ᠮᠢᠩ ᠰᠢᠩ ᠨᠠᠭᠤᠷ ᠤᠨ ︽ᠶᠠᠩᠭᠠᠷ ᠦᠵᠡᠬᠦ᠂ ᠠᠮᠲᠠᠲᠤ ᠢᠳᠡᠭᠡᠨ ᠢᠳᠡᠬᠦ᠂ ᠠᠷᠠᠳ ᠤᠨ ᠵᠠᠩ ᠦᠶᠯᠡ ᠶᠢ ᠶᠠᠷᠢᠯᠴᠠᠬᠤ᠂ ᠡᠯᠪᠡᠭ ᠬᠤᠷᠢᠶᠠᠯᠲᠠ ᠶᠢ ᠪᠡᠯᠭᠡᠯᠡᠬᠦ︾ ᠲᠣᠮᠣ ᠬᠡᠯᠪᠡᠷᠢ ᠶᠢᠨ ᠲᠠᠷᠢᠶᠠᠯᠠᠩ ᠵᠢᠭᠤᠯᠴᠢᠯᠠᠯ ᠤᠨ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠠᠵᠢᠯᠯᠠᠭ᠎ᠠ ᠵᠢᠴᠢ ᠬᠤᠶᠠᠳᠤᠭᠠᠷ ᠬᠤᠭᠤᠴᠠᠭᠠᠨ ᠤ ᠮᠢᠩ ᠰᠢᠩ ᠨᠠᠭᠤᠷ ᠤᠨ ᠡᠯᠡᠰᠦᠨ ᠲᠠᠩ ᠤᠨ ᠶᠠᠩᠭᠠᠷ ᠪᠥᠵᠢᠭ ᠤᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/9/16
   ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠰᠠᠭᠤᠭᠠᠯᠢ ᠠᠷᠠᠳ  ᠤᠨ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠲᠦᠴᠢᠦᠸᠠᠨ ᠰᠢᠶᠠᠨ  ᠤ ᠵᠡᠭᠦᠨ ᠲᠦᠷᠦᠯᠵᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠮᠢᠩ ᠰᠢᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠳᠤ ᠠᠩᠬᠠᠳᠤᠭᠠᠷ ᠬᠤᠭᠤᠴᠠᠭᠠᠨ ᠤ ︽ᠶᠠᠩᠭᠠᠷ ᠦᠵᠡᠬᠦ᠂ ᠠᠮᠲᠠᠲᠤ ᠢᠳᠡᠭᠡᠨ ᠢᠳᠡᠬᠦ᠂ ᠠᠷᠠᠳ ᠤᠨ ᠵᠠᠩ ᠦᠢᠯᠡ ᠶᠢ ᠶᠠᠷᠢᠯᠴᠠᠬᠤ᠂ ᠡᠯᠪᠡᠭ ᠬᠤᠷᠢᠶᠠᠯᠲᠠ ᠶᠢ ᠪᠡᠯᠭᠡᠯᠡᠬᠦ︾ ᠲᠣᠮᠣ ᠬᠡᠯᠪᠡᠷᠢ ᠶᠢᠨ ᠲᠠᠷᠢᠶᠠᠯᠠᠩ ᠵᠢᠭᠤᠯᠴᠢᠯᠠᠯ ᠤᠨ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠠᠵᠢᠯᠯᠠᠭ᠎ᠠ ᠵᠢᠴᠢ ᠵᠡᠭᠦᠨ ᠲᠦᠷᠦᠯᠵᠢ ᠪᠠᠯᠭᠠᠰᠤᠨ  ᠤ ᠬᠤᠶᠠᠳᠤᠭᠠᠷ ᠬᠤᠭᠤᠴᠠᠭᠠᠨ ᠤ ᠮᠢᠩ ᠰᠢᠩ ᠨᠠᠭᠤᠷ ᠤᠨ ᠡᠯᠡᠰᠦᠨ ᠲᠠᠩ ᠤᠨ ᠶᠠᠩᠭᠠᠷ ᠪᠥᠵᠢᠭ ᠤᠨ ᠤᠷᠤᠯᠳᠤᠭᠠᠨ ᠬᠢᠵᠦ᠂ ︽ᠨᠠᠢᠮᠠᠨ ᠰᠠᠷ᠎ᠠ ᠶᠢᠨ ᠲᠡᠷᠭᠡᠯ ᠪᠠᠶᠠᠷ︾ ᠤᠨ ᠠᠮᠠᠷᠠᠯᠲᠠ ᠳᠤ ᠬᠠᠮᠢᠭ᠎ᠠ ᠣᠴᠢᠵᠤ ᠨᠠᠭᠠᠳᠬᠤ  ᠪᠠᠨ ᠮᠡᠳᠡᠬᠦ ᠦᠭᠡᠢ ᠪᠤᠯ᠂ ᠭᠡᠷ ᠤᠨ ᠬᠥᠮᠦᠰ ᠲᠠᠢ ᠪᠠᠨ ᠬᠠᠮᠲᠤ ᠮᠢᠩ ᠰᠢᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠨᠢ ᠰᠠᠶᠢᠨ ᠲᠤᠭᠤᠷᠢᠨ ᠵᠤᠭᠠᠴᠠᠬᠤ ᠰᠤᠩᠭᠤᠯᠳᠠ ᠪᠤᠯᠤᠨ᠎ᠠ᠃
   ᠮᠢᠩ ᠰᠢᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠳᠤ ᠣᠷᠣᠪᠠᠯ᠂ ᠠᠵᠤ ᠦᠢᠯᠡᠰ ᠤᠨ ᠵᠡᠭᠡᠯᠢ ᠭᠤᠳᠤᠮᠵᠢ ᠳᠤ ᠤᠯᠠᠨ ᠬᠥᠮᠦᠨ ᠬᠦᠷᠴᠢᠭᠢᠨᠡᠨ ᠱᠤᠤᠭᠢᠯᠳᠤᠵᠤ᠂ ᠮᠢᠩ ᠰᠢᠩ ᠤᠨ ᠲᠤᠲᠤᠷᠭ᠎ᠠ᠂ ᠣᠳᠣᠳ ᠤᠨ ᠱᠣᠷᠪᠣᠭ ᠨᠤᠭᠤᠰᠤ ᠶᠢᠨ ᠥᠨᠳᠡᠭᠡ ᠵᠡᠷᠭᠡ ︽ᠮᠢᠩ ᠰᠢᠩ ᠨᠠᠭᠤᠷ︾ ᠤᠨ ᠦᠨᠦᠷ ᠠᠮᠲᠠ ᠲᠠᠢ ᠨᠤᠲᠤᠭ ᠤᠨ ᠣᠨᠴᠠ ᠭᠠᠷᠤᠯᠲᠠ ᠴᠥᠮ ᠤᠯᠠᠨ ᠲᠠᠢ ᠵᠣᠯᠭᠠᠵᠤ᠂ ᠳᠡᠯᠭᠡᠭᠦᠷ ᠪᠣᠯᠭᠠᠨ ᠳᠤ ᠵᠤᠭᠠᠴᠠᠭᠰᠠᠳ ᠤᠨ ᠠᠩᠬᠠᠷᠤᠯ ᠢ ᠶᠡᠬᠡᠳᠡ ᠲᠠᠲᠠᠵᠤ᠂ ᠳᠡᠯᠭᠡᠭᠦᠷ ᠤᠨ ᠡᠵᠡᠳ ᠠᠴᠠ ᠤᠯᠠᠨ ᠳᠤ ᠪᠦᠲᠦᠭᠡᠭᠳᠡᠬᠦᠨ ᠤ ᠣᠨᠴᠠᠯᠢᠭ ᠪᠣᠯᠤᠨ ᠦᠨ᠎ᠡ ᠬᠠᠩᠰᠢ ᠶᠢ ᠬᠠᠯᠠᠭᠤᠮᠰᠤᠭ ᠢᠶᠠᠷ ᠲᠠᠨᠢᠯᠴᠠᠭᠤᠯᠵᠤ ᠪᠠᠶᠢᠯ᠎ᠠ᠃ ︽ᠤᠰᠤ ᠰᠠᠶᠢᠬᠠᠨ ᠠᠶᠢᠯ︾ ᠲᠠᠷᠢᠶᠠᠴᠢᠨ ᠠᠶᠢᠯ ᠤᠨ ᠬᠦᠷᠢᠶᠡᠨ  ᠳᠤ᠂ ᠰᠣᠷᠭᠤᠭ ᠰᠠᠶᠢᠬᠠᠨ ᠨᠠᠶᠮᠠᠯᠵᠢ᠂ ᠣᠯᠠᠨ ᠵᠦᠶᠯ ᠤᠨ ᠵᠢᠭᠠᠰᠤ ᠨᠢ ᠬᠦᠮᠦᠰ ᠤᠨ ᠰᠢᠯᠦᠰᠦ ᠶᠢ ᠭᠤᠭᠤᠵᠢᠭᠤᠯᠵᠤ ᠂ ᠠᠮᠳᠠᠳᠤ ᠪᠤᠤᠰᠠ᠂ ᠠᠩᠬᠢᠯᠤᠮ᠎ᠠ ᠦᠨᠦᠷ ᠨᠢ ᠳᠥᠷᠪᠡᠨ ᠵᠦᠭ ᠲᠤ ᠳᠡᠯᠭᠡᠷᠡᠭᠰᠡᠨ ᠰᠢᠷᠠᠯᠠᠭ᠎ᠠ᠂ ᠵᠢᠩᠬᠢᠨᠢ ᠲᠠᠷᠢᠶᠠᠴᠢᠨ ᠠᠶᠢᠯ ᠤᠨ ᠨᠣᠭᠤᠭ᠎ᠠ ᠵᠡᠷᠭᠡ ᠡᠯ᠎ᠡ ᠵᠦᠶᠯ ᠤᠨ ᠠᠮᠲᠠᠲᠤ ᠢᠳᠡᠭᠡᠨ ᠨᠢ ᠬᠥᠮᠦᠰ ᠢ ᠲᠠᠳᠠᠵᠦ᠂ ᠣᠯᠠᠨ  ᠢᠶᠠᠷ ᠢᠶᠠᠨ ᠠᠮᠲᠠᠲᠤ ᠢᠳᠡᠭᠡᠨ ᠢ ᠠᠮᠲᠠᠯᠠᠬᠤ ᠶᠢᠨ ᠳᠠᠭᠠᠤ ᠨᠠᠶᠮᠠᠨ ᠰᠠᠷ᠎ᠠ ᠶᠢᠨ ᠲᠡᠷᠭᠡᠯ ᠪᠠᠶᠠᠷ ᠤᠨ ᠵᠠᠩ ᠳᠠᠳᠬᠠᠯ ᠪᠠ ᠥᠯᠢᠭᠡᠷ ᠢᠶᠠᠨ ᠰᠣᠯᠢᠯᠴᠠᠵᠤ᠂ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠪᠡ᠃
   ︽ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠪᠣᠯᠵᠠᠢ᠂ ᠡᠵᠢ ᠨᠠᠳᠠ ᠶᠢ ᠳᠠᠭᠠᠭᠤᠯᠵᠤ ᠮᠢᠩ ᠰᠢᠩ ᠨᠠᠭᠤᠷ ᠲᠤ ᠨᠠᠭᠠᠳᠬᠤ ᠪᠠᠷ ᠢᠷᠡᠵᠡᠢ᠂ ᠪᠢ ᠦᠰᠦᠷᠴᠦ ᠬᠠᠷᠠᠶᠢᠬᠤ ᠪᠣᠯᠤᠨ ᠳᠡᠭᠦᠵᠢᠩ ᠨᠠᠭᠠᠳᠴᠤ᠂ ᠠᠪᠤ ᠪᠠᠰᠠ ᠨᠠᠳᠠ ᠶᠢ ᠳᠠᠭᠠᠭᠤᠯᠵᠤ ᠠᠮᠲᠠᠲᠠᠢ ᠶᠠᠭᠤᠮ᠎ᠠ ᠢᠳᠡᠭᠦᠯᠵᠡᠢ᠂ ᠪᠢ ᠦᠨᠡᠨ ᠪᠠᠶᠠᠷᠯᠠᠵᠤ ᠪᠠᠶᠢᠨ᠎ᠠ᠃︾ ᠭᠡᠵᠦ ᠳ᠋ᠦᠩ ᠰᠧ ᠴᠢ ᠪᠢᠴᠢᠬᠠᠨ ᠨᠠᠶᠢᠵᠢ ᠪᠠᠶᠠᠷᠲᠠᠢ ᠬᠡᠯᠡᠨ᠎ᠡ᠃
   ᠭᠤᠶᠢᠳᠠ ᠰᠠᠶᠢᠬᠠᠨ ᠦᠵᠡᠮᠵᠢ᠂ ᠡᠯᠪᠡᠭ ᠪᠠᠶᠠᠯᠢᠭ ᠠᠮᠲᠠᠲᠤ ᠢᠳᠡᠭᠡᠨ ᠨᠢ ᠵᠢᠭᠤᠯᠴᠢᠯᠠᠭᠴᠢᠳ ᠢ ᠲᠠᠲᠠᠨ ᠵᠢᠷᠤᠭ ᠠᠪᠤᠭᠤᠯᠵᠤ᠂ ᠳᠠᠷᠠᠭ᠎ᠠ ᠨᠢ ︽ᠳ᠋ᠢᠩ ᠢ︾ ᠬᠠᠮᠲᠤᠯᠢᠭ ᠶᠢᠨ ᠣᠷᠭᠢᠯᠤᠮ᠎ᠠ ᠰᠡᠳᠬᠢᠯᠭᠡ ᠲᠠᠢ ᠲᠣᠭᠯᠠᠯᠲᠠ ᠨᠢ ᠣᠯᠠᠨ  ᠤ ᠬᠦᠷᠢᠶᠡᠯᠡᠯ ᠢ ᠣᠯᠵᠤ᠂ ᠣᠯᠠᠨ ᠢᠶᠠᠷ ᠢᠶᠠᠨ ᠠᠶᠢᠵᠠᠮ ᠴᠣᠬᠢᠯᠭ᠎ᠠ᠂ ᠬᠥᠭ ᠠᠶᠠᠰ ᠢ ᠲᠠᠭᠠᠨ ᠬᠦᠤᠷ ᠬᠦᠭᠵᠢᠶᠡᠨ ᠢᠶᠠᠷ ᠪᠢᠯᠬᠠᠨ᠎ᠠ᠃
   ︽ᠪᠢ ᠤᠯᠠᠭᠠᠨᠬᠤᠳᠠ ᠢᠷᠡᠭᠰᠡᠨ᠂ ᠶᠠᠭ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠳᠤ ᠬᠠᠮᠢᠭ᠎ᠠ ᠣᠴᠢᠵᠤ ᠨᠠᠭᠠᠳᠬᠤ ᠪᠠᠨ ᠮᠡᠳᠡᠬᠦ ᠦᠭᠡᠢ ᠪᠠᠶᠢᠵᠦ᠂ ᠨᠠᠶᠢᠵᠠ ᠶᠢᠨ ᠲᠣᠭᠤᠷᠢᠭ ᠠᠴᠠ ᠡᠨᠡ ᠭᠠᠵᠠᠷ ᠢ ᠣᠯᠵᠤ ᠮᠡᠳᠡᠭᠡᠳ᠂ ᠭᠡᠷ ᠤᠨ ᠬᠥᠮᠦᠰ ᠢᠶᠠᠨ ᠳᠠᠭᠠᠭᠤᠯᠤᠨ ᠬᠠᠮᠲᠤ ᠢᠷᠡᠵᠡᠢ᠂ ᠦᠵᠡᠮᠵᠢ ᠨᠢ ᠦᠨᠡᠬᠡᠷ ᠰᠠᠶᠢᠨ ᠮᠦᠷᠳᠡᠭᠡᠨ ᠮᠠᠰᠢ ᠣᠯᠠᠨ ᠠᠮᠲᠠᠲᠤ ᠢᠳᠡᠭᠡᠨ ᠢᠳᠡᠵᠦ᠂ ᠮᠠᠰᠢ ᠣᠯᠠᠨ ᠦᠵᠡᠮᠵᠢ ᠦᠵᠡᠵᠦ᠂ ᠦᠨᠡᠨ ᠡᠬᠡ ᠪᠠᠶᠢᠭᠠᠯᠢ ᠲᠠᠢ ᠣᠢᠷᠠᠳᠬᠤ ᠰᠠᠶᠢᠨ ᠭᠠᠵᠠᠷ ᠰᠢᠭ ᠰᠠᠨᠠᠭᠳᠠᠵᠠᠢ᠃︾ ᠭᠡᠵᠦ ᠵᠢᠭᠤᠯᠴᠢᠯᠠᠭᠴᠢ ᠸᠠᠩ ᠨᠢᠩ ᠬᠡᠯᠡᠨ᠎ᠡ᠃
   ᠡᠭᠦᠨ ᠤ ᠬᠠᠮᠲᠤ᠂ ᠭᠤᠶᠢᠳᠠ ᠰᠠᠢᠬᠠᠨ ᠶᠠᠩᠭᠠᠷ ᠤᠨ ᠤᠷᠤᠯᠳᠤᠭᠠᠨ ᠴᠤ ᠬᠥᠷ ᠬᠥᠭᠵᠢᠶᠡᠨ ᠲᠠᠢ ᠶᠠᠪᠤᠭᠳᠠᠵᠤ ᠪᠠᠶᠢᠯ᠎ᠠ᠂ ᠶᠠᠩᠭᠠᠷ ᠤᠨ ᠠᠩᠭᠢ ᠶᠢᠨ ᠭᠡᠰᠢᠭᠦᠳ ᠭᠤᠶᠤ ᠰᠠᠢᠬᠠᠨ ᠬᠤᠪᠴᠠᠰᠤ ᠵᠠᠰᠠᠯ ᠢᠶᠠᠨ ᠡᠮᠦᠰᠴᠦ᠂ ᠥᠩᠭᠡᠲᠦ ᠳᠡᠪᠢᠭᠦᠷ ᠢᠶᠠᠨ ᠬᠤᠷᠤᠶᠢᠯᠠᠵᠤ᠂ ᠪᠠᠶᠠᠷ ᠬᠥᠷ ᠲᠠᠢ ᠠᠯᠬᠤᠭ᠎ᠠ ᠪᠠᠷ ᠮᠤᠰᠬᠢᠯᠳᠤᠨ᠎ᠠ᠂ ᠲᠡᠳᠡᠨ ᠤ ᠭᠤᠶᠢᠳᠠ ᠰᠠᠢᠬᠠᠨ ᠲᠣᠭᠯᠠᠯᠲᠠ ᠨᠢ ᠦᠵᠡᠭᠴᠢᠳ ᠤᠨ ᠦᠶ᠎ᠡ ᠦᠶ᠎ᠡ ᠠᠯᠠᠭ᠎ᠠ ᠲᠠᠰᠢᠬᠤ ᠳᠠᠭᠤᠨ ᠪᠠ ᠮᠠᠭᠲᠠᠨ ᠰᠠᠶᠢᠰᠢᠶᠠᠬᠤ ᠳᠠᠭᠤᠨ ᠢ ᠣᠯᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠭᠳᠡᠭᠦᠯᠪᠡ᠃
   ︽ᠮᠠᠨ ᠤ ᠮᠢᠩ ᠰᠢᠩ ᠨᠠᠭᠤᠷ ᠤᠨ ᠶᠠᠩᠭᠠᠷ ᠤᠨ ᠤᠷᠤᠯᠳᠤᠭᠠᠨ ᠳᠤ ᠣᠷᠣᠯᠴᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠂ ᠡᠭᠦᠨ ᠤ ᠬᠠᠮᠲᠤ ᠨᠠᠶᠮᠠᠨ ᠰᠠᠷ᠎ᠠ ᠶᠢᠨ ᠲᠡᠷᠭᠡᠯ ᠪᠠᠶᠠᠷ ᠪᠣᠯᠬᠤ ᠭᠡᠵᠦ ᠪᠠᠶᠢᠨ᠎ᠠ᠂ ᠮᠢᠩ ᠰᠢᠩ ᠨᠠᠭᠤᠷ ᠲᠤ ᠢᠷᠡᠵᠦ ᠪᠢᠳᠡ ᠮᠠᠰᠢ ᠣᠯᠠᠨ ᠭᠤᠶᠣ ᠰᠠᠶᠢᠬᠠᠨ ᠦᠵᠡᠮᠵᠢ ᠶᠢ ᠰᠤᠨᠢᠷᠬᠠᠵᠦ ᠪᠤᠯᠤᠨ᠎ᠠ᠃︾ ᠭᠡᠵᠦ ᠵᠢᠭᠤᠯᠴᠢᠯᠠᠭᠴᠢ ᠵᠠᠩ ᠯᠢ ᠬᠡᠯᠡᠪᠡ᠃
   ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠴᠤ ᠪᠠᠶᠠᠯᠢᠭᠵᠢᠭᠤᠯᠵᠤ᠂ ᠣᠯᠠᠨ ᠢ ᠪᠠᠶᠠᠷ ᠬᠥᠷ ᠲᠠᠢ ᠡᠶ᠎ᠡ ᠨᠠᠶᠢᠷᠠᠮᠳᠠᠭᠤ ᠠᠭᠤᠷ ᠠᠮᠢᠰᠬᠤᠯ ᠤᠨ ᠳᠤᠮᠳᠠ ᠮᠠᠷᠲᠠᠭᠳᠠᠰᠢ ᠥᠬᠡᠶ ᠨᠠᠶᠮᠠᠨ ᠰᠠᠷ᠎ᠠ ᠶᠢᠨ ᠲᠡᠷᠭᠡᠯ ᠪᠠᠶᠠᠷ ᠢ ᠥᠩᠭᠡᠷᠡᠭᠦᠯᠪᠡ᠃
   ︽ᠨᠠᠶᠮᠠᠨ ᠰᠠᠷ᠎ᠠ ᠶᠢᠨ ᠲᠡᠷᠭᠡᠯ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠪᠢᠳᠡ ᠦᠷᠭᠦᠯᠵᠢᠯᠡᠨ ᠰᠢᠨ᠎ᠡ ᠶᠢ ᠡᠭᠦᠳᠬᠦ ᠠᠵᠢᠯᠯᠠᠭ᠎ᠠ ᠥᠷᠨᠢᠭᠦᠯᠵᠦ᠂ ᠪᠠᠶᠠᠷ ᠤᠨ ᠡᠳᠦᠷ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠲᠠᠰᠤᠷᠠᠯᠲᠠ ᠥᠬᠡᠶ ᠰᠢᠨ᠎ᠡ ᠶᠢ ᠡᠭᠦᠳᠬᠦ ᠪᠠ ᠬᠠᠶᠢᠨ ᠰᠦᠪᠡᠭᠴᠢᠯᠡᠬᠦ ᠪᠠᠷ ᠳᠠᠮᠵᠢᠭᠤᠯᠤᠨ᠂ ᠪᠠᠶᠠᠷ ᠤᠨ ᠡᠳᠦᠷ ᠤᠨ ᠰᠣᠶᠣᠯ ᠤᠨ ᠠᠭᠤᠷ ᠠᠮᠢᠰᠬᠤᠯ ᠢ ᠡᠮᠬᠢᠯᠡᠨ ᠨᠡᠶᠢᠯᠡᠭᠦᠯᠵᠦ᠂ ᠠᠩᠬᠠᠳᠤᠭᠠᠷ ᠬᠤᠭᠤᠴᠠᠭᠠᠨ ᠤ ︿ᠶᠠᠩᠭᠠᠷ ᠦᠵᠡᠬᠦ᠂ ᠠᠮᠲᠠᠲᠤ ᠢᠳᠡᠭᠡᠨ ᠢᠳᠡᠬᠦ᠂ ᠨᠠᠶᠮᠠᠨ ᠰᠠᠷ᠎ᠠ ᠶᠢᠨ ᠲᠡᠷᠭᠡᠯ ᠪᠠᠶᠠᠷ ᠢ ᠶᠠᠷᠢᠯᠴᠠᠬᠤ᠂ ᠡᠯᠪᠡᠭ ᠬᠤᠷᠢᠶᠠᠯᠲᠠ ᠶᠢ ᠪᠡᠯᠭᠡᠯᠡᠬᠦ ﹀ ᠭᠡᠬᠦ ᠡᠶᠢᠮᠦ ᠨᠢᠭᠡᠨ ᠠᠵᠢᠯᠯᠠᠭ᠎ᠠ ᠶᠢ ᠡᠷᠭᠢᠯᠡᠪᠡ᠂ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠪᠢᠳᠡ ᠪᠤᠰᠤᠳ ᠪᠠᠶᠠᠷ ᠤᠨ ᠡᠳᠦᠷ ᠤᠨ ᠠᠭᠤᠯᠤᠭᠳᠠᠬᠤᠨ ᠢ ᠦᠷᠭᠦᠯᠵᠢᠯᠡᠨ ᠭᠦᠨᠵᠡᠭᠡᠶ ᠠᠭᠤᠳᠠᠯᠵᠤ᠂ ᠳᠠᠬᠢᠨ ᠰᠢᠨ᠎ᠡ ᠬᠡᠯᠪᠡᠷᠢ ᠶᠢ ᠡᠭᠦᠳᠴᠦ᠂ ᠪᠤᠰᠤᠳ ᠪᠠᠶᠠᠷ ᠤᠨ ᠡᠳᠦᠷ ᠤᠨ ᠬᠡᠯᠪᠡᠷᠢ ᠶᠢ ᠠᠰᠢᠭᠯᠠᠨ ᠣᠲᠣᠳ ᠤᠨ ᠬᠥᠳᠡᠭᠡ ᠨᠤᠲᠤᠭ  ᠤᠨ ᠶᠡᠷᠦᠩᠬᠡᠶᠢᠯᠡᠭᠰᠡᠨ ᠴᠣᠭᠴᠠ ᠳᠤ ᠪᠤᠰᠤᠳ ᠠᠵᠢᠯᠯᠠᠭ᠎ᠠ ᠶᠢ ᠭᠦᠨᠵᠡᠭᠡᠶ ᠠᠭᠤᠳᠠᠯᠤᠨ᠎ᠠ᠃︾ ᠭᠡᠵᠦ ᠵᠡᠭᠦᠨ ᠲᠦᠷᠦᠯᠵᠢ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᠭᠤᠤ ᠸᠧᠶ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号