ᠰᠦᠬᠡ ᠷᠠᠰᠢᠶᠠᠨ ᠬᠤᠳᠠ ᠳᠤ ᠬᠦᠷᠴᠦ ︽ᠳᠤᠯᠠᠭᠠᠨ ᠤ ᠢᠨᠵᠧᠨᠧᠷᠢᠩ︾ ᠤᠨ ᠳᠦᠷᠦᠯ ᠵᠦᠢᠯ ᠤᠨ ᠪᠦᠳᠦᠬᠡᠡ ᠪᠠᠶᠢᠭᠤᠯᠤᠯᠲᠠ ᠶᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/9/13
   9 ᠰᠠᠷ᠎ᠠ ᠶᠢᠨ 6 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠤᠷᠢᠳ ᠬᠤᠵᠢᠳ ᠷᠠᠰᠢᠶᠠᠨ ᠬᠤᠲᠠ ᠶᠢᠨ ᠢᠷᠪᠢᠰ ᠵᠡᠭᠡᠯᠢ᠂ ᠸᠧᠨ ᠴᠢᠤᠸᠠᠨ ᠵᠡᠭᠡᠯᠢ ᠳᠤ ᠬᠦᠷᠴᠦ᠂ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠵᠡᠷᠭᠡ ᠲᠥᠷᠥᠯ ᠵᠦᠢᠯ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠤ᠂ ᠲᠤᠬᠠᠶ ᠶᠢᠨ ᠲᠠᠯᠠᠪᠤᠷ ᠲᠤ ᠷᠠᠰᠢᠶᠠᠨ ᠬᠤᠲᠠ ᠶᠢᠨ ︽ᠳᠤᠯᠠᠭᠠᠯᠭ᠎ᠠ ᠶᠢᠨ ᠢᠨᠵᠧᠨᠧᠷᠢᠩ︾ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠰᠦᠬᠡ᠂ ᠳᠤᠯᠠᠭᠠᠯᠭ᠎ᠠ ᠶᠢᠨ ᠢᠨᠵᠧᠨᠧᠷᠢᠩ ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ︽ᠵᠢᠷᠭᠤᠭᠠᠨ ᠢᠨᠵᠧᠨᠧᠷᠢᠩ ︾ ᠤᠨ ᠨᠢᠭᠡ ᠪᠣᠯᠤᠨ᠎ᠠ᠂ ᠲᠦᠭ ᠲᠦᠮᠡᠨ ᠠᠶᠢᠯ ᠡᠷᠦᠭᠡ ᠶᠢᠨ ᠬᠠᠯᠠᠭᠤᠨ ᠬᠦᠢᠳᠡᠨ ᠲᠠᠢ ᠬᠤᠯᠪᠣᠭᠳᠠᠨ᠎ᠠ᠂ ᠡᠷᠬᠡᠪᠰᠢ ᠡᠷᠴᠢᠮ ᠢᠶᠠᠨ ᠴᠢᠩᠭᠠᠷᠠᠭᠤᠯᠵᠤ᠂ ᠠᠬᠢᠴᠠ ᠪᠠᠨ ᠲᠦᠷᠭᠡᠳᠬᠡᠵᠦ᠂ ᠦᠨᠡᠨᠬᠦ ᠬᠠᠩᠭᠠᠯᠭ᠎ᠠ ᠶᠢ ᠰᠠᠶᠢᠲᠤᠷ ᠬᠠᠩᠭᠠᠬᠤ ᠬᠡᠷᠡᠭᠲᠡᠢ ᠭᠡᠵᠦ ᠬᠡᠯᠡᠪᠡ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠡᠭᠦᠨ ᠢ ︽ᠨᠢᠭᠡᠳᠦᠭᠡᠷ ᠭᠠᠷ ︾ ᠤᠨ ᠢᠨᠵᠧᠨᠧᠷᠢᠩ ᠪᠠ ᠲᠡᠷᠢᠭᠦᠨ ᠵᠡᠷᠭᠡ ᠶᠢᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ᠂ ᠵᠠᠰᠠᠭ ᠤᠨ ᠣᠷᠳᠣᠨ᠂ ᠠᠵᠤ ᠠᠬᠤᠶᠢᠯᠠᠯ ᠬᠠᠮᠲᠤ ᠪᠠᠷ ᠬᠦᠴᠦᠯᠡᠬᠦ ᠶᠢ ᠪᠠᠷᠢᠮᠲᠠᠯᠠᠨ᠂ ᠪᠠᠯᠠ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠬᠦᠴᠢᠷ ᠲᠦᠪᠡᠭᠲᠡᠶ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠳᠣᠬᠠᠨ ᠤ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠤᠨ ︽ᠰᠢᠵᠢᠷ ᠠᠯᠳᠠᠨ ᠬᠤᠭᠤᠴᠠᠭ᠎ᠠ ︾ ᠶᠢ ᠠᠮᠵᠢᠨ ᠠᠳᠬᠤᠵᠤ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠭᠡᠨ ᠠᠵᠢᠯᠯᠠᠬᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠬᠤ ᠶᠢ ᠴᠢᠩᠭ᠎ᠠ ᠠᠳᠬᠤᠵᠤ᠂ ᠪᠦᠬᠦ ᠬᠦᠴᠦᠨ ᠢᠶᠠᠷ ᠢᠶᠠᠨ ᠴᠠᠭ ᠢ ᠠᠮᠵᠢᠨ ᠤᠷᠤᠭᠰᠢᠯᠠᠵᠤ᠂ ᠠᠬᠢᠴᠠ ᠶᠢ ᠤᠷᠤᠭᠰᠢ ᠠᠬᠢᠭᠤᠯᠵᠤ᠂ ᠳᠤᠯᠠᠭᠠᠯᠠᠭ᠎ᠠ ᠶᠢᠨ ᠬᠤᠭᠤᠴᠠᠭ᠎ᠠ ᠠᠴᠠ ᠡᠮᠦᠨ᠎ᠡ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠲᠣᠭᠲᠠᠭᠰᠠᠨ ᠴᠠᠭ ᠲᠠᠭᠠᠨ ᠢᠯᠴᠢ ᠶᠢ ᠬᠠᠩᠭᠠᠬᠤ ᠶᠢ ᠪᠠᠲᠤᠯᠠᠬᠤ ᠬᠡᠷᠡᠭᠲᠡᠢ᠃ ᠢᠯᠴᠢ ᠶᠢᠨ ᠡᠬᠢ ᠰᠤᠷᠪᠤᠯᠵᠢ ᠶᠢ ᠨᠥᠭᠡᠴᠡᠯᠡᠬᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ᠂ ᠬᠤᠭᠤᠯᠠᠶ ᠶᠢᠨ ᠲᠣᠣᠷ ᠢ ᠰᠡᠯᠪᠢᠨ ᠵᠠᠰᠠᠬᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠡᠷᠭᠡ ᠠᠵᠢᠯ ᠢ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠰᠠᠶᠢᠲᠤᠷ ᠬᠢᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠪᠠ ᠢᠯᠴᠢ ᠬᠠᠩᠭᠠᠬᠤ ᠶᠠᠰᠤ ᠴᠢᠨᠠᠷ ᠢ ᠠᠷᠭ᠎ᠠ ᠪᠦᠬᠦᠨ ᠢ ᠰᠦᠪᠡᠭᠴᠢᠯᠡᠨ ᠳᠡᠭᠡᠭᠰᠢᠯᠡᠭᠦᠯᠵᠦ᠂ ᠤᠯᠠᠨ ᠲᠦᠮᠡᠨ ᠳᠤ ᠰᠢᠨ᠎ᠡ ᠳᠤᠯᠠᠭᠠᠯᠭ᠎ᠠ ᠶᠢᠨ ᠤᠯᠠᠷᠢᠯ ᠳᠤ ︽ᠳᠤᠯᠠᠭᠠᠯᠭ᠎ᠠ ᠶᠢᠨ ᠢᠨᠵᠧᠨᠧᠷᠢᠩ ︾ ᠤᠨ ᠦᠨᠡᠨ ᠪᠣᠳᠠᠲᠠᠶ ᠬᠤᠪᠢᠷᠠᠯᠲᠠ ᠶᠢ ᠬᠦᠷᠲᠡᠭᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠨᠡᠮᠡᠭᠳᠡᠭᠦᠯᠬᠦ ᠬᠡᠷᠡᠭᠲᠡᠶ ᠭᠡᠪᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号