠤᠷᠪᠤᠯᠵᠢᠯᠠᠵᠤ᠂ ᠬᠤᠣᠰ ᠱᠦᠵᠢ ᠶᠢᠨ ᠰᠤᠷᠪᠤᠯᠵᠢᠯᠠᠬᠤ ᠴᠢᠳᠠᠪᠤᠷᠢ ᠪᠠ ᠰᠣᠯᠢᠯᠴᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠤᠨ ᠲᠤᠰᠬᠠᠶ ᠮᠡᠷᠭᠡᠵᠢᠯ ᠤᠨ ᠠᠵᠢᠯᠲᠠᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠺᠠᠳ᠋ᠷ ᠵᠡᠷᠭᠡ ᠪᠠᠷ ᠪᠦᠷᠢᠯᠳᠦᠭᠰᠡᠨ ᠭᠤᠷᠪᠠᠨ ᠳᠤᠭᠤᠶᠢᠯᠠᠩ ᠤᠨ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠰᠣᠯᠪᠢᠴᠠᠨ ᠲᠣᠰᠬᠤᠨ ᠳᠤ ᠬᠦᠷᠴᠦ ᠡᠷᠦᠬᠡ ᠳᠤ ᠣᠷᠣᠵᠤ᠂ ᠪᠣᠳᠠᠲᠤ ᠪᠠᠶᠢᠳᠠᠯ ᠢ ᠣᠶᠢᠯᠠᠭᠠᠵᠤ᠂ ᠲᠥᠷᠥ ᠶᠢᠨ ᠪᠣᠳᠣᠯᠭ᠎ᠠ ᠶᠢ ᠶᠠᠷᠢᠵᠤ᠂ ᠠᠰᠠᠭᠤᠳᠠᠯ ᠢ ᠪᠠᠲᠤᠯᠠᠵᠤ᠂ ᠮᠠᠳᠠᠭ ᠲᠠᠢ ᠠᠰᠠᠭᠤᠳᠠᠯ ᠢ ᠰᠢᠶᠳᠪᠦᠷᠢᠯᠡᠨ᠎ᠡ᠃ ︽ᠬᠤᠶᠠᠷ ᠵᠥᠪᠯᠡᠯ︾ ᠤᠨ ᠪᠦᠷᠢᠯᠳᠦᠬᠦᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠤᠨ ᠡᠷᠦᠬᠡ  ᠳᠤ ᠣᠷᠣᠵᠤ ᠰᠤᠷᠪᠤᠯᠵᠢᠯᠠᠬᠤ ᠶᠢ ᠬᠥᠲᠥᠯᠥᠨ ᠳᠠᠭᠠᠭᠤᠯᠵᠤ᠂ ᠣᠯᠠᠨ ᠲᠦᠮᠡᠨ ᠯᠦᠭᠡ ᠶᠢᠨ ᠬᠠᠷᠢᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠬᠥᠲᠥᠯᠥᠨ ᠳᠠᠭᠠᠭᠤᠯᠬᠤ ᠴᠢᠳᠠᠪᠤᠷᠢ ᠪᠠᠨ ᠳᠡᠭᠡᠭᠰᠢᠯᠡᠭᠦᠯᠪᠡ᠃ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠠᠰᠢᠷᠠᠮ  ᠢᠶᠠᠷ ᠬᠢᠨᠠᠨ ᠪᠠᠶᠢᠴᠠᠭᠠᠵᠤ᠂ ᠠᠵᠢᠯ ᠤᠨ ᠦᠷ᠎ᠡ ᠪᠦᠲᠦᠮᠵᠢ ᠶᠢ ᠪᠠᠲᠤᠳᠬᠠᠨ᠎ᠠ᠃
   ᠪᠦᠬᠦ ᠲᠠᠯ᠎ᠠ ᠪᠠᠷ ᠪᠠᠶᠢᠴᠠᠭᠠᠯᠲᠠ ᠬᠢᠵᠦ᠂ ᠬᠠᠮ ᠨᠢᠳᠤᠷᠭ᠎ᠠ ᠶᠢ ᠰᠠᠶᠢᠲᠤᠷ ᠬᠢᠨ᠎ᠡ᠃ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠡᠷᠦᠬᠡ ᠳᠤ ᠣᠷᠣᠵᠤ ︽ᠦᠵᠡᠬᠦ︾᠂ ︽ᠬᠠᠷᠭᠤᠭᠤᠯᠬᠤ︾᠂ ︽ᠠᠰᠠᠭᠤᠬᠤ︾᠂ ︽ᠶᠠᠷᠢᠬᠤ︾ ᠵᠡᠷᠭᠡ ᠪᠠᠷ ᠣᠯᠠᠨ ᠲᠦᠮᠡᠨ ᠤ ᠦᠨᠳᠦᠰᠦᠨ ᠪᠠᠶᠢᠳᠠᠯ ᠢ ᠲᠤᠶᠢᠯᠪᠤᠷᠢᠲᠠᠶ ᠣᠶᠢᠯᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠪᠥᠬᠦ ᠲᠠᠯ᠎ᠠ ᠶᠢᠨ  ᠪᠠᠶᠢᠴᠠᠭᠠᠯᠲᠠ ᠬᠢᠪᠠ᠃ ᠦᠵᠡᠬᠦ ᠨᠢ᠂ ᠣᠯᠠᠨ ᠲᠦᠮᠡᠨ ᠤ ᠭᠡᠷ᠂ ᠤᠰᠤ᠂ ᠵᠣᠷᠯᠣᠩ᠂ ᠢᠯᠡ ᠺᠠᠷᠲ᠂ ᠭᠡᠷ ᠤᠨ ᠠᠷᠢᠭᠤᠨ ᠴᠡᠪᠡᠷ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠱᠠᠭᠠᠷᠳᠠᠯᠭ᠎ᠠ ᠳᠤ ᠨᠡᠢᠴᠡᠬᠦ ᠡᠰᠡᠬᠦ ᠶᠢ ᠦᠵᠡᠨ᠎ᠡ᠃ ᠬᠠᠷᠭᠤᠭᠤᠯᠬᠤ ᠨᠢ᠂ ᠣᠯᠠᠨ ᠲᠦᠮᠡᠨ  ᠲᠠᠢ ᠨᠢᠭᠡᠳ ᠨᠢᠭᠡ ᠪᠠᠷ ᠣᠷᠣᠯᠭ᠎ᠠ ᠶᠢ ᠬᠢᠨᠠᠨ ᠬᠠᠷᠭᠤᠭᠤᠯᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠭᠥᠷᠳᠡᠵᠦ ᠪᠠᠶᠢᠭ᠎ᠠ ᠪᠠᠶᠢᠳᠠᠯ᠂ ᠡᠷᠦᠬᠡ ᠳᠤ ᠬᠦᠷᠬᠦ ᠠᠵᠤ ᠦᠶᠯᠡᠰ ᠤᠨ ᠬᠥᠭᠵᠢᠯᠲᠡ ᠶᠢᠨ ᠪᠠᠶᠢᠳᠠᠯ᠂ ᠬᠡᠷ ᠪᠦᠯᠢ ᠶᠢᠨ ᠪᠦᠷᠢᠯᠳᠦᠬᠦᠨ ᠤ ᠭᠠᠳᠠᠭᠰᠢ ᠭᠠᠷᠴᠤ ᠬᠦᠴᠦ ᠶᠠᠪᠤᠵᠤ ᠪᠠᠶᠢᠭ᠎ᠠ ᠪᠠᠶᠢᠳᠠᠯ ᠢ ᠬᠠᠷᠭᠤᠭᠤᠯᠤᠨ᠎ᠠ᠃ ᠠᠰᠠᠭᠤᠬᠤ ᠨᠢ᠂ ᠣᠯᠠᠨ ᠲᠦᠮᠡᠨ ᠠᠴᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠳᠤ ᠬᠠᠨᠤᠮᠵᠢᠲᠠᠶ ᠪᠠᠶᠢᠬᠤ ᠡᠰᠡᠬᠦ᠂ ᠲᠣᠰᠬᠤᠨ  ᠤ ᠡᠮᠴᠢ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠡᠰᠡᠬᠦ᠂ ᠠᠵᠤ ᠦᠶᠯᠡᠰ ᠤᠨ ᠵᠢᠭᠠᠨ ᠵᠢᠯᠣᠭᠤᠳᠣᠭᠴᠢ ᠡᠷᠦᠬᠡ  ᠳᠤ ᠬᠦᠷᠴᠦ ᠵᠢᠭᠠᠨ ᠵᠢᠯᠣᠭᠤᠳᠤᠭᠰᠠᠨ ᠡᠰᠡᠬᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ ᠵᠢᠴᠢ ᠬᠠᠨᠤᠮᠵᠢᠲᠠᠶ ᠡᠰᠡᠬᠦ ᠶᠢ ᠯᠠᠪᠯᠠᠨ ᠠᠰᠠᠭᠤᠨ᠎ᠠ᠃ ᠨᠠᠭᠠᠬᠤ᠂ ᠭᠤᠤᠯᠳᠠᠯᠭ᠎ᠠ  ᠲᠠᠢ ᠬᠥᠮᠦᠰ ᠤᠨ ᠡᠷᠦᠬᠡ ᠳᠤ ᠣᠷᠣᠵᠤ ︽ᠨᠠᠮ ᠤᠨ ᠠᠴᠢ ᠳᠤ ᠲᠠᠯᠠᠷᠬᠠᠵᠤ ᠠᠷᠠᠳ ᠲᠤ ᠠᠰᠢᠭ ᠬᠦᠷᠲᠡᠭᠡᠬᠦ ᠺᠠᠷᠲ ︾ ᠨᠠᠭᠠᠵᠤ᠂ ᠣᠯᠠᠨ ᠲᠦᠮᠡᠨ ᠳᠤ ᠠᠰᠢᠭ ᠲᠤᠰᠠ ᠬᠠᠮᠢᠭ᠎ᠠ ᠠᠴᠠ ᠢᠷᠡᠭᠰᠡᠨ᠂ ᠠᠰᠢᠭ ᠲᠤᠰᠠ ᠬᠠᠮᠢᠭ᠎ᠠ ᠪᠠᠶᠢᠬᠤ᠂ ᠠᠰᠢᠭ ᠲᠤᠰᠠ ᠬᠡᠳᠦᠶ ᠪᠠᠶᠢᠬᠤ᠂ ᠬᠡᠨ ᠳᠤ ᠲᠠᠯᠠᠷᠬᠠᠬᠤ ᠶᠢ ᠮᠡᠳᠡᠭᠦᠯᠦᠨ᠎ᠡ᠃ ᠶᠠᠷᠢᠬᠤ ᠨᠢ᠂ ᠣᠯᠠᠨ ᠲᠦᠮᠡᠨ ᠳᠤ ᠭᠤᠷᠪᠠᠨ ᠶᠠᠪᠤᠳᠠᠯ ᠢ ᠢᠯᠡ ᠪᠣᠯᠭᠠᠬᠤ ︽ᠨᠢᠭᠡ ᠲᠣᠰᠬᠤᠨ ᠨᠢᠭᠡ ᠨᠣᠮᠧᠷ︾ ᠢ ᠤᠬᠠᠭᠤᠯᠤᠨ᠂ ᠢᠯᠡ ᠪᠣᠯᠭᠠᠬᠤ ᠠᠭᠤᠯᠭ᠎ᠠ ᠶᠢ ᠣᠯᠠᠨ ᠲᠦᠮᠡᠨ ᠳᠤ ᠴᠠᠭ ᠲᠤᠬᠠᠶ ᠳᠤᠨᠢ ᠪᠠᠶᠢᠴᠠᠭᠠᠨ ᠦᠵᠡᠭᠦᠯᠵᠦ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠨ᠂ ᠣᠯᠠᠨ ᠲᠦᠮᠡᠨ ᠤ ᠲᠣᠰᠬᠤᠨ ᠤ ᠱᠠᠲᠤᠨ ᠤ ᠬᠡᠷᠡᠭ ᠶᠠᠪᠤᠳᠠᠯ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃    ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠢᠵᠢᠯ ᠲᠥᠪᠲᠦ ᠲᠣᠭᠤᠷᠢᠭ ᠢ ᠰᠠᠶᠢᠲᠤᠷ ᠵᠢᠷᠤᠨ᠎ᠠ᠃ ᠬᠠᠷᠢᠯᠴᠠᠨ ᠪᠠᠶᠢᠴᠠᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠠᠰᠠᠭᠤᠳᠠᠯ ᠤᠨ ᠨᠠᠷᠢᠨ ᠲᠠᠩᠰᠠ ᠶᠢ ᠪᠦᠷᠢᠯᠳᠦᠭᠦᠯᠵᠦ ᠡᠯ᠎ᠡ ᠲᠣᠰᠬᠤᠨ ᠳᠤ ᠬᠠᠷᠢᠭᠤ ᠲᠤᠰᠬᠠᠵᠤ᠂ ᠰᠤᠷᠪᠤᠯᠵᠢᠯᠠᠨ ᠶᠠᠷᠢᠯᠴᠠᠭᠰᠠᠨ ᠪᠠᠶᠢᠳᠠᠯ ᠲᠠᠢ ᠬᠠᠮᠲᠤᠷᠠᠨ ᠵᠢᠭᠰᠠᠭᠠᠵᠤ᠂ ᠡᠮᠦᠨᠡᠬᠢ ᠶᠢ ᠮᠠᠭᠲᠠᠨ ᠰᠠᠶᠢᠰᠢᠶᠠᠵᠤ᠂ ᠬᠤᠶᠢᠨᠠᠬᠢ ᠶᠢ ᠤᠷᠮᠠᠰᠢᠭᠤᠯᠤᠨ᠎ᠠ᠃ ᠰᠡᠳᠬᠢᠯ ᠤᠨ ᠦᠭᠡ ᠪᠠᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢ ᠵᠣᠬᠢᠶᠠᠨ ᠪᠠᠶᠢᠭᠤᠯᠤᠨ ᠣᠯᠤᠯᠲᠠ ᠪᠠᠨ ᠶᠠᠷᠢᠯᠴᠠᠵᠤ᠂ ᠦᠰᠦᠨ ᠪᠣᠶᠢᠵᠢᠯᠲᠠ ᠪᠠᠨ ᠶᠠᠷᠢᠵᠤ᠂ ᠣᠪᠣᠷ ᠢᠶᠠᠨ ᠢᠯᠡᠳᠬᠡᠵᠦ᠂ ᠢᠷᠡᠭᠡᠳᠦᠶ ᠪᠠᠨ ᠶᠠᠷᠢᠵᠤ᠂ ᠰᠢᠯᠢᠳᠡᠭ ᠢ ᠨᠢ ᠦᠵᠡᠵᠦ ᠨᠢᠭᠡᠳᠦᠯᠲᠡᠶ ᠪᠠᠶᠢᠬᠤ᠂ ᠬᠥᠭᠡᠭᠡᠵᠦ ᠭᠦᠶᠴᠡᠨ ᠳᠠᠪᠠᠵᠤ ᠭᠠᠷᠬᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠲᠣᠰᠬᠤᠨ ᠤ ᠱᠠᠲᠤᠨ ᠳᠤ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠪᠠᠶᠢᠭᠤᠯᠵᠤ᠂ ᠴᠠᠭ ᠬᠤᠭᠤᠴᠠᠭ᠎ᠠ ᠶᠢ ᠲᠣᠳᠣᠷᠬᠠᠶᠢᠯᠠᠨ᠂ ᠳ᠋ᠤᠭᠠᠷ ᠢ ᠨᠢ ᠬᠦᠴᠦᠨ ᠦᠭᠡᠶ ᠪᠣᠯᠭᠠᠵᠤ ᠰᠢᠶᠳᠪᠦᠷᠢᠯᠡᠬᠦ ᠬᠡᠷᠡᠭᠲᠡᠶ᠃ ᠲᠣᠰᠬᠤᠨ ᠤ ᠱᠠᠲᠤᠨ ᠤ ᠰᠢᠶᠳᠪᠦᠷᠢᠯᠡᠵᠦ ᠳᠡᠢᠯᠬᠦ ᠦᠭᠡᠢ ᠠᠰᠠᠭᠤᠳᠠᠯ ᠢ ᠭᠤᠷᠪᠠᠨ ᠱᠦᠵᠢ ᠨᠢᠭᠤᠷᠳᠠᠨ ᠶᠠᠷᠢᠯᠴᠠᠵᠤ᠂ ᠡᠯ᠎ᠡ ᠥᠷᠲᠡᠭᠡ ᠭᠠᠵᠠᠷ ᠤᠨ ᠬᠢᠨ ᠬᠦᠴᠦ ᠪᠠᠨ ᠬᠠᠮᠲᠤᠳᠬᠠᠨ ᠬᠠᠮᠵᠢᠯᠴᠠᠵᠤ᠂ ᠠᠷᠭ᠎ᠠ ᠬᠡᠮᠵᠢᠶ᠎ᠡ ᠶᠢ ᠦᠨᠡᠨ ᠬᠦ ᠨᠠᠢᠳᠠᠪᠤᠷᠢᠵᠢᠭᠤᠯᠬᠤ᠂ ᠳᠠᠯᠳᠠ ᠭᠡᠮ ᠢ ᠠᠷᠢᠯᠭᠠᠵᠤ᠂ ᠣᠯᠠᠨ ᠲᠦᠮᠡᠨ ᠤ ᠬᠠᠨᠤᠮᠵᠢ  ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠡᠷᠬᠢᠨ ᠬᠠᠷᠠᠬᠤ ︾ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠲᠦᠷᠦᠭᠦᠯᠡᠨ᠂ ᠨᠢᠭᠡᠨᠲᠡ ᠰᠢᠶᠳᠪᠦᠷᠢᠯᠡᠭᠰᠡᠨ ᠠᠰᠠᠭᠤᠳᠠᠯ ᠢ ᠡᠷᠦᠬᠡ ᠳᠤ ᠬᠦᠷᠴᠦ ᠬᠠᠷᠭᠤᠭᠤᠯᠤᠨ ᠪᠠᠶᠢᠴᠠᠭᠠᠵᠤ᠂ ᠬᠤᠶᠢᠰᠢᠳᠠ ᠶᠢᠨ ᠵᠣᠪᠠᠨᠢᠯ ᠢ ᠨᠢ ᠦᠨᠡᠨ ᠬᠦ ᠰᠢᠶᠳᠪᠦᠷᠢᠯᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号