ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠬᠥᠭᠵᠢᠯᠲᠡ ᠶᠢᠨ ᠰᠠᠭᠤᠷᠢ ᠮᠥᠨ᠃ | ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠠᠵᠢᠯ ᠣᠯᠭᠤᠬᠤ ᠦᠢᠯᠡᠰ ᠪᠤᠰᠬᠠᠬᠤ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠢᠮᠠᠭᠲᠠ ᠠᠵᠢᠯ ᠣᠯᠭᠤᠬᠤ ᠦᠢᠯᠡᠰ ᠪᠤᠰᠬᠠᠬᠤ ᠶᠢ ᠬᠠᠮᠤᠭ ᠤᠨ ᠶᠡᠭᠡ | ᠠᠷᠠᠳ ᠤᠨ ᠠᠮᠢᠳᠤᠷᠠᠯ ᠤᠨ ᠠᠵᠢᠯ ᠪᠣᠯᠭᠠᠨ ᠠᠳᠬᠤᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠬᠦᠴᠢᠷᠳᠡᠯ ᠢ ᠰᠢᠢᠳᠪᠦᠷᠢᠯᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠠᠷᠭ᠎ᠠ ᠵᠠᠮ ᠢ ᠥᠷᠭᠡᠳᠬᠡᠨ ᠠᠵᠢᠯ | ᠣᠯᠭᠤᠯᠲᠠ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠢᠯ ᠣᠯᠭᠤᠬᠤ ᠦᠢᠯᠡᠰ ᠪᠤᠰᠬᠠᠬᠤ | ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠬᠦ ᠶᠢ ᠢᠳᠡᠪᠬᠢᠲᠡᠢ ᠠᠬᠢᠭᠤᠯᠵᠤ᠂ ︽ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ︾ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠬᠦᠴᠦ ᠪᠠᠨ | ᠲᠥᠪᠯᠡᠷᠡᠭᠦᠯᠦᠨ ᠰᠠᠶᠢᠲᠤᠷ ᠬᠠᠷᠢᠭᠤᠯᠪᠠ᠃ | | ᠠᠯᠳᠠᠨ ᠨᠠᠮᠤᠷ ᠤᠨ ᠠᠵᠢᠯᠲᠠᠨ ᠤᠷᠢᠵᠤ ᠠᠵᠢᠯ ᠣᠯᠭᠤᠯᠲᠠ ᠶᠢ ᠠᠬᠢᠭᠤᠯᠤᠨ᠎ᠠ | ︽ᠶᠠᠭ ᠠᠵᠢᠯ ᠡᠷᠢᠵᠦ ᠤᠯᠬᠤ ᠥᠬᠡᠶ ᠶᠢᠨ ᠲᠥᠯᠥᠭᠡ ᠰᠠᠨᠠᠭ᠎ᠠ ᠵᠣᠪᠠᠵᠤ ᠪᠠᠶᠢᠵᠠᠢ᠂ ᠡᠨᠡ ᠤᠳᠠᠭᠠᠨ ᠤ | ᠠᠵᠢᠯᠲᠠᠨ ᠡᠯᠰᠡᠬᠦ ᠴᠤᠭᠯᠠᠭᠠᠨ ᠢ ᠦᠨᠡᠬᠡᠷ ᠴᠠᠭ ᠲᠠᠭᠠᠨ ᠬᠢᠵᠡᠶ᠂ ᠰᠠᠶ᠋ᠢᠬᠠᠨ 2 ᠺᠣᠮᠫᠠᠨᠢ ᠠᠴᠠ ᠠᠰᠠᠭᠤᠨ ᠯᠠᠪᠯᠠᠵᠤ᠂ | ᠲᠡᠭᠦᠨ ᠤ ᠳᠣᠲᠣᠷᠠᠬᠢ ᠨᠢᠭᠡ ᠺᠣᠮᠫᠠᠨᠢ ᠶᠢᠨ ᠬᠠᠩᠭᠠᠭᠰᠠᠨ ᠠᠵᠢᠯ ᠤᠨ ᠪᠠᠶᠢᠷᠢ ᠳᠤ ᠪᠢ ᠨᠡᠯᠢᠶᠡᠳ ᠬᠠᠨᠤᠮᠵᠢᠲᠠᠶ | ᠪᠠᠶᠢᠵᠤ᠂ ᠠᠵᠢᠯ ᠡᠷᠢᠬᠦ ᠰᠠᠨᠠᠮᠵᠢ ᠶᠢᠨ ᠪᠢᠴᠢᠭ ᠢ ᠨᠢᠭᠡᠨᠲᠡ ᠲᠠᠭᠯᠠᠵᠠᠶ᠃︾ 9 ᠰᠠᠷ᠎ᠠ ᠶᠢᠨ 5 ᠤ ᠡᠳᠦᠷ᠂ | 2024 ᠣᠨ ᠤ ᠹᠠᠩ ᠱᠠᠨ ᠲᠣᠭᠤᠷᠢᠭ ᠪᠣᠯᠤᠨ ᠲᠦᠴᠢᠦᠸᠠᠨ ᠰᠢᠶᠠᠨ ᠤ ᠲᠤᠰᠠᠯᠠᠬᠤ ᠬᠠᠮᠲᠤᠷᠠᠯᠴᠠᠭ᠎ᠠ ᠶᠢ | ᠵᠣᠯᠭᠠᠭᠤᠯᠬᠤ ᠠᠵᠢᠯᠯᠠᠭ᠎ᠠ ᠵᠢᠴᠢ ᠠᠯᠲᠠᠨ ᠨᠠᠮᠤᠷ ᠤᠨ ᠲᠣᠮᠣ ᠬᠡᠯᠪᠡᠷᠢ ᠶᠢᠨ ᠲᠤᠬᠠᠶ ᠶᠢᠨ ᠲᠠᠯᠠᠪᠠᠶ ᠶᠢᠨ ᠠᠵᠢᠯᠲᠠᠨ | ᠡᠯᠰᠡᠬᠦ ᠴᠤᠭᠯᠠᠭᠠᠨ ᠤ ᠲᠤᠬᠠᠶ ᠶᠢᠨ ᠲᠠᠯᠠᠪᠠᠶ ᠳᠤ᠂ ᠲᠦᠴᠢᠦᠸᠠᠨ ᠪᠠᠯᠭᠠᠰᠤᠨ ᠤ ᠰᠠᠭᠤᠭᠠᠯᠢ ᠠᠷᠠᠳ ᠴᠧᠨ ᠢᠤᠢ | ᠰᠢᠩ ᠨᠢᠭᠡᠨᠲᠡ ᠲᠤᠬᠠᠶ ᠶᠢᠨ ᠲᠠᠯᠠᠪᠠᠶ ᠳᠤ ᠨᠢᠭᠡᠨ ᠠᠵᠤ ᠠᠬᠤᠶᠢᠯᠠᠯ ᠲᠠᠢ ᠠᠩᠬ᠎ᠠ ᠠᠯᠬᠤᠮ ᠤᠨ ᠠᠵᠢᠯ ᠤᠯᠬᠤ | ᠰᠠᠨᠠᠮᠵᠢ ᠲᠠᠢ ᠪᠣᠯᠵᠠᠶ᠃ | ᠠᠵᠢᠯᠲᠠᠨ ᠡᠯᠰᠡᠬᠦ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠨᠡᠷ᠎ᠡ ᠮᠡᠳᠡᠭᠦᠯᠬᠦ ᠪᠠᠷ ᠢᠷᠡᠭᠰᠡᠨ ᠠᠵᠢᠯ | ᠡᠷᠢᠭᠰᠡᠳ ᠬᠤᠶᠢᠨ᠎ᠠ ᠬᠤᠶᠢᠨ᠎ᠠ ᠠᠴᠠ ᠪᠠᠨ ᠴᠤᠪᠤᠷᠠᠵᠤ᠂ ᠡᠯ᠎ᠡ ᠠᠵᠢᠯᠲᠠᠨ ᠡᠯᠰᠡᠬᠦ ᠠᠵᠤ ᠠᠬᠤᠶᠢᠯᠠᠯ ᠤᠨ | ᠦᠵᠡᠭᠦᠯᠦᠯᠭᠡ ᠶᠢᠨ ᠲᠠᠪᠴᠠᠩ ᠳᠤ ᠴᠥᠮ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢᠨ ᠦᠵᠡᠭᠦᠯᠦᠯᠭᠡ ᠶᠢᠨ | ᠰᠠᠮᠪᠠᠷ᠎ᠠ ᠭᠠᠷᠭᠠᠵᠤ᠂ ᠠᠵᠢᠯ ᠡᠷᠢᠭᠰᠡᠳ ᠲᠤ ᠲᠣᠬᠢᠷᠠᠮᠵᠢᠲᠠᠶ ᠠᠵᠢᠯ ᠤᠨ ᠪᠠᠶᠢᠷᠢ ᠲᠠᠨᠢᠯᠴᠠᠭᠤᠯᠵᠤ ᠥᠭᠲᠡᠭ᠃ ᠲᠣᠰ | ᠤᠳᠠᠭᠠᠨ ᠤ ᠤᠷᠢᠵᠤ ᠬᠡᠷᠡᠭᠯᠡᠬᠦ ᠨᠢᠭᠡᠴᠡ ᠨᠡᠶᠢᠲᠡ 53 ᠪᠠᠶᠢᠵᠤ᠂ ᠦᠶᠯᠡᠴᠢᠯᠡᠭᠡᠨ ᠤ ᠦᠶᠯᠡᠰ᠂ ᠭᠠᠷ ᠦᠶᠯᠡᠳᠪᠦᠷᠢ | ᠂ ᠴᠠᠬᠢᠯᠭᠠᠨ ᠭᠠᠩᠨᠠᠭᠤᠷ ᠤᠨ ᠮᠡᠷᠭᠡᠵᠢᠯ ᠵᠡᠷᠭᠡ ᠣᠯᠠᠨ ᠬᠦᠷᠢᠶ᠎ᠡ ᠶᠢ ᠬᠠᠮᠤᠷᠴᠤ᠂ 833 ᠠᠵᠢᠯ ᠤᠨ ᠪᠠᠶᠢᠷᠢ | ᠬᠠᠩᠭᠠᠵᠤ᠂ ᠠᠵᠢᠯ ᠡᠷᠢᠭᠰᠡᠳ ᠲᠤ ᠣᠯᠠᠨ ᠲᠥᠷᠥᠯ ᠬᠡᠯᠪᠡᠷᠢ᠂ ᠣᠯᠠᠨ ᠠᠵᠢᠯ ᠲᠥᠷᠥᠯ᠂ ᠣᠯᠠᠨ ᠲᠠᠰ ᠳᠠᠪᠬᠤᠷᠭ᠎ᠠ | ᠪᠥᠬᠦᠶ ᠠᠵᠢᠯ ᠤᠨ ᠪᠠᠶᠢᠷᠢ ᠶᠢᠨ ᠰᠣᠩᠭᠤᠯᠲᠠ ᠬᠠᠩᠭᠠᠵᠤ᠂ ᠠᠳᠠᠯᠢ ᠪᠤᠰᠤ ᠲᠠᠰ ᠳᠠᠪᠬᠤᠷᠭ᠎ᠠ ᠶᠢᠨ ᠠᠵᠢᠯ | ᠡᠷᠢᠭᠰᠡᠳ ᠤᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ | ᠲᠤᠬᠠᠶ ᠶᠢᠨ ᠲᠠᠯᠠᠪᠤᠷ ᠲᠤ ᠠᠵᠢᠯᠲᠠᠨ ᠡᠯᠰᠡᠬᠦ ᠶᠢᠨ ᠬᠠᠮᠲᠤ᠂ ᠲᠦᠴᠢᠦᠸᠠᠨ ᠰᠢᠶᠠᠨ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨ᠎ᠠ ᠬᠤᠯᠪᠣᠭᠠᠯᠠᠨ ᠬᠥᠳᠡᠯᠦᠯᠴᠡᠬᠦ ᠶᠢ ᠢᠳᠡᠪᠬᠢᠲᠡᠶ ᠬᠡᠷᠡᠭᠵᠢᠭᠦᠯᠵᠦ᠂ ᠰᠢᠭᠤᠳ ᠨᠡᠪᠲᠡᠷᠡᠭᠦᠯᠭᠡ ᠪᠠᠷ | ᠠᠵᠢᠯ ᠤᠨ ᠪᠠᠶᠢᠷᠢ ᠳᠠᠭᠠᠭᠤᠯᠬᠤ᠂ ᠠᠯᠪᠠᠨ ᠲᠠᠯ᠎ᠠ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ | ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠮᠡᠳᠡᠭᠡ ᠵᠠᠩᠭᠢ ᠶᠢ ᠵᠡᠷᠭᠡ ᠪᠠᠷ ᠨᠡᠶᠢᠲᠡᠯᠡᠵᠦ᠂ ᠲᠤᠬᠠᠶ ᠶᠢᠨ ᠲᠠᠯᠠᠪᠤᠷ ᠲᠤ | ᠢᠷᠡᠭᠰᠡᠨ ᠥᠬᠡᠶ ᠠᠵᠢᠯ ᠡᠷᠢᠭᠰᠡᠳ ᠲᠤ ᠠᠵᠢᠯᠲᠠᠨ ᠡᠯᠰᠡᠬᠦ ᠮᠡᠳᠡᠭᠡ ᠵᠠᠩᠭᠢ ᠶᠢ ᠰᠢᠭᠤᠳ ᠨᠡᠪᠲᠡᠷᠡᠭᠦᠯᠬᠦ ᠪᠠᠷ | ᠳᠠᠮᠵᠢᠭᠤᠯᠤᠨ ᠠᠵᠢᠯ ᠤᠯᠬᠤ ᠳᠤ ᠲᠥᠬᠦᠮ ᠦᠵᠡᠭᠦᠯᠪᠡ᠃ | ︽ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠳᠤ ᠪᠢᠳᠡ ᠲᠣᠮᠣ ᠳ᠋ᠠᠶᠢᠲ᠋ᠠ ᠶᠢ ᠰᠣᠩᠭᠤᠨ ᠵᠣᠬᠢᠴᠠᠭᠤᠯᠵᠤ᠂ | ᠰᠦᠯᠵᠢᠶᠡᠨ ᠳᠡᠭᠡᠷᠡᠬᠢ ᠠᠵᠢᠯᠯᠠᠭᠠᠨ ᠤ ᠤᠷᠢᠯᠭ᠎ᠠ ᠶᠠᠪᠤᠭᠤᠯᠵᠤ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢ | ᠨᠠᠷᠢᠯᠢᠭ ᠣᠨᠣᠴᠠᠲᠠᠶ ᠪᠠᠷ ᠵᠣᠯᠭᠠᠯᠳᠤᠭᠤᠯᠪᠠ᠃ ᠲᠠᠷᠠᠭᠠᠴᠢ ᠶᠢᠨ ᠠᠯᠬᠤᠮ ᠳᠤ ᠲᠣᠮᠣ ᠠᠵᠤ ᠦᠶᠯᠡᠰ ᠤᠨ | ᠦᠶᠯᠡᠴᠢᠯᠡᠭᠡᠨ ᠤ ᠪᠠᠲᠤᠯᠠᠭ᠎ᠠ ᠶᠢᠨ ᠵᠠᠭᠪᠤᠷ ᠢ ᠲᠠᠰᠤᠷᠠᠯᠲᠠ ᠥᠬᠡᠶ ᠰᠢᠨᠡᠴᠢᠯᠡᠵᠦ᠂ ᠠᠵᠤ ᠠᠬᠤᠶᠢᠯᠠᠯ ᠤᠨ | ᠬᠥᠭᠵᠢᠯᠲᠡ ᠪᠠ ᠠᠵᠢᠯ ᠡᠷᠢᠭᠰᠡᠳ ᠲᠤ ᠬᠥᠭᠦᠷᠭᠡ ᠬᠤᠯᠪᠣᠭᠠᠰᠤ ᠪᠣᠯᠵᠣ᠂ ᠣᠯᠠᠨ ᠲᠠᠯ᠎ᠠ ᠪᠠᠷ ᠬᠠᠮᠲᠤ ᠪᠠᠷ ᠠᠰᠢᠭ | ᠭᠥᠷᠳᠡᠬᠦ ᠶᠢ ᠪᠡᠶᠡᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ | ᠲᠠᠰ ᠳᠡᠪᠰᠢᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ | ᠨᠡᠮᠡᠷᠢᠯᠡᠬᠦ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ | ᠣᠯᠭᠤᠯᠲᠠ ᠶᠢᠨ ᠦᠶᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠬᠤ᠋ ᠴᠢᠩ ᠬᠤᠸᠠ ᠬᠡᠯᠡᠪᠡ᠃ | | ᠡᠳᠦᠷ ᠤᠨ ᠬᠦᠴᠦᠨ ᠤ ᠵᠠᠬ᠎ᠠ ᠳᠡᠯᠭᠡᠭᠦᠷ ᠠᠵᠢᠯ ᠣᠯᠭᠤᠯᠲᠠ ᠳᠤ ᠳᠡᠮᠵᠢᠯᠭᠡ ᠦᠵᠡᠭᠦᠯᠦᠨ᠎ᠡ | ︽ᠰᠢᠩ ᠠᠨ ᠰᠤᠯᠠ ᠠᠵᠢᠯ ᠤᠨ ᠵᠠᠬ᠎ᠠ ᠳᠡᠯᠭᠡᠭᠦᠷ ᠢᠶᠠᠷ ᠳᠠᠮᠵᠢᠨ ᠪᠢ ᠡᠨᠡ ᠬᠦ ᠠᠵᠢᠯ ᠢ ᠣᠯᠵᠤ᠂ ᠣᠳᠣ | ᠨᠢᠭᠡᠨᠲᠡ 4 ᠰᠠᠷ᠎ᠠ ᠭᠠᠷᠤᠶ ᠠᠵᠢᠯᠯᠠᠵᠠᠶ᠂ ᠴᠠᠯᠢᠩ ᠮᠠᠰᠢ ᠲᠣᠭᠲᠠᠪᠤᠷᠢᠲᠠᠶ᠂ ᠰᠠᠷ᠎ᠠ ᠪᠦᠷᠢ 3000 ᠭᠠᠷᠤᠶ | ᠲᠥᠭᠦᠷᠢᠭ ᠤᠨ ᠣᠷᠣᠯᠭ᠎ᠠ ᠲᠠᠢ᠂ ᠪᠢ ᠮᠠᠰᠢ ᠬᠠᠨᠤᠮᠵᠢᠲᠠᠶ ᠪᠠᠶᠢᠨ᠎ᠠ᠃︾ ᠭᠡᠵᠦ ᠲᠦᠴᠢᠦᠸᠠᠨ ᠪᠠᠯᠭᠠᠰᠤᠨ ᠤ | ᠰᠠᠭᠤᠭᠠᠯᠢ ᠠᠷᠠᠳ ᠲᠢᠶᠠᠨ ᠬᠤᠸᠠ ᠬᠡᠯᠡᠪᠡ᠃ | ᠲᠦᠴᠢᠦᠸᠠᠨ ᠪᠠᠯᠭᠠᠰᠤᠨ ᠳᠤ ᠰᠠᠭᠤᠵᠤ ᠪᠠᠶᠢᠭ᠎ᠠ ᠲᠢᠶᠠᠨ ᠬᠤᠸᠠ᠂ ᠣᠯᠠᠨ ᠵᠢᠯ ᠤᠨ ᠲᠤᠷᠰᠢ ᠭᠠᠳᠠᠭᠰᠢ | ᠭᠠᠷᠴᠤ ᠬᠥᠯᠥᠰᠥᠨ ᠠᠵᠢᠯ ᠬᠢᠵᠦ᠂ ᠨᠠᠰᠤ ᠠᠭᠢᠬᠤ ᠶᠢ ᠳᠠᠭᠠᠯᠳᠤᠨ ᠬᠡᠷ ᠲᠡᠭᠡᠨ ᠬᠠᠷᠢᠵᠤ ᠠᠵᠢᠯ ᠤᠯᠬᠤ ᠶᠢ | ᠬᠦᠰᠡᠳᠡᠭ᠃ ᠲᠤᠷᠰᠢᠵᠤ ᠦᠵᠡᠬᠦ ᠣᠪᠣᠷ ᠢᠶᠠᠷ᠂ ᠲᠡᠷᠡ ᠰᠢᠩ ᠠᠨ ᠰᠤᠯᠠ ᠠᠵᠢᠯ ᠤᠨ ᠵᠠᠬ᠎ᠠ ᠳᠡᠯᠭᠡᠭᠦᠷ ᠲᠤ | ᠬᠦᠷᠴᠦ᠂ ᠰᠤᠯᠠ ᠠᠵᠢᠯ ᠤᠨ ᠵᠠᠬ᠎ᠠ ᠳᠡᠯᠭᠡᠭᠦᠷ ᠲᠤ ᠳᠠᠩᠰᠠᠯᠠᠭᠤᠯᠤᠭᠰᠠᠨ ᠮᠡᠳᠡᠭᠡ ᠵᠠᠩᠭᠢ ᠪᠠᠷ ᠳᠠᠮᠵᠢᠭᠤᠯᠤᠨ᠂ | ᠲᠡᠭᠦᠨ ᠢ ᠮᠠᠰᠢ ᠲᠦᠷᠭᠡᠨ ᠢᠶᠠᠷ ᠠᠵᠢᠯ ᠣᠯᠭᠤᠪᠠ᠃ | ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠃ ᠰᠤᠯᠠ ᠠᠵᠢᠯ ᠬᠢᠵᠦ ᠪᠠᠶᠢᠭ᠎ᠠ | ᠬᠥᠮᠦᠰ ᠤᠨ ᠠᠵᠢᠯ ᠣᠯᠭᠤᠯᠲᠠ ᠶᠢ ᠨᠡᠩ ᠰᠠᠶᠢᠨ ᠪᠠᠲᠤᠯᠠᠬᠤ ᠶᠢᠨ ᠲᠥᠯᠥᠭᠡ᠂ ᠲᠦᠴᠢᠦᠸᠠᠨ ᠰᠢᠶᠠᠨ ᠠᠵᠢᠯ ᠤᠨ | ᠰᠡᠳᠬᠢᠴᠡ ᠪᠠᠨ ᠰᠢᠨᠡᠴᠢᠯᠡᠵᠦ᠂ ᠰᠤᠯᠠ ᠠᠵᠢᠯ ᠬᠢᠵᠦ ᠪᠠᠶᠢᠭ᠎ᠠ ᠬᠥᠮᠦᠰ ᠤᠨ ᠵᠠᠬ᠎ᠠ ᠳᠡᠯᠭᠡᠭᠦᠷ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠤᠯᠠ ᠠᠵᠢᠯ ᠬᠢᠵᠦ ᠪᠠᠶᠢᠭ᠎ᠠ ᠬᠥᠮᠦᠰ ᠲᠤ ᠠᠯᠢ ᠲᠦᠷᠭᠡᠨ ᠢᠶᠠᠷ | ᠬᠠᠷᠢᠶᠠᠯᠠᠭᠳᠠᠬᠤ ᠲᠦᠷᠦᠭᠳᠡᠯ ᠣᠯᠭᠤᠵᠤ᠂ ᠠᠵᠢᠯᠴᠢᠨ ᠬᠡᠷᠡᠭᠯᠡᠬᠦ ᠲᠠᠯ᠎ᠠ ᠳᠤ ︽ᠰᠡᠳᠬᠢᠯ ᠠᠮᠤᠷ︾ ᠪᠣᠯᠭᠠᠵᠤ᠂ ᠨᠡᠩ | ᠤᠯᠠᠨ ᠠᠷᠠᠳ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠲᠠᠶᠢᠴᠢᠯᠠᠪᠠ᠃ | ᠰᠤᠯᠠ ᠠᠵᠢᠯ ᠤᠨ ᠵᠠᠬ᠎ᠠ ᠳᠡᠯᠭᠡᠭᠦᠷ ᠲᠠᠷᠠᠬᠠᠢ ᠪᠤᠳᠠᠷᠬᠠᠢ᠂ ᠡᠮᠬᠢ ᠵᠠᠮᠪᠠᠷᠠᠭ᠎ᠠ ᠦᠭᠡᠢ᠂ ᠦᠢᠯᠡᠴᠢᠯᠡᠭᠡᠨ ᠤ | ᠴᠢᠳᠠᠪᠤᠷᠢ ᠳᠣᠣᠷ᠎ᠠ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠦᠴᠢᠦᠸᠠᠨ ᠰᠢᠶᠠᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠰᠢᠶᠠᠨ ᠤ ᠬᠥᠮᠦᠨ ᠤ | ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢᠶᠠᠷ ᠲᠦᠰᠢᠭ ᠪᠣᠯᠭᠠᠵᠤ᠂ ᠰᠤᠯᠠ ᠠᠵᠢᠯ ᠤᠨ ᠵᠠᠬ᠎ᠠ ᠳᠡᠯᠭᠡᠭᠦᠷ ᠢ | ᠪᠠᠶᠢᠭᠤᠯᠵᠤ᠂ ᠪᠦᠬᠦᠯᠢ ᠡᠳᠦᠷ ᠢᠶᠠᠷ ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ᠂ ᠠᠵᠢᠯᠴᠢᠨ ᠡᠯᠰᠡᠬᠦ | ᠳᠠᠩᠰᠠᠯᠠᠯᠲᠠ᠂ ᠠᠵᠢᠯ ᠣᠯᠭᠤᠯᠲᠠ ᠶᠢ ᠲᠠᠨᠢᠯᠴᠠᠭᠤᠯᠬᠤ᠂ ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠬᠦ ᠵᠡᠷᠭᠡ ︽ | ᠪᠦᠬᠦ ᠬᠡᠯᠬᠢᠶ᠎ᠡ︾ ᠶᠢᠨ ᠳᠣᠲᠣᠨᠣ ᠦᠢᠯᠡᠴᠢᠯᠡᠭᠡ ᠬᠠᠩᠭᠠᠵᠤ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ | ᠵᠥᠷᠢᠴᠡᠯ ᠢ ᠪᠦᠲᠦᠮᠵᠢᠲᠡᠢ ᠨᠠᠮᠳᠠᠭᠤᠯᠵᠤ᠂ ᠠᠮᠢᠳᠤᠯᠢᠭ ᠢᠶᠠᠷ ᠠᠵᠢᠯ ᠣᠯᠤᠭᠰᠠᠳ ᠤᠨ ᠨᠡᠩ ᠴᠢᠨᠠᠷ ᠰᠠᠶᠢᠲᠠᠢ ᠠᠵᠢᠯ | ᠣᠯᠭᠤᠯᠲᠠ ᠶᠢ ᠪᠡᠶᠡᠯᠡᠭᠦᠯᠬᠦ ᠶᠢ ᠠᠬᠢᠭᠤᠯᠪᠠ᠃ | ︽ᠰᠢᠩ ᠠᠨ ᠰᠤᠯᠠ ᠠᠵᠢᠯ ᠤᠨ ᠵᠠᠬ᠎ᠠ ᠳᠡᠯᠭᠡᠭᠦᠷ ᠨᠢ ᠣᠳᠣᠬᠠᠨ ᠳᠤ ᠥᠷᠭᠡᠨ ᠣᠯᠠᠨ ᠰᠠᠭᠤᠭᠠᠯᠢ ᠠᠷᠠᠳ | ᠲᠤ ᠬᠡᠷ ᠤᠨ ᠶᠠᠪᠤᠳᠠᠯ ᠤᠨ ᠲᠥᠷᠥᠯ᠂ ᠰᠡᠯᠪᠢᠨ ᠵᠠᠰᠠᠬᠤ ᠲᠥᠷᠥᠯ᠂ ᠠᠮᠢᠳᠤᠷᠠᠯ ᠤᠨ ᠦᠶᠯᠡᠴᠢᠯᠡᠭᠡ ᠵᠡᠷᠭᠡ ᠭᠤᠷᠪᠠᠨ | ᠶᠡᠭᠡ ᠲᠥᠷᠥᠯ ᠤᠨ 30 ᠭᠠᠷᠤᠶ ᠠᠵᠢᠯ ᠲᠥᠷᠥᠯ ᠢ ᠬᠠᠩᠭᠠᠵᠤ ᠪᠣᠯᠤᠨ᠎ᠠ᠂ ᠵᠠᠬ᠎ᠠ ᠳᠡᠯᠭᠡᠭᠦᠷ ᠪᠠᠶᠢᠭᠤᠯᠤᠭᠳᠠᠭᠰᠠᠨ | ᠠᠴᠠ ᠨᠠᠰᠢ᠂ 2160 ᠭᠠᠷᠤᠶ ᠮᠡᠳᠡᠭᠡ ᠵᠠᠩᠭᠢ ᠶᠢ ᠨᠡᠶᠢᠲᠡᠯᠡᠵᠦ᠂ 1533 ᠬᠥᠮᠦᠨ ᠤᠳᠠᠭ᠎ᠠ ᠳᠤ ᠠᠵᠢᠯ | ᠣᠯᠭᠤᠭᠰᠠᠨ ᠪᠠᠶᠢᠨ᠎ᠠ᠃︾ ᠭᠡᠵᠦ ᠰᠢᠩ ᠠᠨ ᠰᠤᠯᠠ ᠠᠵᠢᠯ ᠤᠨ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠺᠠᠩ | ᠶᠠ ᠪᠢᠨ ᠬᠡᠯᠡᠪᠡ᠃ | | ᠮᠡᠷᠭᠡᠵᠢᠯ ᠤᠨ ᠪᠣᠯᠪᠠᠰᠤᠷᠠᠯ ᠠᠵᠢᠯ ᠣᠯᠭᠤᠯᠲᠠ ᠶᠢ ᠲᠤᠭᠳᠠᠪᠦᠷᠢᠵᠢᠭᠤᠯᠤᠨᠠ | ᠡᠨᠡ ᠬᠡᠳᠦᠨ ᠡᠳᠦᠷ᠂ ᠲᠦᠴᠢᠦᠸᠠᠨ ᠪᠠᠯᠭᠠᠰᠤᠨ ᠤ 53 ᠨᠠᠰᠤᠲᠠᠢ ᠰᠠᠭᠤᠭᠠᠯᠢ ᠠᠷᠠᠳ ᠯᠦᠨ ᠰᠢᠦ ᠯᠢ ᠪᠠᠰᠠ | ᠨᠢᠭᠡᠨ ︽ᠰᠤᠷᠤᠭᠴᠢ︾ ᠪᠤᠯᠵᠤ᠂ ᠡᠳᠦᠷ ᠪᠦᠷᠢ ᠥᠷᠯᠥᠭᠡ ᠡᠷᠲᠡ ᠭᠡᠷ ᠤᠨ ᠶᠠᠪᠤᠳᠠᠯ ᠤᠨ ᠺᠣᠮᠫᠠᠨᠢ ᠳᠤ ᠢᠷᠡᠵᠦ | ᠪᠣᠯᠪᠠᠰᠤᠷᠠᠯ ᠳᠤ ᠣᠷᠣᠯᠴᠠᠳᠠᠭ᠃ ᠲᠡᠨᠳᠡ᠂ ᠲᠡᠭᠦᠨ ᠤ ᠡᠳᠦᠷ ᠪᠦᠷᠢ ᠶᠢᠨ ᠬᠢᠴᠢᠶᠡᠯ ᠪᠣᠯ ᠡᠷᠡᠭᠦᠯ ᠮᠡᠨᠳᠦ ᠶᠢ | ᠬᠠᠮᠠᠭᠠᠯᠠᠬᠤ ᠢᠯᠢᠯᠭᠡ ᠬᠢᠨ᠎ᠡ᠃ ᠪᠣᠯᠪᠠᠰᠤᠷᠠᠭᠤᠯᠤᠯ ᠤᠨ ᠠᠩᠭᠢ ᠨᠢ ᠣᠨᠣᠯ ᠪᠠ ᠪᠣᠳᠠᠲᠤ ᠠᠵᠢᠯᠯᠠᠭ᠎ᠠ ᠶᠢ | ᠤᠶᠠᠯᠳᠤᠭᠤᠯᠤᠭᠰᠠᠨ ᠬᠢᠴᠢᠶᠡᠯᠯᠡᠬᠦ ᠠᠷᠭ᠎ᠠ ᠮᠠᠶ᠋ᠢᠭ᠂ ᠮᠠᠲ᠋ᠧᠷᠢᠶᠠᠯ᠂ ᠬᠡᠪ ᠢ ᠴᠥᠮ ᠰᠤᠷᠭᠠᠭᠤᠯᠢ ᠠᠴᠠ ᠬᠠᠩᠭᠠᠵᠤ᠂ | ᠬᠥᠮᠦᠨ ᠪᠦᠷᠢ ᠳᠤ ᠡᠳᠦᠷ ᠪᠦᠷᠢ 100 ᠲᠥᠭᠦᠷᠢᠭ ᠤᠨ ᠨᠥᠬᠦᠪᠥᠷᠢ ᠣᠯᠭᠤᠨ᠎ᠠ᠃ | ︽ᠰᠢᠶᠠᠨ ᠠᠴᠠ ᠦᠷᠭᠦᠯᠵᠢ ᠪᠢᠳᠡᠨ ᠢ ᠵᠣᠬᠢᠶᠠᠨ ᠪᠠᠶᠢᠭᠤᠯᠵᠤ ᠤᠷ᠎ᠠ ᠮᠡᠷᠭᠡᠵᠢᠯ ᠤᠨ ᠪᠣᠯᠪᠠᠰᠤᠷᠠᠯ ᠳᠤ | ᠣᠷᠣᠯᠴᠠᠭᠤᠯᠵᠤ᠂ ᠣᠯᠠᠨ ᠵᠦᠶᠯ ᠤᠨ ᠤᠷ᠎ᠠ ᠮᠡᠷᠭᠡᠵᠢᠯ ᠰᠣᠷᠣᠭᠰᠠᠨ ᠤ ᠳᠠᠷᠠᠭ᠎ᠠ ᠢᠯᠡᠭᠦᠦ ᠨᠢᠭᠡ ᠠᠵᠢᠯ ᠤᠯᠬᠤ | ᠲᠣᠬᠢᠶᠠᠯ ᠣᠯᠳᠠᠭ᠂ ᠪᠢ ᠬᠥᠷᠰᠢ ᠵᠡᠷᠭᠡᠯᠡᠳᠡᠭᠡ ᠲᠠᠢ ᠪᠠᠨ ᠥᠪᠡᠷ ᠢᠶᠠᠨ ᠨᠢᠭᠡ ᠵᠢᠵᠢᠭ ᠳᠡᠯᠭᠡᠭᠦᠷ ᠨᠡᠭᠡᠭᠡᠵᠦ᠂ ᠥᠪᠡᠷ | ᠢᠶᠠᠨ ᠡᠵᠡᠨᠳᠡᠨ ᠪᠣᠯᠬᠤ ᠪᠠᠷ ᠲᠦᠰᠦᠪᠯᠡᠵᠦ ᠪᠠᠶᠢᠨ᠎ᠠ︾ ᠭᠡᠵᠦ ᠯᠦᠨ ᠰᠢᠦ ᠯᠢ ᠢᠨᠢᠶᠡᠮᠰᠦᠭᠯᠡᠨ ᠬᠡᠯᠡᠪᠡ᠃ | ᠨᠢᠭᠡ ᠵᠦᠢᠯ ᠤᠨ ᠮᠡᠷᠭᠡᠵᠢᠯ ᠲᠠᠢ ᠪᠠᠶᠢᠵᠤ᠂ ᠲᠣᠭᠲᠠᠭᠤᠨ ᠠᠵᠢᠯ ᠣᠯᠭᠤᠯᠲᠠ ᠶᠢ ᠪᠡᠶᠡᠯᠡᠭᠦᠯᠵᠦ᠂ ᠲᠦᠴᠢᠦᠸᠠᠨ | ᠰᠢᠶᠠᠨ ᠤᠷ᠎ᠠ ᠴᠢᠳᠠᠪᠤᠷᠢ ᠶᠢᠨ ᠪᠣᠯᠪᠠᠰᠤᠷᠠᠯ ᠪᠣᠯᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ | ᠲᠠᠰᠤᠷᠠᠯᠲᠠ ᠦᠭᠡᠢ ᠴᠢᠩᠭᠠᠳᠬᠠᠨ ᠲᠡᠭᠦᠯᠳᠡᠷᠵᠢᠭᠦᠯᠵᠦ᠂ ᠴᠢᠳᠠᠪᠤᠷᠢ ᠳᠤᠨᠢ ᠲᠤᠬᠢᠷᠠᠭᠤᠯᠤᠨ ᠵᠢᠭᠠᠨ ᠰᠤᠷᠭᠠᠵᠤ᠂ ︽ | ᠤᠨᠢᠨ ᠳᠡᠭᠡᠷ᠎ᠡ ᠨᠢ ᠪᠣᠯᠪᠠᠰᠤᠷᠠᠯ ᠬᠦᠷᠲᠡᠭᠡᠬᠦ᠂ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠣᠯᠭᠤᠯᠲᠠ ᠶᠢ | ᠠᠬᠢᠭᠤᠯᠬᠤ︾ ᠶᠡᠷᠦᠩᠬᠡᠢ ᠬᠠᠷᠠᠯᠲᠠ ᠶᠢ ᠴᠢᠩᠭ᠎ᠠ ᠠᠳᠬᠤᠵᠤ᠂ ᠤᠯᠠᠨ ᠲᠦᠮᠡᠨ ᠢ ᠵᠣᠬᠢᠶᠠᠨ ᠪᠠᠶᠢᠭᠤᠯᠤᠨ ᠴᠢᠭ᠂ | ᠭᠡᠷ ᠤᠨ ᠶᠠᠪᠤᠳᠠᠯ᠂ ᠵᠢᠰᠦ ᠭᠤᠶᠣᠯᠠᠭᠴᠢ᠂ ᠲᠣᠭᠤᠭᠠᠴᠢ ᠵᠡᠷᠭᠡ ᠤᠯᠠᠨ ᠵᠦᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠬᠦᠷᠲᠡᠭᠡᠵᠦ᠂ ︽4050︾ ᠬᠥᠮᠦᠰ ᠤᠨ ᠠᠵᠢᠯ ᠤᠯᠬᠤ ᠴᠢᠳᠠᠪᠤᠷᠢ ᠶᠢ ᠬᠦᠴᠦᠲᠡᠢ ᠠᠬᠢᠭᠤᠯᠵᠤ᠂ | ︽ᠨᠢᠭᠡ ᠬᠥᠮᠦᠨ ᠢ ᠪᠣᠯᠪᠠᠰᠤᠷᠠᠭᠤᠯᠪᠠᠯ᠂ ᠨᠢᠭᠡ ᠬᠥᠮᠦᠨ ᠳᠤ ᠠᠵᠢᠯ ᠣᠯᠭᠤᠵᠤ᠂ ᠨᠢᠭᠡ ᠡᠷᠦᠬᠡ ᠶᠢ ᠪᠠᠶᠠᠵᠢᠭᠤᠯᠬᠤ | ︾ ᠬᠠᠷᠠᠯᠲᠠ ᠶᠢ ᠦᠨᠡᠨ ᠬᠦ ᠪᠡᠶᠡᠯᠡᠭᠦᠯᠦᠨ᠎ᠡ᠃ | | ᠣᠳᠣᠬᠠᠨ ᠪᠣᠯᠲᠠᠯ᠎ᠠ᠂ ᠲᠦᠴᠢᠦᠸᠠᠨ ᠰᠢᠶᠠᠨ ᠨᠡᠶᠢᠲᠡ 35 ᠠᠩᠭᠢ ᠬᠤᠭᠤᠴᠠᠭ᠎ᠠ ᠪᠣᠯᠪᠠᠰᠤᠷᠠᠭᠤᠯᠵᠤ᠂ | 1500 ᠰᠤᠷᠤᠭᠴᠢᠳ ᠲᠤ ᠪᠣᠯᠪᠠᠰᠤᠷᠠᠯ ᠬᠦᠷᠲᠡᠭᠡᠵᠦ᠂ ᠪᠣᠯᠪᠠᠰᠤᠷᠠᠯ ᠤᠨ ᠳᠠᠷᠠᠭ᠎ᠠ ᠬᠤᠲᠠ ᠪᠠᠯᠭᠠᠰᠤᠨ ᠤ ᠠᠵᠢᠯ | ᠣᠯᠭᠤᠯᠲᠠ ᠶᠢᠨ ᠨᠣᠷᠮ᠎ᠠ 70 % ᠳᠤ ᠬᠦᠷᠴᠦ᠂ ᠬᠥᠳᠡᠭᠡ ᠲᠣᠰᠬᠤᠨ ᠤ ᠠᠵᠢᠯ ᠣᠯᠭᠤᠯᠲᠠ ᠶᠢᠨ ᠨᠣᠷᠮ᠎ᠠ 40 | % ᠳᠤ ᠬᠦᠷᠴᠡᠶ᠃ |