9 ᠰᠠᠷ᠎ᠠ ᠶᠢᠨ 9 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ | ᠳᠠᠷᠤᠭ᠎ᠠ ᠢᠦᠶ ᠵᠢᠶ ᠱᠦᠨ ᠪᠣᠯᠤᠨ ᠱᠧᠨᠵᠧᠨ ᠤ ᠠᠵᠤ ᠠᠬᠤᠶᠢᠯᠠᠯ ᠬᠠᠮᠲᠤᠷᠠᠭᠰᠠᠨ ᠪᠠᠯᠠ ᠣᠷᠣᠭᠤᠯᠤᠯᠲᠠ ᠶᠢᠨ | ᠰᠢᠨᠵᠢᠯᠡᠨ ᠪᠠᠶᠢᠴᠠᠭᠠᠬᠤ ᠪᠦᠯᠬᠦᠮ ᠶᠠᠷᠢᠯᠴᠠᠬᠤ ᠬᠤᠷᠠᠯ ᠬᠢᠪᠠ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ | ᠤᠶᠤᠨᠲᠤ ᠬᠥᠳᠡᠭᠡ ᠠᠵᠤ ᠠᠬᠤᠢ᠂ ᠪᠤᠳᠤᠯᠭ᠎ᠠ ᠶᠢᠨ ᠴᠢᠳᠠᠪᠤᠷᠢ ᠶᠢᠨ ᠣᠯᠭᠤᠯᠲᠠ᠂ ᠳᠣᠣᠷ᠎ᠠ ᠣᠭᠲᠠᠷᠭᠤᠢ ᠶᠢᠨ | ᠠᠵᠤ ᠠᠬᠤᠢ᠂ ᠰᠢᠨ᠎ᠡ ᠡᠨᠧᠷᠭᠢ ᠶᠢᠨ ᠡᠬᠢ ᠪᠠᠶᠠᠯᠢᠭ ᠤᠨ ᠠᠰᠢᠭᠯᠠᠯᠲᠠ᠂ ᠰᠣᠶᠣᠯ ᠵᠤᠭᠠᠴᠠᠯ ᠤᠨ ᠠᠵᠤ ᠦᠢᠯᠡᠰ ᠤᠨ | ᠬᠥᠭᠵᠢᠯᠲᠡ ᠵᠡᠷᠭᠡ ᠲᠠᠯ᠎ᠠ ᠶᠢᠨ ᠲᠣᠭᠤᠷᠢᠨ ᠳᠤ ᠵᠥᠪᠳᠡᠯᠴᠡᠵᠦ᠂ ᠠᠵᠤ ᠠᠬᠤᠶᠢᠯᠠᠯ ᠤᠨ ᠬᠥᠭᠵᠢᠯᠲᠡ᠂ ᠲᠦᠷᠦ ᠶᠢᠨ | ᠪᠤᠳᠤᠯᠭ᠎ᠠ ᠶᠢᠨ ᠣᠷᠴᠢᠨ ᠲᠣᠭᠤᠷᠢᠨ᠂ ᠬᠠᠮᠲᠤᠷᠠᠯᠴᠠᠭᠠᠨ ᠤ ᠠᠵᠠ ᠲᠣᠬᠢᠶᠠᠯ ᠵᠡᠷᠭᠡ ᠲᠠᠯ᠎ᠠ ᠪᠠᠷ ᠰᠠᠨᠠᠯ ᠢᠶᠠᠨ | ᠰᠣᠯᠢᠯᠴᠠᠵᠤ᠂ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠤᠨ ᠠᠵᠤ ᠠᠬᠤᠶᠢᠯᠠᠯ ᠤᠨ ᠡᠬᠢ ᠪᠠᠶᠠᠯᠢᠭ ᠢ ᠬᠠᠮᠲᠤᠪᠠᠷ | ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ | ᠠᠬᠢᠭᠤᠯᠤᠨ᠎ᠠ ᠭᠡᠵᠦ ᠢᠯᠡᠳᠬᠡᠪᠡ᠃ |