ᠱᠦᠶ ᠴᠢᠤᠸᠠᠨ ᠪᠠᠯᠭᠠᠰᠤ ᠬᠠᠤᠯᠢ ᠪᠠᠷ ᠵᠠᠰᠠᠬᠤ ᠤᠬᠠᠭᠤᠯᠭ᠎ᠠ ᠰᠤᠷᠭᠠᠭᠤᠯᠢ ᠶᠢᠨ ᠬᠦᠷᠢᠶᠡᠨ ᠳᠤ ᠣᠷᠣᠵᠤ ᠵᠠᠯᠠᠭᠤ ᠪᠠᠭᠠᠴᠤᠳ ᠤᠨ ᠦᠰᠦᠨ ᠪᠣᠶᠢᠵᠢᠯᠲᠠ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/9/16
   ︽ᠤᠯᠠᠨ ᠢᠶᠠᠷ ᠢᠶᠠᠨ ᠬᠡᠷᠪᠡ ᠰᠤᠷᠭᠠᠭᠤᠯᠢ ᠶᠢᠨ ᠬᠦᠷᠢᠶᠡᠨ ᠤ ᠡᠵᠡᠷᠬᠡᠭᠯᠡᠯ ᠳᠤ ᠤᠴᠠᠷᠠᠪᠠᠯ ᠶᠠᠭᠠᠬᠢᠵᠤ ᠬᠢᠪᠡᠯ ᠵᠣᠬᠢᠬᠤ ᠪᠤᠢ︖︾ ︽ᠥᠪᠡᠷ ᠢ ᠪᠠᠨ ᠬᠠᠮᠠᠭᠠᠯᠠᠬᠤ ᠶᠢᠨ ᠬᠠᠮᠲᠤ᠂ ᠳᠣᠷᠣᠮᠵᠢᠯᠠᠬᠤ ᠦᠶᠯᠡ ᠠᠵᠢᠯᠯᠠᠭ᠎ᠠ ᠶᠢ ᠵᠣᠷᠢᠭᠲᠠᠶ ᠪᠠᠷ ᠡᠰᠡᠷᠭᠦᠴᠡᠵᠦ᠂ ᠴᠠᠭᠳᠠᠭ᠎ᠠ ᠠᠪᠠᠭ᠎ᠠ ᠪᠣᠯᠤᠨ ᠰᠤᠷᠭᠠᠭᠤᠯᠢ᠂ ᠪᠠᠭᠰᠢ ᠳᠤ ᠡᠶᠢᠮᠦᠷᠬᠦ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠬᠡᠷᠡᠭᠳᠡᠢ︾᠃ ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠡᠬᠢ ᠡᠭᠦᠰᠦᠯ ᠠᠴᠠ ᠨᠢ ᠰᠡᠷᠭᠡᠶᠢᠯᠡᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠬᠤ ᠶᠢᠨ ᠲᠥᠯᠥᠭᠡ᠂ ᠤᠢᠢᠷ᠎ᠠ ᠶᠢᠨ ᠡᠳᠦᠷ ᠱᠦᠢ ᠴᠢᠤᠸᠠᠨ ᠪᠠᠯᠭᠠᠰᠤ ᠬᠠᠤᠯᠢᠵᠢᠯ ᠤᠨ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠲᠤᠮᠳᠠ᠂ ᠬᠠᠤᠯᠢ ᠲᠦᠭᠡᠮᠡᠯᠵᠢᠭᠦᠯᠬᠦ ᠤᠬᠠᠭᠤᠯᠤᠭᠴᠢ ︽ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ︾ ᠪᠠᠷ ᠭᠤᠤᠯ ᠰᠡᠳᠦᠪ ᠪᠤᠯᠭᠠᠵᠤ᠂ ᠵᠠᠯᠠᠭᠤ ᠪᠠᠭ᠎ᠠ ᠰᠤᠷᠤᠭᠴᠢᠳ ᠤᠨ ᠪᠡᠶ᠎ᠡ ᠰᠡᠳᠬᠢᠴᠡ ᠶᠢᠨ ᠣᠨᠴᠠᠯᠢᠭ ᠲᠠᠢ ᠤᠶᠠᠯᠳᠤᠭᠤᠯᠤᠨ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠬᠡᠷᠬᠢᠨ ᠲᠡᠪᠴᠢᠬᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠬᠡᠷᠬᠢᠨ ᠰᠡᠷᠭᠡᠶᠢᠯᠡᠬᠦ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠵᠡᠷᠭᠡ ᠠᠭᠤᠯᠭ᠎ᠠ ᠶᠢᠨ ᠲᠤᠭᠤᠷᠢᠨ ᠳᠤ᠂ ︽ᠦᠭᠡ ᠬᠡᠯᠡᠨ ᠤ ᠬᠦᠴᠦᠷᠬᠡᠭᠯᠡᠯ︾᠂ ︽ᠪᠡᠶ᠎ᠡ ᠮᠠᠬᠠᠪᠤᠳ ᠤᠨ ᠬᠦᠴᠦᠷᠬᠡᠭᠯᠡᠯ︾᠂ ︽ᠬᠠᠷᠢᠴᠠᠭᠠᠨ ᠤ ᠬᠦᠴᠦᠷᠬᠡᠭᠯᠡᠯ︾ ᠵᠢᠴᠢ ︽ᠰᠦᠯᠵᠢᠶᠡᠨ ᠤ ᠬᠦᠴᠦᠷᠬᠡᠭᠯᠡᠯ︾ ᠤᠨ ᠬᠤᠤᠷ ᠬᠥᠨᠥᠭᠡᠯ ᠢ ᠨᠠᠷᠢᠨ ᠲᠣᠳᠣᠷᠬᠠᠶ ᠶᠠᠷᠢᠪᠠ᠃ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠮᠢᠳᠤᠯᠢᠭ ᠳᠦᠷᠰᠦᠯᠢᠭ ᠦᠭᠡ ᠬᠡᠯᠡ ᠪᠠᠷ ᠵᠠᠯᠠᠭᠤᠴᠤᠳ ᠪᠠᠭᠠᠴᠤᠳ  ᠤᠨ ᠶᠠᠯ᠎ᠠ ᠬᠢᠬᠦ ᠣᠨᠴᠠᠯᠢᠭ ᠢ ᠭᠦᠨᠵᠡᠭᠡᠶ ᠪᠥᠭᠡᠳ ᠣᠶᠢᠯᠠᠭᠠᠮᠵᠢᠲᠠᠶ ᠵᠠᠳᠠᠯᠠᠵᠤ᠂ ᠢᠯᠡᠷᠡᠯ᠂ ᠪᠦᠲᠦᠭᠰᠡᠨ ᠰᠢᠯᠲᠠᠭᠠᠨ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠠᠴᠠ ᠡᠭᠦᠰᠴᠦ ᠮᠡᠳᠡᠬᠦ ᠶᠠᠯᠠᠲᠤ ᠠᠵᠢᠯᠯᠠᠭ᠎ᠠ ᠪᠠ ᠦᠷ᠎ᠡ ᠤᠷᠰᠢᠭ ᠢ ᠳ᠋ᠦᠩᠨᠡᠵᠦ᠂ ᠪᠠᠰᠠ ᠵᠠᠯᠠᠭᠤᠴᠤᠳ ᠪᠠᠭᠠᠴᠤᠳ ᠤᠨ ᠶᠠᠯ᠎ᠠ ᠬᠢᠬᠦ ᠶᠢ ᠬᠡᠷᠬᠢᠨ ᠰᠡᠷᠭᠡᠶᠢᠯᠡᠬᠦ ᠲᠤᠬᠠᠶ ᠨᠠᠷᠢᠨ ᠲᠠᠶᠢᠯᠪᠤᠷᠢᠯᠠᠯᠲᠠ ᠬᠢᠵᠦ᠂ ᠲᠤᠬᠠᠶ ᠶᠢᠨ ᠲᠠᠯᠠᠪᠠᠢ ᠶᠢᠨ ᠰᠤᠷᠤᠭᠴᠢᠳ ᠲᠤ ᠰᠡᠷᠡᠮᠵᠢ ᠶᠢᠨ ᠳᠣᠬᠢᠶ᠎ᠠ ᠦᠭᠴᠦ᠂ ᠬᠠᠤᠯᠢ ᠴᠠᠭᠠᠵᠠ ᠶᠢᠨ ᠵᠡᠪᠰᠡᠭ ᠪᠠᠷᠢᠵᠤ ᠥᠪᠡᠷ ᠢ ᠪᠠᠨ ᠬᠠᠮᠠᠭᠠᠯᠠᠬᠤ ᠶᠢ ᠰᠤᠷᠬᠤ ᠬᠡᠷᠡᠭᠲᠡᠶ ᠭᠡᠵᠦ ᠰᠤᠷᠤᠭᠴᠢᠳ ᠲᠤ ᠰᠠᠨᠠᠭᠤᠯᠤᠨ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠳᠤ ︽ᠪᠤᠯᠬᠤ ᠦᠭᠡᠢ︾ ᠭᠡᠵᠦ ᠡᠷᠡᠰ ᠬᠡᠯᠡᠵᠦ᠂ ᠵᠠᠯᠠᠭᠤᠴᠤᠳ ᠪᠠᠭᠠᠴᠤᠳ ᠤᠨ ᠵᠥᠪ ᠪᠤᠷᠤᠭᠤ ᠶᠢ ᠢᠯᠭᠠᠨ ᠲᠠᠨᠢᠬᠤ ᠪᠠ ᠥᠪᠡᠷ ᠢ ᠪᠠᠨ ᠬᠠᠮᠠᠭᠠᠯᠠᠬᠤ᠂ ᠥᠪᠡᠷ ᠢ  ᠪᠠᠨ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃
   ᠰᠤᠷᠤᠭᠴᠢᠳ ᠢᠳᠡᠪᠬᠢᠲᠡᠶ ᠪᠠᠷ ᠬ᠊‍ᠠᠷᠢᠯᠴᠠᠨ ᠶᠠᠷᠢᠶ᠎ᠠ ᠲᠠᠯᠪᠢᠵᠤ᠂ ᠣᠯᠠᠨ ᠢᠶᠠᠷ ᠢᠶᠠᠨ ᠬᠠᠤᠯᠢ ᠶᠢ ᠰᠠᠶᠢᠲᠤᠷ ᠰᠤᠷᠴᠤ᠂ ᠬᠠᠤᠯᠢ ᠶᠢ ᠰᠠᠬᠢᠵᠤ᠂ ᠬᠠᠤᠯᠢ ᠶᠢ ᠮᠡᠳᠡᠵᠦ᠂ ᠬᠠᠤᠯᠢ ᠶᠢ ᠬᠠᠮᠠᠭᠠᠯᠠᠵᠤ᠂ ᠬᠠᠤᠯᠢ ᠴᠠᠭᠠᠵᠠ ᠶᠢᠨ ᠵᠡᠪᠰᠡᠭ  ᠢ ᠵᠦᠶ ᠵᠣᠬᠢᠰᠲᠠᠶ ᠬᠡᠷᠡᠭᠯᠡᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠨ᠎ᠠ ᠭᠡᠵᠦ ᠰᠠᠨᠠᠯ ᠨᠢᠭᠡᠲᠡᠶ ᠢᠯᠡᠷᠬᠡᠶᠢᠯᠡᠪᠡ᠃    ᠠᠵᠢᠯᠯᠠᠭ᠎ᠠ ᠶᠢᠨ ᠳᠤᠮᠳᠠ ᠪᠠᠰᠠ ᠰᠤᠷᠤᠭᠴᠢᠳ ᠲᠤ ︽ᠢᠷᠭᠡᠨ ᠤ ᠬᠠᠤᠯᠢ
 ᠶᠢᠨ ᠪᠢᠴᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ
ᠤᠯᠤᠰ ᠤᠨ ᠦᠨᠳᠦᠰᠦᠨ ᠬᠠᠤᠯᠢ︾ ᠶᠢᠨ ᠤᠬᠠᠭᠤᠯᠭ᠎ᠠ ᠶᠢᠨ ᠤᠩᠰᠢᠬᠤ ᠪᠢᠴᠢᠭ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠵᠢᠴᠢ ᠭᠠᠵᠢᠭᠤ ᠨᠣᠮᠯᠠᠯ ᠢ ᠡᠰᠡᠷᠭᠦᠴᠡᠬᠦ ᠬᠠᠮᠢᠶ᠎ᠠ ᠪᠥᠬᠦᠶ ᠠᠭᠤᠯᠭ᠎ᠠ ᠶᠢᠨ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ  ᠶᠢᠨ ᠬᠠᠭᠤᠳᠠᠰᠤ ᠶᠢ 300 ᠭᠠᠷᠤᠶ ᠬᠤᠪᠢ ᠲᠠᠷᠬᠠᠭᠠᠵᠤ᠂ ᠵᠢᠷᠤᠭ ᠪᠢᠴᠢᠭ ᠢ ᠵᠡᠷᠭᠡ ᠪᠠᠷ ᠬᠡᠷᠡᠭᠯᠡᠬᠦ ᠬᠡᠯᠪᠡᠷᠢ ᠪᠠᠷ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠳᠡᠯᠭᠡᠨ ᠦᠵᠡᠭᠦᠯᠵᠦ᠂ ᠠᠮᠢᠳᠤᠯᠢᠭ ᠳᠦᠷᠢ ᠲᠥᠷᠬᠦ ᠲᠠᠢ ᠮᠥᠷᠲᠡᠭᠡᠨ ᠠᠮᠠᠷᠬᠠᠨ ᠣᠶᠢᠯᠠᠭᠠᠳᠠᠭ᠃
   ︽ᠡᠨᠡ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢᠨ ᠠᠭᠤᠯᠭ᠎ᠠ ᠨᠢ ᠡᠯᠪᠡᠭ ᠪᠠᠶᠠᠯᠢᠭ᠂ ᠲᠥᠬᠦᠮ ᠣᠶᠢᠯᠠᠭᠠᠮᠵᠢᠲᠠᠶ᠂ ᠰᠤᠷᠤᠯᠴᠠᠬᠤ ᠳᠤ ᠰᠣᠨᠢᠷᠬᠠᠯᠲᠠᠶ ᠮᠥᠷᠲᠡᠭᠡᠨ ᠤᠳᠬ᠎ᠠ ᠠᠭᠤᠯᠭ᠎ᠠ ᠲᠠᠢ ᠪᠠᠶᠢᠵᠤ᠂ ᠲᠡᠭᠦᠨ ᠤ ᠳᠤᠮᠳᠠ ᠠᠴᠠ ᠵᠠᠯᠠᠭᠤᠴᠤᠳ ᠪᠠᠭᠠᠴᠤᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠶᠢᠨ ᠴᠢᠬᠤᠯᠠ ᠴᠢᠨᠠᠷ ᠢ ᠭᠦᠨᠵᠡᠭᠡᠶ ᠣᠶᠢᠯᠠᠭᠠᠭᠰᠠᠨ ᠪᠥᠭᠡᠳ ᠬᠠᠤᠯᠢ ᠪᠤᠰᠤ ᠬᠠᠯᠳᠠᠯᠭ᠎ᠠ ᠳᠤ ᠤᠴᠠᠷᠠᠬᠤ ᠦᠶ᠎ᠡ ᠳᠤ ᠥᠪᠡᠷ ᠢ ᠪᠠᠨ ᠬᠡᠷᠬᠢᠨ ᠬᠠᠮᠠᠭᠠᠯᠠᠪᠠᠯ ᠵᠣᠬᠢᠬᠤ ᠶᠢ ᠨᠠᠩ ᠴᠤ ᠣᠶᠢᠯᠠᠭᠠᠭᠰᠠᠨ ᠪᠠᠶᠢᠨ᠎ᠠ᠃︾ ᠭᠡᠵᠦ ᠱᠦᠢ ᠴᠢᠤᠸᠠᠨ ᠪᠠᠯᠭᠠᠰᠤᠨ ᠤ ᠭᠤᠣᠯ ᠪᠠᠭ᠎ᠠ ᠰᠤᠷᠭᠠᠭᠤᠯᠢ ᠶᠢᠨ ᠲᠠᠪᠤᠳᠤᠭᠠᠷ ᠣᠨ ᠤ ᠰᠤᠷᠤᠭᠴᠢ ᠵᠢᠤᠢ ᠰᠢ ᠬᠡᠯᠡᠪᠡ᠃    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠰᠤᠷᠤᠭᠴᠢᠳ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠵᠤ᠂ ᠲᠡᠳᠡᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠭᠠᠨ ᠲᠠᠨᠢᠬᠤ ᠪᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠰᠤᠷᠭᠠᠭᠤᠯᠢ ᠶᠢᠨ ᠬᠦᠷᠢᠶᠡᠨ ᠳᠠᠬᠢ ᠡᠵᠡᠷᠬᠡᠭᠯᠡᠯ ᠢ ᠡᠰᠡᠷᠭᠦᠴᠡᠬᠦ᠂ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠬᠠᠮᠲᠤ ᠪᠠᠷ ᠪᠠᠶᠢᠭᠤᠯᠬᠤ ᠰᠠᠶᠢᠨ ᠰᠠᠶᠢᠬᠠᠨ ᠬᠡᠪ ᠰᠤᠷᠲᠠᠯ  ᠢ ᠠᠬᠢᠭᠤᠯᠵᠤ᠂ ᠬᠠᠤᠯᠢ ᠪᠠᠷ ᠵᠠᠰᠠᠬᠤ ᠰᠤᠷᠭᠠᠭᠤᠯᠢ ᠶᠢᠨ ᠬᠦᠷᠢᠶ᠎ᠡ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    ᠱᠦᠶ ᠴᠢᠤᠸᠠᠨ ᠪᠠᠯᠭᠠᠰᠤ ᠣᠯᠠᠨ ᠲᠦᠮᠡᠨᠴᠢ ᠴᠢᠨᠠᠷᠲᠠᠶ ᠬᠠᠤᠯᠢ ᠪᠠᠷ ᠵᠠᠰᠠᠬᠤ ᠰᠣᠶᠣᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠯ᠎ᠡ ᠲᠥᠷᠥᠯ ᠤᠨ ᠤᠯᠠᠮᠵᠢᠯᠠᠬᠤ ᠵᠠᠭᠤᠴᠢ ᠶᠢ ᠠᠰᠢᠭᠯᠠᠨ ᠤᠬᠠᠭᠤᠯᠭ᠎ᠠ ᠬᠥᠮᠦᠵᠢᠯ ᠥᠷᠨᠢᠭᠦᠯᠵᠦ᠂ ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠨᠠᠩ ᠣᠯᠠᠨ ᠬᠥᠮᠦᠨ ᠢ ᠬᠠᠤᠯᠢ ᠶᠢ ᠰᠤᠷᠬᠤ᠂ ᠬᠠᠤᠯᠢ ᠶᠢ ᠮᠡᠳᠡᠬᠦ᠂ ᠬᠠᠤᠯᠢ  ᠶᠢ ᠰᠠᠬᠢᠬᠤ᠂ ᠬᠠᠤᠯᠢ ᠶᠢ ᠬᠡᠷᠡᠭᠯᠡᠬᠦ ᠪᠣᠯᠭᠠᠵᠤ᠂ ᠬᠠᠤᠯᠢ ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ ᠡᠷᠬᠡ ᠠᠰᠢᠭ ᠢᠶᠠᠨ ᠪᠠᠲᠤᠯᠠᠬᠤ ᠪᠣᠯᠭᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号