ᠨᠣᠬᠠᠢ ᠶᠢᠨ ᠬᠤᠰᠢᠭᠤ ᠲᠠᠷᠢᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2024/9/11
   ᠨᠣᠬᠠᠢ ᠶᠢᠨ ᠬᠤᠰᠢᠭᠤ ᠪᠣᠯ ᠨᠢᠭᠡ ᠵᠦᠢᠯ ᠤᠨ ᠨᠢᠭᠡ ᠨᠠᠰᠤᠲᠤ ᠦᠶᠡᠲᠦ ᠤᠷᠭᠤᠮᠠᠯ ᠤᠨ ᠢᠵᠠᠭᠤᠷ ᠤᠨ ᠲᠡᠵᠢᠭᠡᠯ ᠡᠪᠡᠰᠦ ᠪᠠᠶᠢᠵᠤ᠂ ᠲᠠᠴᠢᠷ ᠨᠢᠮᠭᠡᠨ᠂ ᠭᠠᠩ ᠬᠠᠭᠤᠷᠠᠢ ᠬᠦᠢᠲᠡᠨ ᠳᠤ ᠨᠡᠯᠢᠶᠡᠳ ᠲᠡᠰᠪᠦᠷᠢᠳᠡᠢ ᠪᠠᠶᠢᠳᠠᠭ᠂ ᠪᠤᠭᠤᠳᠠᠢ ᠶᠢᠨ ᠲᠥᠷᠥᠯ ᠳᠤ ᠬᠠᠮᠤᠭ ᠤᠨ ᠬᠦᠢᠲᠡᠨ ᠢ ᠳᠠᠭᠠᠭᠠᠳᠠᠭ ᠡᠭᠦᠯᠳᠡᠷ ᠪᠠᠶᠢᠵᠤ᠂ ᠬᠠᠭᠤᠷᠠᠢ ᠡᠪᠡᠰᠦ᠂ ᠨᠤᠭᠤᠭᠠᠨ ᠳᠠᠷᠤᠰᠢ ᠲᠡᠵᠢᠭᠡᠯ ᠡᠪᠡᠰᠦ ᠬᠢᠬᠦ ᠳᠤ ᠲᠣᠬᠢᠷᠠᠮᠵᠢᠲᠠᠢ᠂ ᠤᠮᠠᠷᠠᠲᠤ ᠣᠷᠣᠨ ᠳᠤ ᠦᠬᠡᠷ ᠬᠤᠨᠢ ᠲᠡᠵᠢᠭᠡᠨ ᠦᠷᠡᠵᠢᠭᠦᠯᠬᠦ ᠳᠤ ᠰᠠᠶᠢᠨ ᠴᠢᠨᠠᠷ ᠤᠨ ᠳᠡᠭᠡᠳᠦ ᠳᠡᠰ ᠤᠨ ᠲᠡᠵᠢᠭᠡᠯ ᠡᠪᠡᠰᠦ ᠪᠣᠯᠣᠨ᠎ᠠ᠃    1. ᠳᠠᠷᠢᠬᠤ ᠴᠠᠭ᠄ ᠨᠣᠬᠠᠢ ᠶᠢᠨ ᠬᠤᠰᠢᠭᠤ ᠳᠠᠷᠢᠬᠤ ᠴᠠᠭ ᠨᠢ ᠤᠮᠠᠷᠠᠲᠤ ᠣᠷᠣᠨ ᠤ ᠬᠠᠪᠤᠷ ᠤᠨ ᠲᠠᠷᠢᠶᠠᠯᠠᠭ᠎ᠠ ᠂ ᠡᠮᠦᠨᠡᠲᠦ ᠣᠷᠣᠨ ᠤ ᠨᠠᠮᠤᠷ ᠤᠨ ᠲᠠᠷᠢᠶᠠᠯᠠᠭ᠎ᠠ ᠪᠣᠯᠣᠨ᠎ᠠ᠂ ᠲᠤᠬᠠᠢ ᠶᠢᠨ ᠭᠠᠵᠠᠷ ᠤᠨ ᠳᠤᠯᠠᠭᠠᠨ ᠤ ᠬᠡᠮᠵᠢᠶ᠎ᠡ ᠶᠢ ᠦᠨᠳᠦᠰᠦᠯᠡᠨ ᠲᠣᠭᠲᠠᠭᠠᠵᠤ᠂ ᠳᠠᠷᠢᠬᠤ ᠳᠤᠯᠠᠭᠠᠨ ᠤ ᠬᠡᠮᠵᠢᠶ᠎ᠡ ᠨᠢ ᠰᠥᠨᠢ ᠶᠢᠨ 10 ᠭᠷᠡᠳᠦ᠋ᠰ ᠠᠴᠠ ᠳᠡᠭᠡᠭᠰᠢ ᠪᠠᠶᠢᠬᠤ ᠬᠡᠷᠡᠭᠲᠡᠢ᠃    2. ᠦᠷ᠎ᠡ ᠬᠡᠷᠡᠭᠯᠡᠬᠦ ᠬᠡᠮᠵᠢᠶ᠎ᠡ᠄ ᠨᠣᠬᠠᠢ ᠶᠢᠨ ᠬᠤᠰᠢᠭᠤ ᠶᠢᠨ ᠲᠠᠷᠢᠬᠤ ᠬᠡᠮᠵᠢᠶ᠎ᠡ ᠶᠢ ᠮᠦ ᠪᠦᠷᠢ ᠳᠤ 10-15kg ᠪᠠᠶᠢᠯᠭᠠᠬᠤ ᠬᠡᠷᠡᠭᠲᠡᠢ᠃    3. ᠰᠣᠶᠣᠭᠠᠯᠠᠭᠤᠯᠬᠤ ᠠᠷᠭ᠎ᠠ᠄ ᠨᠣᠬᠠᠢ ᠶᠢᠨ ᠬᠤᠰᠢᠭᠤ ᠨᠢ ᠨᠣᠬᠠᠢ ᠶᠢᠨ ᠬᠤᠰᠢᠭᠤ ᠲᠠᠷᠢᠬᠤ ᠠᠴᠠ ᠡᠮᠦᠨ᠎ᠡ ᠦᠷ᠎ᠡ ᠪᠠᠨ 3 ᠡᠳᠦᠷ ᠣᠷᠴᠢᠮ ᠨᠡᠷᠡᠨ ᠳᠤ ᠡᠭᠡᠭᠡᠵᠦ᠂ ᠬᠦᠷᠢᠨ ᠤ ᠭᠠᠳᠠᠨᠠᠬᠢ ᠲᠤᠶᠠᠭ᠎ᠠ ᠪᠠᠷ ᠭᠠᠳᠠᠷᠭᠤ ᠳᠤᠨᠢ ᠪᠠᠶᠢᠭ᠎ᠠ ᠡᠪᠡᠳᠴᠢᠨ ᠤ ᠪᠠᠺᠲ᠋ᠧᠷᠢ ᠶᠢ ᠠᠷᠢᠯᠭᠠᠵᠤ᠂ ᠡᠪᠡᠳᠴᠢᠨ ᠤ ᠬᠥᠨᠥᠭᠡᠯ ᠢ ᠪᠠᠭᠠᠰᠬᠠᠬᠤ ᠬᠡᠷᠡᠭᠲᠡᠢ᠃    4. ᠳᠠᠷᠢᠬᠤ ᠠᠷᠭ᠎ᠠ᠄ ᠨᠣᠬᠠᠢ ᠶᠢᠨ ᠬᠤᠰᠢᠭᠤ ᠶᠢ ᠮᠠᠰᠢᠨ ᠢᠶᠠᠷ ᠳᠠᠷᠢᠬᠤ ᠪᠤᠶᠤ ᠬᠥᠮᠥᠨ ᠤ ᠬᠦᠴᠦ ᠪᠠᠷ ᠭᠤᠦ ᠭᠠᠷᠭᠠᠵᠤ ᠵᠤᠷᠪᠤᠰᠯᠠᠨ ᠳᠠᠷᠢᠬᠤ ᠶᠢ ᠰᠠᠨᠠᠭᠤᠯᠵᠤ ᠪᠠᠶᠢᠨ᠎ᠠ᠃ ᠵᠤᠷᠪᠤᠰᠯᠠᠨ ᠲᠠᠷᠢᠬᠤ ᠶᠢᠨ ᠮᠥᠷ ᠤᠨ ᠵᠠᠢ ᠶᠢ 15-20 ᠰᠠᠨᠲ᠋ᠢᠮᠧᠳ᠋ᠷ ᠣᠷᠴᠢᠮ ᠢᠶᠠᠷ ᠬᠢᠵᠠᠭᠠᠷᠯᠠᠵᠤ᠂ ᠲᠠᠷᠢᠬᠤ ᠭᠦᠨ ᠤ ᠬᠡᠮᠵᠢᠶ᠎ᠡ ᠶᠢ 3 ᠰᠠᠨᠲ᠋ᠢᠮᠧᠳ᠋ᠷ ᠪᠠᠶᠢᠯᠭᠠᠪᠠᠯ ᠵᠣᠬᠢᠨ᠎ᠠ᠂ ᠳᠠᠬᠢᠵᠤ ᠲᠠᠷᠢᠬᠤ᠂ ᠣᠷᠬᠢᠭᠳᠠᠭᠤᠯᠤᠨ ᠲᠠᠷᠢᠬᠤ ᠠᠴᠠ ᠰᠡᠷᠭᠡᠶᠢᠯᠡᠵᠦ᠂ ᠭᠦᠨ ᠭᠦᠢᠬᠡᠨ ᠢ ᠨᠢᠭᠡᠳᠦᠯᠲᠡᠢ ᠪᠠᠶᠢᠯᠭᠠᠵᠤ᠂ ᠵᠢᠭᠳᠡ ᠲᠠᠷᠢᠬᠤ ᠬᠡᠷᠡᠭᠲᠡᠢ᠃ ᠳᠠᠷᠢᠭᠰᠠᠨ ᠤ ᠳᠠᠷᠠᠭ᠎ᠠ ᠭᠠᠵᠠᠷ ᠲᠡᠭᠰᠢᠯᠡᠵᠦ ᠬᠥᠷᠥᠰᠥ ᠰᠢᠷᠣᠢ ᠪᠠ ᠦᠷ᠎ᠡ ᠶᠢ ᠨᠢᠭᠲᠠ ᠤᠶᠠᠯᠳᠤᠭᠤᠯᠤᠨ᠂ ᠨᠠᠬᠢᠶ᠎ᠠ ᠨᠢ ᠰᠠᠯᠬᠢᠨ ᠳᠤ ᠭᠤᠶᠠᠳᠠᠭᠳᠠᠬᠤ ᠠᠴᠠ ᠪᠣᠯᠭᠤᠮᠵᠢᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号