ᠲᠦᠴᠢᠦᠸᠠᠨ ᠰᠢᠶᠠᠨ ︽ᠪᠠᠭᠰᠢ ᠳᠤ ᠳ᠋ᠧᠩ ᠠᠰᠠᠭᠠᠬᠤ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/12
   ᠡᠨᠡ ᠵᠢᠯ ᠤᠨ 9 ᠰᠠᠷ᠎ᠠ ᠶᠢᠨ 10 ᠤ ᠡᠳᠦᠷ ᠪᠣᠯ ᠮᠠᠨ ᠤ ᠤᠯᠤᠰ ᠤᠨ 40 ᠳ᠋ᠦ᠋ᠭᠡᠷ ᠪᠠᠭᠰᠢ ᠶᠢᠨ ᠪᠠᠶᠠᠷ ᠤᠨ ᠡᠳᠦᠷ ᠪᠣᠯᠤᠨ᠎ᠠ᠃ ᠨᠡᠶᠢᠭᠡᠮ ᠤᠨ ᠡᠯ᠎ᠡ ᠡᠲᠡᠭᠡᠳ ᠤᠨ ᠪᠠᠭᠰᠢ ᠶᠢ ᠬᠦᠨᠳᠦᠳᠬᠡᠵᠦ᠂ ᠪᠠᠭᠰᠢ ᠶᠢᠨ ᠠᠴᠢ ᠳᠤ ᠲᠠᠯᠠᠷᠬᠠᠬᠤ ᠰᠡᠳᠭᠢᠯᠭᠡ ᠶᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠬᠤ ᠶᠢᠨ ᠲᠥᠯᠥᠭᠡ᠂ ᠮᠠᠨ ᠤ ᠰᠢᠶᠠᠨ ︽ᠪᠠᠭᠰᠢ ᠳᠤ ᠳ᠋ᠧᠩ ᠠᠰᠠᠭᠠᠬᠤ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠪᠦᠬᠦ ᠰᠢᠶᠠᠨ ᠤ ᠬᠡᠪᠴᠢᠶᠡᠨ ᠳᠤ ᠡᠯᠧᠺᠲᠷᠣᠨ ᠳᠡᠯᠭᠡᠴᠡ ᠶᠢ ᠭᠡᠷᠡᠯᠲᠦᠭᠦᠯᠬᠦ ᠪᠠᠷ ᠳᠠᠮᠵᠢᠨ᠂ ᠥᠷᠭᠡᠨ ᠣᠯᠠᠨ ᠪᠠᠭᠰᠢ ᠨᠠᠷ ᠲᠤ ᠪᠠᠶᠠᠷ  ᠤᠨ ᠡᠳᠦᠷ ᠤᠨ ᠵᠥᠩᠨᠡᠯ ᠳᠡᠪᠰᠢᠭᠦᠯᠪᠡ᠃
   ᠣᠷᠣᠶ ᠶᠢᠨ 7 ᠴᠠᠭ ᠲᠤ᠂ ᠰᠤᠷᠪᠤᠯᠵᠢᠯᠠᠭᠴᠢ ᠠᠴᠠ ᠭᠤᠤᠯ ᠴᠡᠴᠡᠷᠯᠢᠭ ᠲᠤ᠂ ᠪᠡᠯᠭᠡ ᠲᠡᠮᠳᠡᠭ ᠤᠨ ᠴᠢᠨᠠᠷᠲᠠᠶ ᠪᠠᠷᠢᠯᠭ᠎ᠠ ᠳᠡᠭᠡᠷ᠎ᠡ ᠬᠡᠷᠡᠯ ᠭᠢᠯᠪᠠᠭ᠎ᠠ ᠰᠠᠴᠤᠷᠠᠵᠤ᠂ ᠳᠡᠯᠭᠡᠴᠡ ᠶᠢᠨ ᠠᠭᠤᠯᠭ᠎ᠠ ᠶᠢᠨ ᠬᠤᠪᠢᠷᠠᠯᠲᠠ ᠶᠢ ᠳᠠᠭᠠᠯᠳᠤᠨ᠂ ᠤᠯᠠᠭᠠᠨ ᠳᠡᠪᠢᠰᠬᠡᠷᠲᠦ ᠴᠠᠭᠠᠨ ᠥᠰᠥᠭ ᠤᠨ ᠲᠢᠭ ᠤᠨ ︽ᠪᠠᠭᠰᠢ ᠶᠢᠨ ᠪᠠᠶᠠᠷ ᠤᠨ ᠮᠡᠨᠳᠦ ᠬᠦᠷᠭᠡᠶ᠎ᠡ︾ ︽ᠰᠤᠷᠭᠠᠨ ᠬᠥᠮᠦᠵᠢᠯ ᠤᠨ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠪᠴᠢᠯᠡᠨ ᠪᠥᠲᠥᠭᠡᠨ ᠪᠠᠶᠢᠭᠤᠯᠬᠤ ᠬᠡᠷᠡᠭᠲᠡᠶ︾ ᠵᠡᠷᠭᠡ ᠨᠢ ᠰᠠᠭᠤᠭᠠᠯᠢ ᠠᠷᠠᠳ ᠤᠨ ᠬᠠᠷᠠᠭᠠᠨ ᠳᠤ ᠢᠯᠡ ᠲᠣᠳᠣ ᠢᠯᠡᠷᠡᠵᠦ᠂ ᠴᠥᠭᠡᠨ ᠪᠤᠰᠤ ᠬᠤᠲᠠ ᠶᠢᠨ ᠠᠷᠠᠳ ᠤᠨ ᠠᠩᠬᠠᠷᠤᠯ ᠢ ᠲᠠᠲᠠᠪᠠ᠃    ︽ᠮᠠᠨ ᠤ ᠤᠯᠤᠰ ᠲᠡᠦᠬᠡᠨ ᠠᠴᠠ ᠪᠠᠨ ᠠᠪᠤᠭᠠᠳ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠤᠯᠠᠮᠵᠢᠯᠠᠯ ᠲᠠᠢ ᠶᠤᠮ᠂ ᠪᠠᠭᠰᠢ ᠨᠠᠷ ᠲᠤ ᠳ᠋ᠧᠩ ᠠᠰᠠᠭᠠᠵᠤ᠂ ᠲᠡᠳᠡᠨ ᠢ ᠡᠨᠡᠬᠦ ᠣᠨᠴᠠᠭᠠᠢ ᠡᠳᠦᠷ  ᠤᠳ ᠲᠤ ᠨᠡᠩ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠰᠤᠷᠤᠭᠴᠢ ᠪᠣᠯᠤᠭᠰᠠᠨ ᠤ ᠬᠤᠪᠢ ᠳᠤ᠂ ᠬᠤᠶᠢᠰᠢᠳᠠ ᠪᠢ ᠰᠠᠶᠢᠲᠤᠷ ᠰᠤᠷᠤᠯᠴᠠᠵᠤ᠂ ᠴᠢᠷᠮᠠᠶᠢᠨ ᠲᠡᠮᠡᠴᠡᠵᠦ᠂ ᠪᠠᠭᠰᠢ ᠶᠢᠨ ᠢᠶᠠᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠶᠢ ᠬᠥᠰᠡᠷᠳᠡᠭᠦᠯᠬᠦ ᠦᠭᠡᠢ ᠶᠤᠮ᠃︾ ᠭᠡᠵᠦ ᠲᠦᠴᠢᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢ ᠯᠢ ᠷᠤ᠋ ᠢ ᠬᠡᠯᠡᠪᠡ᠃
   ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠤᠳᠤᠯᠭ᠎ᠠ᠂ ᠨᠠᠮ ᠤᠨ ᠶᠡᠭᠡ ᠪᠤᠳᠤᠯᠭ᠎ᠠ ᠮᠥᠨ᠃ ᠲᠦᠴᠢᠦᠸᠠᠨ ᠰᠢᠶᠠᠨ ᠤ ᠬᠢᠨ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠰᠤᠷᠭᠠᠨ ᠬᠥᠮᠦᠵᠢᠯ ᠤᠨ ᠬᠠᠷᠢᠭᠤᠴᠠᠯᠭ᠎ᠠ ᠶᠢ ᠪᠠᠲᠤ ᠰᠠᠬᠢᠵᠤ᠂ ᠰᠤᠷᠭᠠᠨ ᠬᠥᠮᠦᠵᠢᠯ ᠤᠨ ᠬᠠᠯᠠᠭᠤᠨ ᠳᠤᠯᠠᠭᠠᠨ ᠢ ᠳᠠᠮᠵᠢᠭᠤᠯᠵᠤ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠥᠷᠢᠰᠥᠯᠳᠦᠬᠦ ᠬᠦᠴᠦᠨ ᠪᠣᠯᠤᠨ ᠨᠥᠯᠥᠭᠡᠯᠡᠬᠦ ᠬᠦᠴᠦᠨ ᠲᠠᠰᠤᠷᠠᠯᠲᠠ ᠥᠬᠡᠶ ᠳᠡᠭᠡᠭᠰᠢᠯᠡᠪᠡ᠃
   ︽ᠪᠠᠭᠰᠢ ᠪᠣᠯᠤᠭᠰᠠᠨ ᠤ ᠬᠤᠪᠢ ᠳᠤ᠂ ᠡᠨᠡ ᠬᠦ ᠪᠠᠭᠰᠢ ᠳᠤ ᠳ᠋ᠧᠩ ᠠᠰᠠᠭᠠᠵᠤ ᠥᠭᠬᠦ ᠠᠵᠢᠯᠯᠠᠭ᠎ᠠ ᠪᠣᠯᠤᠨ ᠪᠠᠭᠰᠢ ᠪᠠᠨ ᠬᠦᠨᠳᠦᠳᠬᠡᠵᠦ ᠠᠭᠤᠷ ᠠᠮᠢᠰᠬᠤᠯ ᠨᠢ ᠨᠠᠮᠠᠢ ᠶᠡᠬᠡᠳᠡ ᠳᠣᠭᠳᠣᠯᠤᠭᠤᠯᠵᠤ᠂ ᠰᠡᠳᠬᠢᠯ ᠳᠦᠭᠦᠷᠡᠩ ᠤᠮᠤᠬᠰᠢᠯᠳᠤ ᠰᠡᠳᠬᠢᠯᠭᠡ ᠲᠠᠢ ᠪᠣᠯᠭᠠᠵᠠᠢ᠃ ᠡᠨᠡ ᠨᠢ ᠪᠠᠭᠰᠢ ᠶᠢᠨ ᠠᠵᠢᠯ ᠢ ᠨᠤᠲᠠᠯᠠᠬᠤ ᠮᠥᠷᠲᠡᠭᠡᠨ ᠵᠣᠷᠢᠭᠵᠢᠭᠤᠯᠤᠯ ᠪᠣᠯᠤᠨ᠎ᠠ᠃ ᠬᠤᠶᠢᠰᠢᠳᠠ ᠶᠢᠨ ᠠᠵᠢᠯ ᠳᠠᠭᠠᠨ᠂ ᠪᠢ ︽ᠪᠡᠶ᠎ᠡ ᠪᠠᠷ ᠢᠶᠠᠨ ᠰᠤᠷᠭᠠᠨ ᠬᠥᠮᠦᠵᠢᠯ ᠳᠤ ᠵᠤᠷᠢᠭᠤᠯᠤᠨ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ ᠭᠡᠬᠦ ᠬᠦᠰᠡᠯ ᠵᠣᠷᠢᠯᠲᠠ ᠶᠢ ᠪᠤᠢ ᠪᠣᠯᠭᠠᠵᠤ᠂ ᠳᠤᠷᠠᠲᠠᠶ᠎ᠠ ᠰᠤᠷᠤᠭᠴᠢ ᠪᠠᠨ ᠬᠠᠶᠢᠷᠠᠯᠠᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠡᠷᠬᠢᠯᠡᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃︾ ᠭᠡᠵᠦ ᠲᠦᠴᠢᠦᠸᠠᠨ ᠰᠢᠶᠠᠨ ᠤ ᠪᠸᠢ ᠰᠢᠶᠠᠩ ᠪᠠᠭ᠎ᠠ ᠰᠤᠷᠭᠠᠭᠤᠯᠢ ᠶᠢᠨ ᠪᠠᠭᠰᠢ ᠦ᠋ ᠳ᠋ᠦᠩ ᠮᠧᠶ ᠰᠡᠳᠬᠢᠯ ᠳᠣᠭᠳᠣᠯᠤᠨ ᠬᠡᠯᠡᠪᠡ᠃
   ᠣᠶᠢᠯᠠᠭᠠᠭᠰᠠᠨ ᠢᠶᠠᠷ᠂ ᠲᠦᠴᠢᠦᠸᠠᠨ ᠰᠢᠶᠠᠨ ︽ᠪᠠᠭᠰᠢ ᠳᠤ ᠳ᠋ᠧᠩ ᠠᠰᠠᠭᠠᠬᠤ︾ ᠭᠡᠬᠦ ᠡᠨᠡᠬᠦ ᠪᠥᠬᠦ ᠬᠤᠲᠠ  ᠳᠤ ᠬᠠᠷᠠᠭᠳᠠᠬᠤ ᠬᠡᠯᠪᠡᠷᠢ ᠪᠠᠷ᠂ ᠰᠢᠷᠭᠠᠭᠤ ᠬᠠᠲᠠᠭᠤᠵᠢᠯᠲᠠᠶ ᠪᠠᠷ ᠵᠢᠳᠬᠦᠵᠦ ᠪᠠᠶᠢᠭ᠎ᠠ ᠪᠠᠭᠰᠢ ᠨᠠᠷ ᠲᠤ ᠬᠦᠨᠳᠦᠳᠬᠡᠯ ᠳᠡᠪᠰᠢᠭᠦᠯᠵᠦ ᠪᠠᠶᠢᠭ᠎ᠠ ᠨᠢ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠨᠠᠩ ᠣᠯᠠᠨ ᠰᠢᠯᠢᠳᠡᠭ ᠴᠢᠳᠠᠪᠤᠷᠢᠲᠠᠨ ᠢ ᠪᠠᠭᠰᠢ ᠶᠢᠨ ᠡᠩᠨᠡᠭᠡᠨ ᠳᠤ ᠲᠡᠳᠡᠨ ᠣᠷᠣᠭᠤᠯᠵᠤ᠂ ᠢᠷᠡᠭᠡᠳᠦᠶ ᠳᠤ ᠨᠠᠩ ᠣᠯᠠᠨ ᠥᠨᠳᠥᠷ ᠬᠡᠪ ᠴᠢᠨᠠᠷ ᠪᠥᠬᠦᠶ ᠴᠢᠳᠠᠪᠤᠷᠢᠲᠠᠨ ᠢ ᠬᠥᠮᠦᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠶᠢᠨ ᠲᠥᠯᠥᠭᠡ ᠶᠤᠮ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号