7 ᠵᠦᠢᠯ ᠤᠨ ᠤᠯᠤᠰ ᠤᠨ ᠨᠢᠭᠤᠴᠠ ᠶᠢ ᠬᠢᠯᠢ ᠶᠢᠨ ᠭᠠᠳᠠᠨ᠎ᠠ ᠠᠴᠠ ᠬᠤᠯᠠᠭᠠᠶᠢᠯᠠᠨ ᠠᠪᠴᠠᠢ︕ ᠤᠯᠤᠰ ᠤᠨ ᠠᠮᠤᠷ ᠢ ᠬᠠᠮᠠᠭᠠᠯᠠᠬᠤ ᠶᠠᠮᠤᠨ ᠨᠠᠷᠢᠨ ᠪᠠᠶᠢᠳᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/9/13
   ᠤᠯᠤᠰ ᠤᠨ ᠠᠮᠤᠷ ᠲᠦᠪᠰᠢᠨ ᠤ ᠶᠠᠮᠤᠨ 12 ᠤᠨ ᠡᠳᠦᠷ ︽ᠬᠡᠷᠡᠭ ᠤᠨ ᠪᠠᠶᠢᠳᠠᠯ ᠤᠨ ᠵᠠᠳᠠᠯᠤᠯᠲᠠ —ᠬᠤᠪᠣᠷ ᠰᠢᠷᠣᠢ ᠵᠦᠭ ᠰᠠᠷᠪᠠᠶᠢᠭᠰᠠᠨ ᠬᠢᠯᠢ ᠶᠢᠨ ᠭᠠᠳᠠᠨᠠᠬᠢ ᠬᠠᠷ᠎ᠠ ᠰᠠᠪᠠᠷ︾ ᠭᠡᠰᠡᠨ ᠪᠢᠴᠢᠭ ᠮᠠᠲ᠋ᠧᠷᠢᠶᠠᠯ ᠨᠡᠶᠢᠲᠡᠯᠡᠪᠡ᠄    ᠲᠦᠷᠦᠭᠦᠬᠡᠨ᠂ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠬᠢᠯᠢ ᠶᠢᠨ ᠭᠠᠳᠠᠨᠠᠬᠢ ᠨᠢᠭᠡᠨ ᠺᠣᠮᠫᠠᠨᠢ ᠶᠢᠨ ᠮᠠᠨ ᠤ ᠤᠯᠤᠰ ᠤᠨ ᠬᠤᠪᠣᠷ ᠰᠢᠷᠣᠢ ᠶᠢᠨ ᠬᠦᠷᠢᠶᠡᠨ ᠳᠠᠬᠢ ᠤᠯᠤᠰ ᠤᠨ ᠨᠢᠭᠤᠴᠠ ᠶᠢ ᠬᠠᠤᠯᠢ ᠪᠤᠰᠤ ᠪᠠᠷ ᠴᠤᠭᠯᠠᠭᠤᠯᠵᠤ ᠬᠤᠯᠠᠭᠠᠶᠢᠯᠠᠭᠰᠠᠨ ᠬᠡᠷᠡᠭ ᠢ ᠨᠡᠶᠢᠲᠡᠯᠡᠪᠡ᠃ ᠲᠣᠰ ᠺᠣᠮᠫᠠᠨᠢ ᠶᠢᠨ ᠳᠤᠮᠳᠠᠳᠤ ᠶᠢᠨ ᠲᠠᠯ᠎ᠠ ᠶᠢᠨ ᠠᠵᠢᠯᠲᠠᠨ ᠶᠧ ᠣᠪᠣᠭᠲᠤ ᠭᠠᠳᠠᠭᠠᠳᠤ ᠶᠢᠨ ᠬᠠᠷᠢᠶᠠᠲᠤ ᠠᠵᠢᠯᠲᠠᠨ ᠤ ᠵᠢᠯᠣᠭᠤᠳᠤᠯᠭ᠎ᠠ ᠳᠣᠣᠷ᠎ᠠ᠂ ᠤᠯᠤᠰ ᠤᠨ ᠳᠣᠲᠣᠭᠠᠳᠤ ᠶᠢᠨ ᠬᠤᠪᠣᠷ ᠰᠢᠷᠣᠢ ᠶᠢᠨ ᠨᠢᠭᠡᠨ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠴᠧᠩ ᠣᠪᠣᠭᠲᠤ ᠶᠢ ᠠᠰᠢᠭ ᠢᠶᠠᠷ ᠲᠠᠲᠠᠵᠤ᠂ ᠬᠢᠯᠢ ᠶᠢᠨ ᠭᠠᠳᠠᠨᠠᠬᠢ ᠳᠤ 7 ᠵᠦᠢᠯ ᠤᠨ ᠨᠢᠭᠤᠴᠠ ᠳᠤ ᠬᠤᠯᠪᠣᠭᠳᠠᠭᠰᠠᠨ ᠤᠯᠤᠰ ᠤᠨ ᠨᠢᠭᠤᠴᠠ ᠶᠢ ᠲᠠᠩᠨᠠᠬᠤ ᠶᠢᠨ ᠬᠠᠮᠲᠤ ᠬᠠᠤᠯᠢ ᠪᠤᠰᠤ ᠪᠠᠷ ᠬᠠᠩᠭᠠᠵᠤ ᠥᠭᠪᠡ᠃ 2023 ᠣᠨ ᠤ 11 ᠰᠠᠷ᠎ᠠ ᠳᠤ᠂ ᠵᠢᠶᠠᠩᠰᠢ ᠮᠤᠵᠢ ᠶᠢᠨ ᠨᠠᠨᠴᠠᠩ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠲᠣᠰ ᠲᠣᠰ ᠬᠢᠯᠢ ᠶᠢᠨ ᠭᠠᠳᠠᠨ᠎ᠠ ᠠᠴᠠ ᠤᠯᠤᠰ ᠤᠨ ᠨᠢᠭᠤᠴᠠ ᠶᠢ ᠬᠤᠳᠠᠯᠳᠤᠭᠰᠠᠨ᠂ ᠬᠠᠤᠯᠢ ᠪᠤᠰᠤ ᠪᠠᠷ ᠬᠠᠩᠭᠠᠭᠰᠠᠨ ᠶᠠᠯ᠎ᠠ ᠪᠠᠷ ᠶᠧ ᠣᠪᠣᠭᠲᠤ ᠶᠢ 11 ᠵᠢᠯ ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠦ᠂ ᠤᠯᠤᠰ ᠤᠨ ᠨᠢᠭᠤᠴᠠ ᠶᠢ ᠬᠢᠯᠢ ᠶᠢᠨ ᠭᠠᠳᠠᠨᠠᠬᠢ ᠳᠤ ᠬᠠᠤᠯᠢ ᠪᠤᠰᠤ ᠪᠠᠷ ᠬᠠᠩᠭᠠᠭᠰᠠᠨ ᠶᠠᠯ᠎ᠠ᠂ ᠠᠪᠯᠢᠭᠠᠯᠠᠭᠰᠠᠨ ᠶᠠᠯ᠎ᠠ ᠪᠠᠷ ᠴᠧᠩ ᠣᠪᠣᠭᠲᠤ ᠶᠢ 11 ᠵᠢᠯ 6 ᠰᠠᠷ᠎ᠠ ᠬᠤᠭᠤᠴᠠᠭ᠎ᠠ ᠲᠠᠢ ᠬᠤᠷᠢᠬᠤ ᠪᠠᠷ ᠰᠢᠢᠳᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号