ᠬᠤᠶᠠᠷ ᠰᠠᠯᠠᠭ᠎ᠠ ᠮᠥᠴᠢᠷ ᠤᠨ ᠬᠢᠨ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠳᠤ ᠬᠤᠯᠪᠣᠭᠳᠠᠬᠤ ᠮᠡᠳᠡᠭᠳᠡᠯ ᠳᠠᠷᠤᠮᠠᠯᠯᠠᠨ ᠲᠠᠷᠬᠠᠭᠠᠪᠠ︕
ᠨᠡᠶᠢᠲᠡᠯᠡᠭᠰᠡᠨ ᠴᠠᠭ᠄
2024/9/10
   ᠣᠶᠢᠷ᠎ᠠ ᠳᠤ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ︽ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠳᠠᠷᠤᠮᠠᠯᠯᠠᠨ ᠲᠠᠷᠬᠠᠭᠠᠪᠠ᠃    ︽ᠮᠡᠳᠡᠭᠳᠡᠯ︾ ᠳᠤ᠂ ᠢᠯᠡ ᠪᠠᠷ ᠠᠵᠢᠯᠲᠠᠨ ᠡᠯᠰᠡᠬᠦ ᠠᠵᠢᠯ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠵᠢᠯ ᠢ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠢ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠣᠷᠣᠨ ᠨᠤᠲᠤᠭ᠂ ᠰᠠᠯᠠᠭ᠎ᠠ ᠮᠥᠴᠢᠷ ᠤᠨ ᠨᠢᠭᠡᠳᠦᠯᠲᠡᠶ ᠵᠣᠬᠢᠶᠠᠨ ᠪᠠᠶᠢᠭᠤᠯᠬᠤ ᠬᠢᠭᠡᠳ ᠠᠵᠢᠯ ᠦᠢᠯᠡᠰ ᠤᠨ ᠨᠢᠭᠡᠴᠡ ᠶᠢᠨ ᠪᠡᠶ᠎ᠡ ᠪᠠᠨ ᠳᠠᠭᠠᠭᠠᠵᠤ ᠵᠣᠬᠢᠶᠠᠨ ᠪᠠᠶᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠵᠢᠯᠲᠠᠨ ᠡᠯᠰᠡᠬᠦ ᠠᠵᠢᠯ ᠬᠡᠲᠦ ᠲᠠᠷᠠᠬᠠᠶ ᠪᠤᠲᠠᠷᠬᠠᠶ  ᠪᠠᠶᠢᠬᠤ ᠠᠴᠠ ᠪᠣᠯᠤᠭᠰᠠᠨ ᠠᠰᠠᠭᠤᠳᠠᠯ ᠢ ᠰᠡᠷᠭᠡᠶᠢᠯᠡᠨ ᠰᠢᠢᠳᠪᠦᠷᠢᠯᠡᠬᠦ ᠬᠡᠷᠡᠭᠲᠡᠶ᠃ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠨᠡᠯᠢᠶᠡᠳ ᠳᠤᠤᠷ᠎ᠠ ᠲᠠᠰ ᠤᠨ ᠠᠵᠢᠯ ᠤᠨ ᠪᠠᠶᠢᠷᠢ ᠶᠢ ᠵᠠᠷᠴᠢᠮ ᠳᠡᠭᠡᠷ᠎ᠡ ᠪᠠᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠥᠪᠯᠡᠷᠡᠭᠦᠯᠦᠨ ᠵᠣᠬᠢᠶᠠᠨ ᠪᠠᠶᠢᠭᠤᠯᠵᠤ ᠢᠯᠡ ᠪᠠᠷ ᠡᠯᠰᠡᠬᠦ ᠪᠠ ᠣᠷᠣᠨ ᠨᠤᠲᠤᠭ ᠤᠨ ᠠᠵᠢᠯ ᠦᠢᠯᠡᠰ ᠤᠨ ᠨᠢᠭᠡᠴᠡ ᠱᠠᠲᠤ ᠲᠠᠰ ᠬᠤᠪᠢᠶᠠᠵᠤ᠂ ᠲᠥᠷᠥᠯ ᠢᠯᠭᠠᠯ ᠬᠤᠪᠢᠶᠠᠨ ᠨᠢᠭᠡᠳᠦᠯᠲᠡᠶ ᠵᠣᠬᠢᠶᠠᠨ ᠪᠠᠶᠢᠭᠤᠯᠵᠤ ᠢᠯᠡ ᠪᠠᠷ ᠡᠯᠰᠡᠬᠦ ᠶᠢ ᠲᠤᠳᠤᠷᠬᠠᠶᠢᠯᠠᠬᠤ ᠬᠡᠷᠡᠭᠳᠡᠢ ᠃ ᠡᠭᠦᠨ ᠤ ᠵᠡᠷᠭᠡ ᠳᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠵᠢᠴᠢ ᠨᠡᠶᠢᠭᠡᠮ ᠨᠡᠶᠢᠲᠡ ᠳᠤ ᠬᠠᠨᠳᠤᠭᠤᠯᠤᠬᠰᠠᠨ ᠨᠡᠯᠢᠶᠡᠳ ᠶᠡᠭᠡ ᠬᠡᠪᠴᠢᠶ᠎ᠡ ᠪᠥᠬᠦᠶ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠪᠤᠰᠤᠳ ᠠᠵᠢᠯ ᠦᠢᠯᠡᠰ ᠤᠨ ᠨᠢᠭᠡᠴᠡ ᠨᠢ ᠲᠣᠭᠲᠠᠭᠠᠯ ᠶᠣᠰᠣᠭᠠᠷ ᠪᠡᠶ᠎ᠡ ᠪᠠᠨ ᠳᠠᠭᠠᠭᠠᠵᠤ ᠵᠣᠬᠢᠶᠠᠨ ᠪᠠᠶᠢᠭᠤᠯᠤᠨ ᠢᠯᠡ ᠪᠠᠷ ᠡᠯᠰᠡᠵᠦ ᠪᠣᠯᠤᠨ᠎ᠠ ᠭᠡᠵᠦ ᠱᠠᠭᠠᠷᠳᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号