ᠨᠠᠮᠤᠷ ᠤᠨ ᠡᠬᠢᠨ ᠤ ᠦᠶ᠎ᠡ ᠪᠠᠷ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ | ᠶᠢᠨ ᠵᠦ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠤᠶᠤᠨᠲᠤ ᠴᠠᠭ ᠠᠭᠤᠷ ᠤᠨ ᠤᠰᠤ ᠠᠷᠪᠢᠯᠠᠬᠤ | ᠤᠰᠤᠯᠠᠯᠲᠠ ᠶᠢᠨ ᠵᠢᠱᠢᠶ᠎ᠡ ᠦᠵᠡᠭᠦᠯᠬᠦ ᠣᠷᠣᠨ ᠳᠤ ᠬᠦᠷᠴᠦ᠂ ᠨᠢᠳᠦ ᠲᠠᠯᠪᠢᠨ ᠪᠠᠷᠠᠯᠠᠬᠤᠶ᠎ᠠ᠂ ᠡᠷᠳᠡᠨᠢ ᠰᠢᠰᠢ ᠶᠢᠨ | ᠤᠷᠭᠤᠴᠠ ᠪᠠᠶᠠᠷᠯᠠᠭᠤᠰᠢᠲᠠᠢ ᠪᠠᠶᠢᠵᠤ᠂ ᠡᠯᠪᠡᠭ ᠬᠤᠷᠢᠶᠠᠯᠲᠠ ᠤᠯᠬᠤ ᠡᠷᠡᠮᠡᠯᠵᠡᠯ ᠲᠠᠢ ᠪᠠᠶᠢᠯ᠎ᠠ᠃ | ᠥᠩᠭᠡᠷᠡᠭᠰᠡᠨ ᠵᠢᠯ ᠤᠳ ᠲᠤ᠂ ᠡᠨᠡ ᠬᠦ ᠵᠢᠱᠢᠶ᠎ᠡ ᠦᠵᠡᠭᠦᠯᠬᠦ ᠣᠷᠣᠨ ᠤ ᠲᠠᠷᠢᠮᠠᠯ ᠤᠨ ᠵᠦᠶᠯ ᠤᠨ | ᠬᠠᠮᠢᠶᠠᠷᠤᠯᠲᠠ ᠳᠤ ᠲᠠᠷᠢᠶᠠᠨ ᠭᠠᠵᠠᠷ ᠤᠨ ᠬᠠᠮᠢᠶᠠᠷᠤᠭᠴᠢ ᠹᠠᠩ ᠬᠤᠸᠠ ᠴᠠᠭ ᠢᠮᠠᠭᠲᠠ ᠴᠠᠭ ᠠᠭᠤᠷ ᠤᠨ | ᠬᠤᠪᠢᠷᠠᠯᠲᠠ ᠶᠢ ᠠᠩᠬᠠᠷᠴᠤ᠂ ᠪᠠᠰᠠ ᠲᠠᠷᠢᠶᠠᠨ ᠭᠠᠵᠠᠷ ᠲᠤ ᠣᠴᠢᠵᠤ ᠬᠥᠷᠥᠰᠥ ᠰᠢᠷᠣᠶ ᠶᠢᠨ ᠪᠠᠶᠢᠳᠠᠯ ᠪᠠ ᠲᠠᠷᠢᠮᠠᠯ | ᠤᠨ ᠤᠷᠭᠤᠴᠠ ᠶᠢᠨ ᠪᠠᠶᠢᠳᠠᠯ ᠢ ᠦᠷᠭᠦᠯᠵᠢ ᠠᠵᠢᠭᠯᠠᠵᠤ᠂ ᠤᠰᠤᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ | ᠪᠠᠶᠢᠪᠠ᠂ ᠭᠡᠲᠡᠯ᠎ᠡ ᠡᠨᠡ ᠵᠢᠯ ᠨᠢᠭᠡ ᠭᠠᠷ ᠤᠲᠠᠰᠤᠨ ᠤ APP ᠨᠢ ᠠᠰᠠᠭᠤᠳᠠᠯ ᠢ ᠰᠢᠶᠳᠪᠦᠷᠢᠯᠡᠭᠰᠡᠨ ᠪᠠᠶᠢᠨ᠎ᠠ᠃ | ︽ᠭᠠᠷ ᠤᠲᠠᠰᠤᠨ ᠤ APP ᠪᠠᠷ ᠳᠡᠮᠵᠢᠨ ᠪᠢ ᠲᠠᠷᠢᠶᠠᠨ ᠭᠠᠵᠠᠷ ᠤᠨ ᠪᠣᠳᠠᠲᠠᠶ ᠪᠠᠶᠢᠳᠠᠯ ᠢ ᠠᠵᠢᠭᠯᠠᠵᠤ | ᠣᠯᠤᠨ᠎ᠠ᠂ ᠬᠡᠵᠢᠶ᠎ᠡ ᠤᠰᠤᠯᠠᠬᠤ᠂ ᠶᠠᠮᠠᠷ ᠬᠡᠮᠵᠢᠶᠡᠨ ᠳᠤ ᠬᠦᠷᠲᠡᠯ᠎ᠡ ᠤᠰᠤᠯᠠᠬᠤ ᠲᠤᠬᠠᠶ ᠴᠥᠮ ᠨᠠᠷᠢᠨ ᠣᠨᠣᠪᠴᠢᠲᠠᠶ | ᠵᠢᠭᠠᠪᠤᠷᠢ ᠲᠠᠢ ᠪᠠᠶᠢᠵᠤ᠂ ᠥᠩᠭᠡᠷᠡᠭᠰᠡᠨ ᠳᠤ ᠬᠡᠲᠦᠷᠡᠲᠡᠯ᠎ᠡ ᠤᠰᠤᠯᠠᠬᠤ᠂ ᠪᠠᠷᠤᠭᠴᠠᠭᠠᠯᠠᠨ ᠤᠰᠤᠯᠠᠬᠤ ᠠᠰᠠᠭᠤᠳᠠᠯ ᠢ | ᠰᠢᠶᠳᠪᠦᠷᠢᠯᠡᠵᠦ᠂ ᠴᠠᠭ ᠪᠠ ᠬᠦᠴᠦ ᠠᠷᠪᠢᠯᠠᠬᠤ ᠮᠥᠷᠲᠡᠭᠡᠨ ᠪᠠᠰᠠ ᠤᠰᠤ ᠠᠷᠪᠢᠯᠠᠵᠤ ᠦᠷ᠎ᠡ ᠠᠰᠢᠭ ᠢ | ᠨᠡᠮᠡᠭᠳᠡᠭᠦᠯᠦᠨ᠎ᠡ᠃︾ ᠭᠡᠵᠦ ᠹᠠᠩ ᠬᠤᠸᠠ ᠬᠡᠯᠡᠪᠡ᠃ | ᠹᠠᠩ ᠬᠤᠸᠠ ᠶᠢᠨ ᠬᠡᠯᠡᠵᠦ ᠪᠠᠶᠢᠭ᠎ᠠ ᠭᠠᠷ ᠤᠲᠠᠰᠤᠨ ᠤ APP ᠪᠣᠯ ᠭᠠᠷ ᠤᠲᠠᠰᠤᠨ ᠤ ᠤᠰᠤ ᠠᠷᠪᠢᠯᠠᠬᠤ | ᠤᠰᠤᠯᠠᠯᠲᠠ ᠶᠢᠨ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠦᠶᠯᠡᠴᠢᠯᠡᠭᠡᠨ ᠤ ᠰᠢᠰᠲ᠋ᠧᠮ ᠪᠣᠯᠤᠨ᠎ᠠ᠂ | ᠲᠠᠷᠢᠶᠠᠴᠢᠨ ᠡᠷᠦᠬᠡ ᠳᠤ ᠬᠥᠷᠥᠰᠥᠨ ᠤ ᠴᠢᠭᠢᠭ ᠤᠨ ᠪᠠᠶᠢᠳᠠᠯ ᠵᠢᠴᠢ ᠤᠰᠤᠯᠠᠯᠲᠠ ᠶᠢᠨ ᠰᠢᠶᠳᠪᠦᠷᠢᠲᠦ ᠪᠣᠳᠣᠯᠭ᠎ᠠ | ᠶᠢᠨ ᠮᠡᠳᠡᠭᠡ ᠵᠠᠩᠭᠢ ᠶᠢ ᠠᠦ᠋ᠲ᠋ᠣ᠋ ᠪᠠᠷ ᠬᠦᠷᠭᠡᠵᠦ᠂ ᠨᠠᠷᠢᠯᠢᠭ ᠭᠠᠩ ᠬᠠᠭᠰᠠᠷᠠᠭᠠᠨ ᠢ ᠬᠢᠨᠠᠨ ᠬᠡᠮᠵᠢᠵᠦ ᠤᠷᠢᠳᠴᠢᠯᠠᠨ | ᠮᠡᠳᠡᠭᠡᠯᠡᠬᠦ ᠪᠠ ᠰᠢᠨᠵᠢᠯᠡᠬᠦ ᠤᠬᠠᠭᠠᠨᠴᠢᠯᠠᠭᠰᠠᠨ ᠤᠰᠤ ᠠᠷᠪᠢᠯᠠᠬᠤ ᠤᠰᠤᠯᠠᠯᠲᠠ ᠶᠢᠨ ᠰᠠᠨᠠᠭᠤᠯᠭ᠎ᠠ ᠬᠠᠩᠭᠠᠨ᠎ᠠ᠃ | ᠡᠨᠡ ᠵᠢᠯ ᠤᠨ 6 ᠰᠠᠷ᠎ᠠ ᠳᠤ᠂ ᠶᠢᠨ ᠵᠦ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ 3300 ᠮᠦ ᠡᠷᠳᠡᠨᠢ | ᠰᠢᠰᠢ ᠴᠥᠮ ᠣᠶᠤᠨᠴᠢ ᠴᠠᠭ ᠠᠭᠤᠷ ᠤᠨ ᠤᠰᠤ ᠠᠷᠪᠢᠯᠠᠬᠤ ᠤᠰᠤᠯᠠᠯᠲᠠ ᠶᠢᠨ ᠦᠢᠯᠡᠴᠢᠯᠡᠭᠡ ᠶᠢ ᠬᠡᠷᠡᠭᠯᠡᠵᠦ᠂ | ᠣᠶᠤᠨᠴᠢ ᠥᠨᠳᠥᠷ ᠪᠦᠲᠦᠮᠵᠢᠲᠡᠢ ᠨᠠᠷᠢᠯᠢᠭ ᠣᠨᠣᠪᠴᠢᠲᠠᠢ ᠤᠰᠤᠯᠠᠯᠲᠠ ᠶᠢ ᠪᠡᠶᠡᠯᠡᠭᠦᠯᠪᠡ᠃ ︽ᠭᠠᠷ ᠤᠲᠠᠰᠤᠨ ᠤ | ᠤᠰᠤ ᠠᠷᠪᠢᠯᠠᠬᠤ ᠤᠰᠤᠯᠠᠯᠲᠠ ᠶᠢᠨ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠦᠶᠯᠡᠴᠢᠯᠡᠭᠡᠨ ᠤ ᠰᠢᠰᠲ᠋ᠧᠮ ᠢ | ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠡᠷᠳᠡᠨᠢ ᠰᠢᠰᠢ ᠶᠢᠨ ᠮᠥ ᠪᠦᠷᠢ ᠶᠢᠨ ᠤᠨᠠᠯᠲᠠ ᠶᠢ | 400 ᠵᠢᠩ ᠠᠴᠠ ᠳᠡᠭᠡᠭᠰᠢ ᠨᠡᠮᠡᠭᠳᠡᠭᠦᠯᠵᠦ᠂ ᠮᠥ ᠪᠦᠷᠢ ᠶᠢᠨ ᠣᠷᠣᠯᠭ᠎ᠠ ᠶᠢ 550 ᠲᠥᠭᠦᠷᠢᠭ ᠠᠴᠠ ᠳᠡᠭᠡᠭᠰᠢ | ᠨᠡᠮᠡᠭᠳᠡᠭᠦᠯᠦᠨ᠎ᠡ᠃︾ ᠭᠡᠵᠦ ᠲᠦᠴᠢᠦᠸᠠᠨ ᠰᠢᠶᠠᠨ ᠤ ᠴᠠᠭ ᠠᠭᠤᠷ ᠤᠨ ᠲᠣᠪᠴᠢᠶᠠᠨ ᠤ ᠳᠠᠷᠤᠭ᠎ᠠ ᠵᠠᠩ ᠴᠤᠤ | ᠴᠢᠶᠦ᠋ᠨ ᠬᠡᠯᠡᠪᠡ᠃ | 2024 ᠣᠨ ᠳᠤ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠲᠦᠴᠢᠦᠸᠠᠨ ᠰᠢᠶᠠᠨ ᠢ | ᠬᠠᠪᠰᠤᠷᠤᠨ ᠲᠡᠳᠬᠦᠬᠦ ᠪᠠᠯᠠ ᠮᠥᠩᠭᠦ ᠪᠠ ᠲᠥᠷᠥᠯ ᠵᠦᠶᠯ ᠤᠨ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ︽ᠳᠠᠭᠠᠭᠤᠯᠢ ᠣᠳᠣᠨ ᠤ ᠪᠢᠯᠢᠭ ᠤᠨ ᠨᠢᠳᠦ︾᠂ ︽ᠰᠠᠯᠬᠢ ᠡᠭᠦᠯᠡ ᠠᠮᠤᠷ ᠲᠦᠪᠰᠢᠨ︾᠂ ︽ | ᠡᠯᠪᠡᠭ ᠬᠤᠷᠢᠶᠠᠯᠲᠠ ᠶᠢ ᠰᠠᠬᠢᠨ ᠬᠠᠮᠠᠭᠠᠯᠠᠬᠤ︾᠂ ︽ᠠᠭᠤᠷ ᠠᠮᠢᠰᠬᠤᠯ ᠠᠴᠠ ᠡᠨᠧᠷᠭᠢ ᠣᠯᠭᠤᠬᠤ︾ ᠳᠥᠷᠪᠡᠨ | ᠶᠡᠭᠡ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠲᠦᠴᠢᠦᠸᠠᠨ ᠰᠢᠶᠠᠨ ᠳᠤ 400 ᠲᠦᠮᠡᠨ ᠲᠥᠭᠦᠷᠢᠭ ᠤᠨ ᠥᠷᠲᠡᠭ | ᠪᠥᠬᠦᠶ ᠣᠶᠤᠨᠴᠢ ᠴᠠᠭ ᠠᠭᠤᠷ ᠤᠨ ᠲᠥᠬᠦᠭᠡᠷᠦᠮᠵᠢ ᠬᠠᠨᠳᠢᠪᠯᠠᠵᠤ᠂ ᠡᠷᠳᠡᠨᠢ ᠰᠢᠰᠢ᠂ ᠪᠣᠷᠣ ᠬᠠᠯᠢᠰᠤᠳᠤ ᠰᠠᠷᠢᠮᠰᠠᠭ | ᠵᠡᠷᠭᠡ ᠣᠶᠤᠨᠴᠢ ᠴᠠᠭ ᠠᠭᠤᠷ ᠤᠨ ᠤᠰᠤ ᠠᠷᠪᠢᠯᠠᠬᠤ ᠤᠰᠤᠯᠠᠯᠲᠠ ᠶᠢᠨ 4 ᠵᠢᠱᠢᠶ᠎ᠡ ᠦᠵᠡᠭᠦᠯᠬᠦ ᠣᠷᠣᠨ ᠢ | ᠳᠡᠯᠭᠡᠷᠡᠭᠦᠯᠦᠨ ᠪᠠᠶᠢᠭᠤᠯᠵᠤ᠂ ︽ᠣᠶᠤᠨᠴᠢ ᠴᠠᠭ ᠠᠭᠤᠷ ᠤᠨ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ + | ᠬᠤᠷᠰᠢᠶ᠎ᠠ + ᠣᠯᠠᠨ ᠲᠠᠷᠢᠮᠠᠯ︾ ᠤᠨ ᠦᠶᠯᠡᠴᠢᠯᠡᠭᠡᠨ ᠤ ᠵᠠᠭᠪᠤᠷ ᠢ ᠪᠣᠶ ᠪᠣᠯᠭᠠᠪᠠ᠃ | ᠡᠨᠡ ᠵᠢᠯ᠂ ᠲᠦᠴᠢᠦᠸᠠᠨ ᠰᠢᠶᠠᠨ ᠤ ᠰᠢᠨ᠎ᠡ ᠪᠠᠷ ᠨᠡᠮᠡᠭᠳᠡᠭᠰᠡᠨ ᠵᠢᠱᠢᠶ᠎ᠡ ᠦᠵᠡᠭᠦᠯᠬᠦ ᠣᠷᠣᠨ ᠤ ᠲᠠᠯᠠᠪᠠᠶ | 6485 ᠮᠥ ᠪᠠᠶᠢᠵᠤ᠂ ᠶᠢᠨ ᠵᠣ᠋ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ 3300 ᠮᠥ ᠡᠷᠳᠡᠨᠢ ᠰᠢᠰᠢ | ᠠᠴᠠ ᠭᠠᠳᠠᠨ᠎ᠠ᠂ ᠪᠠᠰᠠ ᠰᠢᠩ ᠮᠥ ᠲᠠᠷᠢᠶᠠᠯᠠᠩ ᠤᠨ ᠲᠤᠰᠬᠠᠶ ᠬᠤᠷᠰᠢᠶ᠎ᠠ ᠲᠠᠢ ᠬᠠᠮᠲᠤᠷᠠᠯᠴᠠᠵᠤ᠂ ᠪᠣᠷᠣ | ᠬᠠᠯᠢᠰᠤᠳᠤ ᠰᠠᠷᠢᠮᠰᠠᠭ ᠤᠨ ᠴᠠᠭ ᠠᠭᠤᠷ ᠤᠨ ᠦᠶᠯᠡᠴᠢᠯᠡᠭᠡᠨ ᠤ ᠭᠦᠶᠴᠡᠳᠬᠡᠯ ᠲᠤᠭ᠎ᠠ ᠶᠢ ᠪᠠᠶᠢᠭᠤᠯᠵᠤ᠂ ᠪᠣᠷᠣ | ᠬᠠᠯᠢᠰᠤᠳᠤ ᠰᠠᠷᠢᠮᠰᠠᠭ ᠤᠨ ᠬᠦᠷᠢᠶ᠎ᠡ ᠬᠠᠰᠢᠶᠠᠨ ᠠᠴᠠ ᠲᠠᠷᠢᠶᠠᠨ ᠭᠠᠵᠠᠷ ᠳᠠᠰᠢ ᠰᠢᠯᠵᠢᠬᠦ ᠳᠤ ᠬᠦᠴᠦᠨ ᠨᠡᠮᠡᠷᠢᠯᠡᠵᠦ | ᠂ ᠪᠣᠷᠣ ᠬᠠᠯᠢᠰᠤᠳᠤ ᠰᠠᠷᠢᠮᠰᠠᠭ ᠤᠨ ᠳᠠᠷᠢᠬᠤ ᠲᠠᠯᠠᠪᠠᠶ ᠶᠢ 1060 ᠮᠥ ᠳᠡᠯᠭᠡᠷᠡᠭᠦᠯᠪᠡ︔ ᠶᠦᠩ ᠠᠨ ᠪᠠᠯᠭᠠᠰᠤ᠂ | ᠵᠡᠭᠦᠨ ᠲᠦᠷᠦᠯᠵᠢ ᠪᠠᠯᠭᠠᠰᠤ ᠶᠢᠨ 《 ᠱᠦᠵᠢ ᠶᠢᠨ ᠵᠢᠱᠢᠶ᠎ᠡ ᠦᠵᠡᠭᠦᠯᠬᠦ ᠲᠠᠷᠢᠶ᠎ᠠ ᠶᠢᠨ ᠲᠥᠷᠥᠯ ᠵᠦᠶᠯ 》 ᠲᠠᠢ | ᠤᠶᠠᠯᠳᠤᠭᠤᠯᠤᠨ᠂ 2125 ᠮᠥ ᠡᠷᠳᠡᠨᠢ ᠰᠢᠰᠢ ᠶᠢ ᠳᠡᠯᠭᠡᠷᠡᠭᠦᠯᠦᠨ ᠬᠡᠷᠡᠭᠯᠡᠵᠦ᠂ ᠤᠯᠠᠮᠵᠢᠯᠠᠯᠲᠤ ᠲᠠᠷᠢᠶᠠᠯᠠᠩ ᠢ | ᠣᠲᠣ ᠦᠶ᠎ᠡ ᠶᠢᠨ ᠲᠠᠷᠢᠶᠠᠯᠠᠩ ᠳᠠᠰᠢ ᠬᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠪᠡ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠥᠷᠨᠢᠭᠦᠯᠦᠭᠰᠡᠨ ᠠᠴᠠ ᠨᠠᠭᠠᠰᠢ᠂ ᠳᠤᠮᠳᠠᠳᠤ ᠤᠯᠤᠰ ᠤᠨ | ᠴᠠᠭ ᠠᠭᠤᠷ ᠤᠨ ᠲᠣᠪᠴᠢᠶ᠎ᠠ ᠲᠦᠴᠢᠦᠸᠠᠨ ᠰᠢᠶᠠᠨ ᠲᠠᠢ ᠭᠠᠷ ᠬᠤᠯᠪᠣᠨ ᠭᠦᠨ ᠵᠤᠵᠠᠭᠠᠨ ᠨᠥᠬᠦᠷᠯᠡᠯ ᠢ ᠪᠠᠶᠢᠭᠤᠯᠪᠠ | ᠃ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠪᠡᠯᠡ ᠣᠷᠣᠭᠤᠯᠤᠯᠲᠠ ᠪᠠ ᠦᠨᠡᠨ ᠪᠣᠳᠠᠲᠠᠢ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠨᠢ ᠲᠦᠴᠢᠦᠸᠠᠨ ᠰᠢᠶᠠᠨ ᠢ ᠲᠣᠭᠲᠠᠭᠤᠨ ᠢᠶᠠᠷ ᠶᠠᠳᠠᠭᠤ ᠠᠴᠠ | ᠠᠩᠭᠢᠵᠢᠷᠠᠭᠤᠯᠬᠤ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠶᠢᠰᠢ ᠤᠷᠤᠭᠰᠢᠯᠠᠭᠰᠠᠨ | ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠵᠠᠮᠨᠠᠭᠤᠯᠤᠭᠰᠠᠨ ᠪᠠᠶᠢᠨ᠎ᠠ᠃ | 2022 ᠣᠨ ᠳᠤ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠬᠠᠪᠰᠤᠷᠤᠯᠭ᠎ᠠ ᠳᠣᠤᠷ᠎ᠠ᠂ | ᠪᠥᠬᠦ ᠤᠯᠤᠰ ᠤᠨ ᠠᠩᠬᠠᠳᠠᠭᠴᠢ ᠣᠶᠤᠨᠴᠢ ᠴᠠᠭ ᠠᠭᠤᠷ ᠤᠨ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ | ᠦᠵᠡᠭᠦᠯᠬᠦ ᠣᠷᠣᠨ ᠲᠦᠴᠢᠦᠸᠠᠨ ᠰᠢᠶᠠᠨ ᠤ ᠲᠠᠢ ᠫᠢᠩ ᠰᠢᠶᠠᠩ ᠳᠤ ᠪᠠᠶᠢᠭᠤᠯᠤᠭᠳᠠᠵᠤ᠂ ᠪᠥᠬᠦ ᠤᠯᠤᠰ ᠤᠨ | ᠠᠩᠬᠠᠳᠠᠭᠴᠢ ᠰᠢᠶᠠᠨ ᠤ ᠱᠠᠲᠤᠨ ᠤ ᠲᠠᠷᠢᠶᠠᠯᠠᠩ ᠤᠨ ᠴᠠᠭ ᠠᠭᠤᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯ ᠤᠨ ᠥᠷᠲᠡᠭᠡ᠂ ᠪᠥᠬᠦ ᠠᠶᠢᠮᠠᠭ ᠤᠨ ᠠᠩᠬᠠᠳᠠᠭᠴᠢ ᠰᠢᠶᠠᠩ ᠤᠨ ᠱᠠᠲᠤᠨ ᠤ ᠬᠥᠷᠥᠰᠥ ᠰᠢᠷᠣᠶ ᠶᠢ | ᠪᠠᠶᠢᠴᠠᠭᠠᠨ ᠬᠡᠮᠵᠢᠵᠦ ᠵᠠᠳᠠᠯᠬᠤ ᠲᠤᠷᠰᠢᠯᠲᠠ ᠶᠢᠨ ᠲᠠᠰᠤᠭ ᠲᠦᠴᠢᠦᠸᠠᠨ ᠰᠢᠶᠠᠨ ᠳᠤ ᠨᠤᠲᠤᠭᠰᠢᠪᠠ᠃ 2023 | ᠣᠨ ᠳᠤ᠂ ᠲᠦᠴᠢᠦᠸᠠᠨ ᠰᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠣᠷᠣᠨ ᠤ | ᠲᠠᠯᠠᠪᠠᠶ ᠶᠢ 59. 6 ᠲᠦᠮᠡᠨ ᠮᠥ᠂ ︽ᠨᠢᠭᠲᠠ ᠳᠠᠷᠢᠬᠤ + ᠳᠤᠰᠤᠯᠭᠠᠨ ᠤᠰᠤᠯᠠᠬᠤ︾᠂ ᠬᠥᠷᠥᠰᠥ ᠰᠢᠷᠣᠶ ᠶᠢ | ᠰᠢᠨᠵᠢᠨ ᠵᠣᠷ ᠨᠠᠶᠢᠷᠠᠭᠤᠯᠤᠨ ᠪᠣᠷᠲᠣᠭᠤᠷ ᠣᠷᠣᠭᠤᠯᠬᠤ ᠵᠡᠷᠭᠡ ᠰᠢᠨ᠎ᠡ ᠮᠡᠷᠭᠡᠵᠢᠯ ᠪᠣᠯᠤᠨ ᠰᠢᠨ᠎ᠡ ᠵᠠᠭᠪᠤᠷ ᠢ | ᠲᠠᠰᠤᠷᠠᠯᠲᠠ ᠥᠬᠡᠶ ᠳᠡᠯᠭᠡᠷᠡᠭᠦᠯᠵᠦ᠂ ᠲᠠᠷᠢᠮᠠᠯ ᠤᠨ ᠤᠨᠠᠯᠲᠠ ᠪᠣᠯᠤᠨ ᠤᠰᠤ ᠪᠣᠷᠲᠣᠭᠤᠷ ᠤᠨ ᠠᠰᠢᠭᠯᠠᠯᠲᠠ ᠶᠢᠨ | ᠨᠣᠷᠮ᠎ᠠ ᠶᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠲᠦᠴᠢᠦᠸᠠᠨ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠳᠡᠯᠭᠡᠷᠡᠭᠦᠯᠦᠭᠰᠡᠨ ᠲᠠᠯᠠᠪᠠᠶ 60 ᠲᠦᠮᠡᠨ ᠮᠥ ᠳᠤ ᠬᠦᠷᠴᠦ᠂ ᠪᠥᠬᠦ ᠰᠢᠶᠠᠨ ᠤ ᠲᠠᠷᠢᠶᠠᠨ ᠭᠠᠵᠠᠷ ᠤᠨ | ᠲᠠᠯᠠᠪᠠᠶ ᠶᠢᠨ 34.9 % ᠶᠢ ᠡᠵᠡᠯᠡᠪᠡ᠃ ᠮᠦ ᠪᠦᠷᠢ ᠲᠤ 70 ᠲᠣᠨ ᠤᠰᠤ ᠠᠷᠪᠢᠯᠠᠵᠤ᠂ 4.5 ᠭᠷᠠᠳᠦ᠋ᠰ | ᠴᠠᠬᠢᠯᠭᠠᠨ ᠠᠷᠪᠢᠯᠠᠵᠤ᠂ ᠶᠡᠷᠦᠩᠬᠡᠢ ᠵᠠᠷᠤᠯᠭ᠎ᠠ ᠢ 185 ᠲᠥᠭᠦᠷᠢᠭ ᠠᠷᠪᠢᠯᠠᠵᠤ᠂ ᠲᠠᠷᠢᠶᠠᠨ ᠭᠠᠵᠠᠷ ᠤᠨ ᠴᠢᠬᠢ | ᠬᠠᠮᠠᠭᠠᠯᠠᠬᠤ 5500 ᠰᠠᠭᠤᠷᠢ᠂ ᠠᠮᠤ ᠪᠤᠳᠠᠭᠠᠨ ᠤ ᠮᠦ ᠪᠦᠷᠢ ᠶᠢᠨ ᠤᠨᠠᠯᠲᠠ 700 ᠺᠢᠯᠣᠭ᠍ᠷᠠᠮ ᠠᠴᠠ ᠳᠡᠭᠡᠭᠰᠢ | ᠪᠠᠶᠢᠯᠭᠠᠨ᠎ᠠ᠃ ᠲᠦᠴᠢᠦᠸᠠᠨ ᠰᠢᠶᠠᠨ ᠤ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠶᠠᠭ ᠠᠯᠬᠤᠮ ᠠᠯᠬᠤᠮ | ᠢᠶᠠᠷ ᠤᠶᠤᠨᠴᠢᠯᠠᠬᠤ᠂ ᠣᠨᠣᠪᠴᠢᠲᠠᠢ ᠪᠣᠯᠭᠠᠬᠤ᠂ ᠥᠨᠳᠥᠷ ᠪᠦᠲᠦᠮᠵᠢᠲᠡᠢ ᠪᠣᠯᠭᠠᠬᠤ ᠴᠢᠭᠯᠡᠯ ᠲᠡᠶᠢᠰᠢ | ᠤᠷᠤᠭᠰᠢᠯᠠᠵᠤ ᠪᠠᠶᠢᠨ᠎ᠠ᠃ | ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠢᠷ ᠪᠣᠯᠭᠠᠵᠤ᠂ | ︽ᠰᠤᠳᠠᠯ ᠪᠠᠷᠢᠬᠤ︾ ᠠᠵᠢᠯ ᠢ ᠨᠠᠷᠢᠨ ᠣᠨᠣᠪᠴᠢᠲᠠᠶ ᠬᠢᠵᠦ᠂ ᠲᠦᠴᠢᠦᠸᠠᠨ ᠤ ᠡᠬᠡ ᠭᠠᠵᠠᠷ ᠳᠡᠭᠡᠷ᠎ᠡ ᠡᠯᠪᠡᠭ | ᠬᠤᠷᠢᠶᠠᠯᠳᠠ ᠶᠢᠨ ᠦᠵᠡᠮᠵᠢ ᠶᠢ ᠵᠢᠷᠤᠭᠯᠠᠭᠰᠠᠨ ᠪᠠᠶᠢᠨ᠎ᠠ᠃ |