ᠲᠦᠴᠢᠦᠸᠠᠨ ᠰᠢᠶᠠᠨ ᠠᠵᠢᠯ ᠣᠯᠭᠤᠯᠲᠠ ᠶᠢᠨ ︽ᠬᠠᠷᠢᠭᠤᠯᠲᠠ ᠶᠢᠨ ᠬᠠᠭᠤᠳᠠᠰᠤ︾ ᠶᠢ ᠰᠠᠶᠢᠲᠤᠷ ᠪᠢᠴᠢᠵᠦ ᠠᠷᠠᠳ ᠤᠨ ᠠᠮᠢᠳᠤᠷᠠᠯ ᠤᠨ ᠰᠠᠭᠤᠷᠢ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/9/19
   ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠬᠥᠭᠵᠢᠯᠲᠡ ᠶᠢᠨ ᠰᠠᠭᠤᠷᠢ ᠮᠥᠨ᠃ ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠠᠵᠢᠯ ᠣᠯᠭᠤᠬᠤ ᠦᠢᠯᠡᠰ ᠪᠤᠰᠬᠠᠬᠤ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠢᠮᠠᠭᠲᠠ ᠠᠵᠢᠯ ᠣᠯᠭᠤᠬᠤ ᠦᠢᠯᠡᠰ ᠪᠤᠰᠬᠠᠬᠤ ᠶᠢ ᠬᠠᠮᠤᠭ  ᠤᠨ ᠶᠡᠭᠡ ᠠᠷᠠᠳ ᠤᠨ ᠠᠮᠢᠳᠤᠷᠠᠯ ᠤᠨ ᠠᠵᠢᠯ ᠪᠣᠯᠭᠠᠨ ᠠᠳᠬᠤᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠬᠦᠴᠢᠷᠳᠡᠯ ᠢ ᠰᠢᠢᠳᠪᠦᠷᠢᠯᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠠᠷᠭ᠎ᠠ ᠵᠠᠮ ᠢ ᠥᠷᠭᠡᠳᠬᠡᠨ ᠠᠵᠢᠯ ᠣᠯᠭᠤᠯᠲᠠ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠢᠯ ᠣᠯᠭᠤᠬᠤ ᠦᠢᠯᠡᠰ ᠪᠤᠰᠬᠠᠬᠤ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠬᠦ ᠶᠢ ᠢᠳᠡᠪᠬᠢᠲᠡᠢ ᠠᠬᠢᠭᠤᠯᠵᠤ᠂ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ︾ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠬᠦᠴᠦ  ᠪᠠᠨ ᠲᠥᠪᠯᠡᠷᠡᠭᠦᠯᠦᠨ ᠰᠠᠶᠢᠲᠤᠷ ᠬᠠᠷᠢᠭᠤᠯᠪᠠ᠃
   ᠠᠯᠳᠠᠨ ᠨᠠᠮᠤᠷ ᠤᠨ ᠠᠵᠢᠯᠲᠠᠨ ᠤᠷᠢᠵᠤ ᠠᠵᠢᠯ ᠣᠯᠭᠤᠯᠲᠠ ᠶᠢ ᠠᠬᠢᠭᠤᠯᠤᠨ᠎ᠠ    ︽ᠶᠠᠭ ᠠᠵᠢᠯ ᠡᠷᠢᠵᠦ ᠤᠯᠬᠤ ᠥᠬᠡᠶ ᠶᠢᠨ ᠲᠥᠯᠥᠭᠡ ᠰᠠᠨᠠᠭ᠎ᠠ ᠵᠣᠪᠠᠵᠤ ᠪᠠᠶᠢᠵᠠᠢ᠂ ᠡᠨᠡ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠦᠨᠡᠬᠡᠷ ᠴᠠᠭ ᠲᠠᠭᠠᠨ ᠬᠢᠵᠡᠶ᠂ ᠰᠠᠶ᠋ᠢᠬᠠᠨ 2 ᠺᠣᠮᠫᠠᠨᠢ ᠠᠴᠠ ᠠᠰᠠᠭᠤᠨ ᠯᠠᠪᠯᠠᠵᠤ ᠂ ᠲᠡᠭᠦᠨ ᠤ ᠳᠣᠲᠣᠷᠠᠬᠢ ᠨᠢᠭᠡ ᠺᠣᠮᠫᠠᠨᠢ ᠶᠢᠨ ᠬᠠᠩᠭᠠᠭᠰᠠᠨ ᠠᠵᠢᠯ ᠤᠨ ᠪᠠᠶᠢᠷᠢ ᠳᠤ ᠪᠢ ᠨᠡᠯᠢᠶᠡᠳ ᠬᠠᠨᠤᠮᠵᠢᠲᠠᠶ ᠪᠠᠶᠢᠵᠤ᠂ ᠠᠵᠢᠯ ᠡᠷᠢᠬᠦ ᠰᠠᠨᠠᠮᠵᠢ ᠶᠢᠨ ᠪᠢᠴᠢᠭ ᠢ ᠨᠢᠭᠡᠨᠲᠡ ᠲᠠᠭᠯᠠᠵᠠᠶ᠃︾ 9 ᠰᠠᠷ᠎ᠠ ᠶᠢᠨ 5 ᠤ ᠡᠳᠦᠷ᠂ 2024 ᠣᠨ ᠤ ᠹᠠᠩ ᠱᠠᠨ ᠲᠣᠭᠤᠷᠢᠭ ᠪᠣᠯᠤᠨ ᠲᠦᠴᠢᠦᠸᠠᠨ ᠰᠢᠶᠠᠨ ᠤ ᠲᠤᠰᠠᠯᠠᠬᠤ ᠬᠠᠮᠲᠤᠷᠠᠯᠴᠠᠭ᠎ᠠ ᠶᠢ ᠵᠣᠯᠭᠠᠭᠤᠯᠬᠤ ᠠᠵᠢᠯᠯᠠᠭ᠎ᠠ ᠵᠢᠴᠢ ᠠᠯᠲᠠᠨ ᠨᠠᠮᠤᠷ ᠤᠨ ᠲᠣᠮᠣ ᠬᠡᠯᠪᠡᠷᠢ ᠶᠢᠨ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠴᠤᠭᠯᠠᠭᠠᠨ ᠤ ᠲᠤᠬᠠᠶ ᠶᠢᠨ ᠲᠠᠯᠠᠪᠠᠶ ᠳᠤ᠂ ᠲᠦᠴᠢᠦᠸᠠᠨ ᠪᠠᠯᠭᠠᠰᠤᠨ ᠤ ᠰᠠᠭᠤᠭᠠᠯᠢ ᠠᠷᠠᠳ ᠴᠧᠨ ᠢᠤᠢ ᠰᠢᠩ ᠨᠢᠭᠡᠨᠲᠡ ᠲᠤᠬᠠᠶ ᠶᠢᠨ ᠲᠠᠯᠠᠪᠠᠶ ᠳᠤ ᠨᠢᠭᠡᠨ ᠠᠵᠤ ᠠᠬᠤᠶᠢᠯᠠᠯ ᠲᠠᠢ ᠠᠩᠬ᠎ᠠ ᠠᠯᠬᠤᠮ ᠤᠨ ᠠᠵᠢᠯ ᠤᠯᠬᠤ ᠰᠠᠨᠠᠮᠵᠢ ᠲᠠᠢ ᠪᠣᠯᠵᠠᠶ᠃    ᠠᠵᠢᠯᠲᠠᠨ ᠡᠯᠰᠡᠬᠦ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠨᠡᠷ᠎ᠡ ᠮᠡᠳᠡᠭᠦᠯᠬᠦ ᠪᠠᠷ ᠢᠷᠡᠭᠰᠡᠨ ᠠᠵᠢᠯ ᠡᠷᠢᠭᠰᠡᠳ ᠬᠤᠶᠢᠨ᠎ᠠ ᠬᠤᠶᠢᠨ᠎ᠠ ᠠᠴᠠ ᠪᠠᠨ ᠴᠤᠪᠤᠷᠠᠵᠤ᠂ ᠡᠯ᠎ᠡ ᠠᠵᠢᠯᠲᠠᠨ ᠡᠯᠰᠡᠬᠦ ᠠᠵᠤ ᠠᠬᠤᠶᠢᠯᠠᠯ ᠤᠨ ᠦᠵᠡᠭᠦᠯᠦᠯᠭᠡ ᠶᠢᠨ ᠲᠠᠪᠴᠠᠩ ᠳᠤ ᠴᠥᠮ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢᠨ ᠦᠵᠡᠭᠦᠯᠦᠯᠭᠡ ᠶᠢᠨ ᠰᠠᠮᠪᠠᠷ᠎ᠠ ᠭᠠᠷᠭᠠᠵᠤ᠂ ᠠᠵᠢᠯ ᠡᠷᠢᠭᠰᠡᠳ ᠲᠤ ᠲᠣᠬᠢᠷᠠᠮᠵᠢᠲᠠᠶ ᠠᠵᠢᠯ ᠤᠨ ᠪᠠᠶᠢᠷᠢ ᠲᠠᠨᠢᠯᠴᠠᠭᠤᠯᠵᠤ ᠥᠭᠲᠡᠭ᠃ ᠲᠣᠰ ᠤᠳᠠᠭᠠᠨ ᠤ ᠤᠷᠢᠵᠤ ᠬᠡᠷᠡᠭᠯᠡᠬᠦ ᠨᠢᠭᠡᠴᠡ ᠨᠡᠶᠢᠲᠡ 53 ᠪᠠᠶᠢᠵᠤ᠂ ᠦᠶᠯᠡᠴᠢᠯᠡᠭᠡᠨ ᠤ ᠦᠶᠯᠡᠰ᠂ ᠭᠠᠷ ᠦᠶᠯᠡᠳᠪᠦᠷᠢ᠂ ᠴᠠᠬᠢᠯᠭᠠᠨ ᠭᠠᠩᠨᠠᠭᠤᠷ ᠤᠨ ᠮᠡᠷᠭᠡᠵᠢᠯ ᠵᠡᠷᠭᠡ ᠣᠯᠠᠨ ᠬᠦᠷᠢᠶ᠎ᠡ ᠶᠢ ᠬᠠᠮᠤᠷᠴᠤ᠂ 833 ᠠᠵᠢᠯ ᠤᠨ ᠪᠠᠶᠢᠷᠢ ᠬᠠᠩᠭᠠᠵᠤ᠂ ᠠᠵᠢᠯ ᠡᠷᠢᠭᠰᠡᠳ ᠲᠤ ᠣᠯᠠᠨ ᠲᠥᠷᠥᠯ ᠬᠡᠯᠪᠡᠷᠢ᠂ ᠣᠯᠠᠨ ᠠᠵᠢᠯ ᠲᠥᠷᠥᠯ᠂ ᠣᠯᠠᠨ ᠲᠠᠰ ᠳᠠᠪᠬᠤᠷᠭ᠎ᠠ ᠪᠥᠬᠦᠶ ᠠᠵᠢᠯ ᠤᠨ ᠪᠠᠶᠢᠷᠢ ᠶᠢᠨ ᠰᠣᠩᠭᠤᠯᠲᠠ ᠬᠠᠩᠭᠠᠵᠤ᠂ ᠠᠳᠠᠯᠢ ᠪᠤᠰᠤ ᠲᠠᠰ ᠳᠠᠪᠬᠤᠷᠭ᠎ᠠ ᠶᠢᠨ ᠠᠵᠢᠯ ᠡᠷᠢᠭᠰᠡᠳ ᠤᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃    ᠲᠤᠬᠠᠶ ᠶᠢᠨ ᠲᠠᠯᠠᠪᠤᠷ ᠲᠤ ᠠᠵᠢᠯᠲᠠᠨ ᠡᠯᠰᠡᠬᠦ ᠶᠢᠨ ᠬᠠᠮᠲᠤ᠂ ᠲᠦᠴᠢᠦᠸᠠᠨ ᠰᠢᠶᠠᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠤᠯᠪᠣᠭᠠᠯᠠᠨ ᠬᠥᠳᠡᠯᠦᠯᠴᠡᠬᠦ ᠶᠢ ᠢᠳᠡᠪᠬᠢᠲᠡᠶ ᠬᠡᠷᠡᠭᠵᠢᠭᠦᠯᠵᠦ᠂ ᠰᠢᠭᠤᠳ ᠨᠡᠪᠲᠡᠷᠡᠭᠦᠯᠭᠡ  ᠪᠠᠷ ᠠᠵᠢᠯ ᠤᠨ ᠪᠠᠶᠢᠷᠢ ᠳᠠᠭᠠᠭᠤᠯᠬᠤ᠂ ᠠᠯᠪᠠᠨ ᠲᠠᠯ᠎ᠠ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠮᠡᠳᠡᠭᠡ ᠵᠠᠩᠭᠢ ᠶᠢ ᠵᠡᠷᠭᠡ ᠪᠠᠷ ᠨᠡᠶᠢᠲᠡᠯᠡᠵᠦ᠂ ᠲᠤᠬᠠᠶ ᠶᠢᠨ ᠲᠠᠯᠠᠪᠤᠷ ᠲᠤ ᠢᠷᠡᠭᠰᠡᠨ ᠥᠬᠡᠶ ᠠᠵᠢᠯ ᠡᠷᠢᠭᠰᠡᠳ ᠲᠤ ᠠᠵᠢᠯᠲᠠᠨ ᠡᠯᠰᠡᠬᠦ ᠮᠡᠳᠡᠭᠡ ᠵᠠᠩᠭᠢ ᠶᠢ ᠰᠢᠭᠤᠳ ᠨᠡᠪᠲᠡᠷᠡᠭᠦᠯᠬᠦ ᠪᠠᠷ ᠳᠠᠮᠵᠢᠭᠤᠯᠤᠨ ᠠᠵᠢᠯ ᠤᠯᠬᠤ ᠳᠤ ᠲᠥᠬᠦᠮ ᠦᠵᠡᠭᠦᠯᠪᠡ᠃    ︽ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠳᠤ ᠪᠢᠳᠡ ᠲᠣᠮᠣ ᠳ᠋ᠠᠶᠢᠲ᠋ᠠ ᠶᠢ ᠰᠣᠩᠭᠤᠨ ᠵᠣᠬᠢᠴᠠᠭᠤᠯᠵᠤ᠂ ᠰᠦᠯᠵᠢᠶᠡᠨ ᠳᠡᠭᠡᠷᠡᠬᠢ ᠠᠵᠢᠯᠯᠠᠭᠠᠨ ᠤ ᠤᠷᠢᠯᠭ᠎ᠠ ᠶᠠᠪᠤᠭᠤᠯᠵᠤ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢ ᠨᠠᠷᠢᠯᠢᠭ ᠣᠨᠣᠴᠠᠲᠠᠶ ᠪᠠᠷ ᠵᠣᠯᠭᠠᠯᠳᠤᠭᠤᠯᠪᠠ᠃ ᠲᠠᠷᠠᠭᠠᠴᠢ ᠶᠢᠨ ᠠᠯᠬᠤᠮ ᠳᠤ ᠲᠣᠮᠣ ᠠᠵᠤ ᠦᠶᠯᠡᠰ ᠤᠨ ᠦᠶᠯᠡᠴᠢᠯᠡᠭᠡᠨ ᠤ ᠪᠠᠲᠤᠯᠠᠭ᠎ᠠ ᠶᠢᠨ ᠵᠠᠭᠪᠤᠷ ᠢ ᠲᠠᠰᠤᠷᠠᠯᠲᠠ ᠥᠬᠡᠶ ᠰᠢᠨᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠪᠠ ᠠᠵᠢᠯ ᠡᠷᠢᠭᠰᠡᠳ ᠲᠤ ᠬᠥᠭᠦᠷᠭᠡ ᠬᠤᠯᠪᠣᠭᠠᠰᠤ ᠪᠣᠯᠵᠣ᠂ ᠣᠯᠠᠨ ᠲᠠᠯ᠎ᠠ ᠪᠠᠷ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠲᠠᠰ ᠳᠡᠪᠰᠢᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠬᠤ᠋ ᠴᠢᠩ ᠬᠤᠸᠠ ᠬᠡᠯᠡᠪᠡ᠃
   ᠡᠳᠦᠷ ᠤᠨ ᠬᠦᠴᠦᠨ ᠤ ᠵᠠᠬ᠎ᠠ ᠳᠡᠯᠭᠡᠭᠦᠷ ᠠᠵᠢᠯ ᠣᠯᠭᠤᠯᠲᠠ ᠳᠤ ᠳᠡᠮᠵᠢᠯᠭᠡ ᠦᠵᠡᠭᠦᠯᠦᠨ᠎ᠡ    ︽ᠰᠢᠩ ᠠᠨ ᠰᠤᠯᠠ ᠠᠵᠢᠯ ᠤᠨ ᠵᠠᠬ᠎ᠠ ᠳᠡᠯᠭᠡᠭᠦᠷ ᠢᠶᠠᠷ ᠳᠠᠮᠵᠢᠨ ᠪᠢ ᠡᠨᠡ ᠬᠦ ᠠᠵᠢᠯ ᠢ ᠣᠯᠵᠤ᠂ ᠣᠳᠣ ᠨᠢᠭᠡᠨᠲᠡ 4 ᠰᠠᠷ᠎ᠠ ᠭᠠᠷᠤᠶ ᠠᠵᠢᠯᠯᠠᠵᠠᠶ᠂ ᠴᠠᠯᠢᠩ ᠮᠠᠰᠢ ᠲᠣᠭᠲᠠᠪᠤᠷᠢᠲᠠᠶ᠂ ᠰᠠᠷ᠎ᠠ ᠪᠦᠷᠢ 3000 ᠭᠠᠷᠤᠶ ᠲᠥᠭᠦᠷᠢᠭ ᠤᠨ ᠣᠷᠣᠯᠭ᠎ᠠ ᠲᠠᠢ᠂ ᠪᠢ ᠮᠠᠰᠢ ᠬᠠᠨᠤᠮᠵᠢᠲᠠᠶ ᠪᠠᠶᠢᠨ᠎ᠠ᠃︾ ᠭᠡᠵᠦ ᠲᠦᠴᠢᠦᠸᠠᠨ ᠪᠠᠯᠭᠠᠰᠤᠨ ᠤ ᠰᠠᠭᠤᠭᠠᠯᠢ ᠠᠷᠠᠳ ᠲᠢᠶᠠᠨ ᠬᠤᠸᠠ ᠬᠡᠯᠡᠪᠡ᠃    ᠲᠦᠴᠢᠦᠸᠠᠨ ᠪᠠᠯᠭᠠᠰᠤᠨ ᠳᠤ ᠰᠠᠭᠤᠵᠤ ᠪᠠᠶᠢᠭ᠎ᠠ ᠲᠢᠶᠠᠨ ᠬᠤᠸᠠ᠂ ᠣᠯᠠᠨ ᠵᠢᠯ ᠤᠨ ᠲᠤᠷᠰᠢ ᠭᠠᠳᠠᠭᠰᠢ ᠭᠠᠷᠴᠤ ᠬᠥᠯᠥᠰᠥᠨ ᠠᠵᠢᠯ ᠬᠢᠵᠦ᠂ ᠨᠠᠰᠤ ᠠᠭᠢᠬᠤ ᠶᠢ ᠳᠠᠭᠠᠯᠳᠤᠨ ᠬᠡᠷ ᠲᠡᠭᠡᠨ ᠬᠠᠷᠢᠵᠤ ᠠᠵᠢᠯ ᠤᠯᠬᠤ ᠶᠢ ᠬᠦᠰᠡᠳᠡᠭ᠃ ᠲᠤᠷᠰᠢᠵᠤ ᠦᠵᠡᠬᠦ ᠣᠪᠣᠷ ᠢᠶᠠᠷ᠂ ᠲᠡᠷᠡ ᠰᠢᠩ ᠠᠨ ᠰᠤᠯᠠ ᠠᠵᠢᠯ ᠤᠨ ᠵᠠᠬ᠎ᠠ ᠳᠡᠯᠭᠡᠭᠦᠷ ᠲᠤ ᠬᠦᠷᠴᠦ᠂ ᠰᠤᠯᠠ ᠠᠵᠢᠯ ᠤᠨ ᠵᠠᠬ᠎ᠠ ᠳᠡᠯᠭᠡᠭᠦᠷ ᠲᠤ ᠳᠠᠩᠰᠠᠯᠠᠭᠤᠯᠤᠭᠰᠠᠨ ᠮᠡᠳᠡᠭᠡ ᠵᠠᠩᠭᠢ ᠪᠠᠷ ᠳᠠᠮᠵᠢᠭᠤᠯᠤᠨ᠂ ᠲᠡᠭᠦᠨ ᠢ ᠮᠠᠰᠢ ᠲᠦᠷᠭᠡᠨ ᠢᠶᠠᠷ ᠠᠵᠢᠯ ᠣᠯᠭᠤᠪᠠ᠃    ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠃ ᠰᠤᠯᠠ ᠠᠵᠢᠯ ᠬᠢᠵᠦ ᠪᠠᠶᠢᠭ᠎ᠠ ᠬᠥᠮᠦᠰ ᠤᠨ ᠠᠵᠢᠯ ᠣᠯᠭᠤᠯᠲᠠ ᠶᠢ ᠨᠡᠩ ᠰᠠᠶᠢᠨ ᠪᠠᠲᠤᠯᠠᠬᠤ ᠶᠢᠨ ᠲᠥᠯᠥᠭᠡ᠂ ᠲᠦᠴᠢᠦᠸᠠᠨ ᠰᠢᠶᠠᠨ ᠠᠵᠢᠯ ᠤᠨ ᠰᠡᠳᠬᠢᠴᠡ ᠪᠠᠨ ᠰᠢᠨᠡᠴᠢᠯᠡᠵᠦ᠂ ᠰᠤᠯᠠ ᠠᠵᠢᠯ ᠬᠢᠵᠦ ᠪᠠᠶᠢᠭ᠎ᠠ ᠬᠥᠮᠦᠰ ᠤᠨ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠤᠯᠠ ᠠᠵᠢᠯ ᠬᠢᠵᠦ ᠪᠠᠶᠢᠭ᠎ᠠ ᠬᠥᠮᠦᠰ ᠲᠤ ᠠᠯᠢ ᠲᠦᠷᠭᠡᠨ ᠢᠶᠠᠷ ᠬᠠᠷᠢᠶᠠᠯᠠᠭᠳᠠᠬᠤ ᠲᠦᠷᠦᠭᠳᠡᠯ ᠣᠯᠭᠤᠵᠤ᠂ ᠠᠵᠢᠯᠴᠢᠨ ᠬᠡᠷᠡᠭᠯᠡᠬᠦ ᠲᠠᠯ᠎ᠠ ᠳᠤ ︽ᠰᠡᠳᠬᠢᠯ ᠠᠮᠤᠷ︾ ᠪᠣᠯᠭᠠᠵᠤ᠂ ᠨᠡᠩ ᠤᠯᠠᠨ ᠠᠷᠠᠳ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠲᠠᠶᠢᠴᠢᠯᠠᠪᠠ᠃    ᠰᠤᠯᠠ ᠠᠵᠢᠯ ᠤᠨ ᠵᠠᠬ᠎ᠠ ᠳᠡᠯᠭᠡᠭᠦᠷ ᠲᠠᠷᠠᠬᠠᠢ ᠪᠤᠳᠠᠷᠬᠠᠢ᠂ ᠡᠮᠬᠢ ᠵᠠᠮᠪᠠᠷᠠᠭ᠎ᠠ ᠦᠭᠡᠢ᠂ ᠦᠢᠯᠡᠴᠢᠯᠡᠭᠡᠨ ᠤ ᠴᠢᠳᠠᠪᠤᠷᠢ ᠳᠣᠣᠷ᠎ᠠ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠦᠴᠢᠦᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢᠶᠠᠷ ᠲᠦᠰᠢᠭ ᠪᠣᠯᠭᠠᠵᠤ᠂ ᠰᠤᠯᠠ ᠠᠵᠢᠯ ᠤᠨ ᠵᠠᠬ᠎ᠠ ᠳᠡᠯᠭᠡᠭᠦᠷ ᠢ ᠪᠠᠶᠢᠭᠤᠯᠵᠤ᠂ ᠪᠦᠬᠦᠯᠢ ᠡᠳᠦᠷ ᠢᠶᠠᠷ ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ᠂ ᠠᠵᠢᠯᠴᠢᠨ ᠡᠯᠰᠡᠬᠦ ᠳᠠᠩᠰᠠᠯᠠᠯᠲᠠ᠂ ᠠᠵᠢᠯ ᠣᠯᠭᠤᠯᠲᠠ ᠶᠢ ᠲᠠᠨᠢᠯᠴᠠᠭᠤᠯᠬᠤ᠂ ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠬᠦ ᠵᠡᠷᠭᠡ ︽ᠪᠦᠬᠦ ᠬᠡᠯᠬᠢᠶ᠎ᠡ︾ ᠶᠢᠨ ᠳᠣᠲᠣᠨᠣ ᠦᠢᠯᠡᠴᠢᠯᠡᠭᠡ ᠬᠠᠩᠭᠠᠵᠤ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ  ᠶᠢᠨ ᠵᠥᠷᠢᠴᠡᠯ ᠢ ᠪᠦᠲᠦᠮᠵᠢᠲᠡᠢ ᠨᠠᠮᠳᠠᠭᠤᠯᠵᠤ᠂ ᠠᠮᠢᠳᠤᠯᠢᠭ ᠢᠶᠠᠷ ᠠᠵᠢᠯ ᠣᠯᠤᠭᠰᠠᠳ ᠤᠨ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠪᠠ᠃    ︽ᠰᠢᠩ ᠠᠨ ᠰᠤᠯᠠ ᠠᠵᠢᠯ ᠤᠨ ᠵᠠᠬ᠎ᠠ ᠳᠡᠯᠭᠡᠭᠦᠷ ᠨᠢ ᠣᠳᠣᠬᠠᠨ ᠳᠤ ᠥᠷᠭᠡᠨ ᠣᠯᠠᠨ ᠰᠠᠭᠤᠭᠠᠯᠢ ᠠᠷᠠᠳ  ᠲᠤ ᠬᠡᠷ ᠤᠨ ᠶᠠᠪᠤᠳᠠᠯ ᠤᠨ ᠲᠥᠷᠥᠯ᠂ ᠰᠡᠯᠪᠢᠨ ᠵᠠᠰᠠᠬᠤ ᠲᠥᠷᠥᠯ᠂ ᠠᠮᠢᠳᠤᠷᠠᠯ ᠤᠨ ᠦᠶᠯᠡᠴᠢᠯᠡᠭᠡ ᠵᠡᠷᠭᠡ ᠭᠤᠷᠪᠠᠨ ᠶᠡᠭᠡ ᠲᠥᠷᠥᠯ ᠤᠨ 30 ᠭᠠᠷᠤᠶ ᠠᠵᠢᠯ ᠲᠥᠷᠥᠯ ᠢ ᠬᠠᠩᠭᠠᠵᠤ ᠪᠣᠯᠤᠨ᠎ᠠ᠂ ᠵᠠᠬ᠎ᠠ ᠳᠡᠯᠭᠡᠭᠦᠷ ᠪᠠᠶᠢᠭᠤᠯᠤᠭᠳᠠᠭᠰᠠᠨ ᠠᠴᠠ ᠨᠠᠰᠢ᠂ 2160 ᠭᠠᠷᠤᠶ ᠮᠡᠳᠡᠭᠡ ᠵᠠᠩᠭᠢ ᠶᠢ ᠨᠡᠶᠢᠲᠡᠯᠡᠵᠦ᠂ 1533 ᠬᠥᠮᠦᠨ ᠤᠳᠠᠭ᠎ᠠ  ᠳᠤ ᠠᠵᠢᠯ ᠣᠯᠭᠤᠭᠰᠠᠨ ᠪᠠᠶᠢᠨ᠎ᠠ᠃︾ ᠭᠡᠵᠦ ᠰᠢᠩ ᠠᠨ ᠰᠤᠯᠠ ᠠᠵᠢᠯ ᠤᠨ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠺᠠᠩ ᠶᠠ ᠪᠢᠨ ᠬᠡᠯᠡᠪᠡ᠃
   ᠮᠡᠷᠭᠡᠵᠢᠯ ᠤᠨ ᠪᠣᠯᠪᠠᠰᠤᠷᠠᠯ ᠠᠵᠢᠯ ᠣᠯᠭᠤᠯᠲᠠ ᠶᠢ ᠲᠤᠭᠳᠠᠪᠦᠷᠢᠵᠢᠭᠤᠯᠤᠨ᠎ᠠ    ᠡᠨᠡ ᠬᠡᠳᠦᠨ ᠡᠳᠦᠷ᠂ ᠲᠦᠴᠢᠦᠸᠠᠨ ᠪᠠᠯᠭᠠᠰᠤᠨ ᠤ 53 ᠨᠠᠰᠤᠲᠠᠢ ᠰᠠᠭᠤᠭᠠᠯᠢ ᠠᠷᠠᠳ ᠯᠦᠨ ᠰᠢᠦ ᠯᠢ ᠪᠠᠰᠠ ᠨᠢᠭᠡᠨ ︽ᠰᠤᠷᠤᠭᠴᠢ︾ ᠪᠤᠯᠵᠤ᠂ ᠡᠳᠦᠷ ᠪᠦᠷᠢ ᠥᠷᠯᠥᠭᠡ ᠡᠷᠲᠡ ᠭᠡᠷ ᠤᠨ ᠶᠠᠪᠤᠳᠠᠯ ᠤᠨ ᠺᠣᠮᠫᠠᠨᠢ ᠳᠤ ᠢᠷᠡᠵᠦ ᠪᠣᠯᠪᠠᠰᠤᠷᠠᠯ ᠳᠤ ᠣᠷᠣᠯᠴᠠᠳᠠᠭ᠃ ᠲᠡᠨᠳᠡ᠂ ᠲᠡᠭᠦᠨ ᠤ ᠡᠳᠦᠷ ᠪᠦᠷᠢ ᠶᠢᠨ ᠬᠢᠴᠢᠶᠡᠯ ᠪᠣᠯ ᠡᠷᠡᠭᠦᠯ ᠮᠡᠨᠳᠦ ᠶᠢ ᠬᠠᠮᠠᠭᠠᠯᠠᠬᠤ ᠢᠯᠢᠯᠭᠡ ᠬᠢᠨ᠎ᠡ᠃ ᠪᠣᠯᠪᠠᠰᠤᠷᠠᠭᠤᠯᠤᠯ ᠤᠨ ᠠᠩᠭᠢ ᠨᠢ ᠣᠨᠣᠯ ᠪᠠ ᠪᠣᠳᠠᠲᠤ ᠠᠵᠢᠯᠯᠠᠭ᠎ᠠ ᠶᠢ ᠤᠶᠠᠯᠳᠤᠭᠤᠯᠤᠭᠰᠠᠨ ᠬᠢᠴᠢᠶᠡᠯᠯᠡᠬᠦ ᠠᠷᠭ᠎ᠠ ᠮᠠᠶ᠋ᠢᠭ᠂ ᠮᠠᠲ᠋ᠧᠷᠢᠶᠠᠯ᠂ ᠬᠡᠪ ᠢ ᠴᠥᠮ ᠰᠤᠷᠭᠠᠭᠤᠯᠢ ᠠᠴᠠ ᠬᠠᠩᠭᠠᠵᠤ᠂ ᠬᠥᠮᠦᠨ ᠪᠦᠷᠢ ᠳᠤ ᠡᠳᠦᠷ ᠪᠦᠷᠢ 100 ᠲᠥᠭᠦᠷᠢᠭ ᠤᠨ ᠨᠥᠬᠦᠪᠥᠷᠢ ᠣᠯᠭᠤᠨ᠎ᠠ᠃    ︽ᠰᠢᠶᠠᠨ ᠠᠴᠠ ᠦᠷᠭᠦᠯᠵᠢ ᠪᠢᠳᠡᠨ ᠢ ᠵᠣᠬᠢᠶᠠᠨ ᠪᠠᠶᠢᠭᠤᠯᠵᠤ ᠤᠷ᠎ᠠ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠭᠤᠯᠵᠤ᠂ ᠣᠯᠠᠨ ᠵᠦᠶᠯ ᠤᠨ ᠤᠷ᠎ᠠ ᠮᠡᠷᠭᠡᠵᠢᠯ ᠰᠣᠷᠣᠭᠰᠠᠨ ᠤ ᠳᠠᠷᠠᠭ᠎ᠠ ᠢᠯᠡᠭᠦᠦ ᠨᠢᠭᠡ ᠠᠵᠢᠯ ᠤᠯᠬᠤ ᠲᠣᠬᠢᠶᠠᠯ ᠣᠯᠳᠠᠭ᠂ ᠪᠢ ᠬᠥᠷᠰᠢ ᠵᠡᠷᠭᠡᠯᠡᠳᠡᠭᠡ ᠲᠠᠢ ᠪᠠᠨ ᠥᠪᠡᠷ ᠢᠶᠠᠨ ᠨᠢᠭᠡ ᠵᠢᠵᠢᠭ ᠳᠡᠯᠭᠡᠭᠦᠷ ᠨᠡᠭᠡᠭᠡᠵᠦ᠂ ᠥᠪᠡᠷ  ᠢᠶᠠᠨ ᠡᠵᠡᠨᠳᠡᠨ ᠪᠣᠯᠬᠤ ᠪᠠᠷ ᠲᠦᠰᠦᠪᠯᠡᠵᠦ ᠪᠠᠶᠢᠨ᠎ᠠ︾ ᠭᠡᠵᠦ  ᠯᠦᠨ ᠰᠢᠦ ᠯᠢ ᠢᠨᠢᠶᠡᠮᠰᠦᠭᠯᠡᠨ ᠬᠡᠯᠡᠪᠡ᠃ᠨ᠊    ᠵᠭᠡ ᠵᠦᠢᠯ ᠤᠨ ᠮᠡᠷᠭᠡᠵᠢᠯ ᠲᠠᠢ ᠪᠠᠶᠢᠵᠤ᠂ ᠲᠣᠭᠲᠠᠭᠤᠨ ᠠᠵᠢᠯ ᠣᠯᠭᠤᠯᠲᠠ ᠶᠢ ᠪᠡᠶᠡᠯᠡᠭᠦᠯᠵᠦ᠂ ᠲᠦᠴᠢᠦᠸᠠᠨ ᠰᠢᠶᠠᠨ ᠤᠷ᠎ᠠ ᠴᠢᠳᠠᠪᠤᠷᠢ ᠶᠢᠨ ᠪᠣᠯᠪᠠᠰᠤᠷᠠᠯ ᠪᠣᠯᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠴᠢᠩᠭᠠᠳᠬᠠᠨ ᠲᠡᠭᠦᠯᠳᠡᠷᠵᠢᠭᠦᠯᠵᠦ᠂ ᠴᠢᠳᠠᠪᠤᠷᠢ ᠳᠤᠨᠢ ᠲᠤᠬᠢᠷᠠᠭᠤᠯᠤᠨ ᠵᠢᠭᠠᠨ ᠰᠤᠷᠭᠠᠵᠤ᠂ ︽ᠤᠨᠢᠨ ᠳᠡᠭᠡᠷ᠎ᠡ ᠨᠢ ᠪᠣᠯᠪᠠᠰᠤᠷᠠᠯ ᠬᠦᠷᠲᠡᠭᠡᠬᠦ᠂ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠣᠯᠭᠤᠯᠲᠠ ᠶᠢ ᠠᠬᠢᠭᠤᠯᠬᠤ︾ ᠶᠡᠷᠦᠩᠬᠡᠢ ᠬᠠᠷᠠᠯᠲᠠ ᠶᠢ ᠴᠢᠩᠭ᠎ᠠ ᠠᠳᠬᠤᠵᠤ᠂ ᠤᠯᠠᠨ ᠲᠦᠮᠡᠨ ᠢ ᠵᠣᠬᠢᠶᠠᠨ ᠪᠠᠶᠢᠭᠤᠯᠤᠨ ᠴᠢᠭ᠂ ᠭᠡᠷ ᠤᠨ ᠶᠠᠪᠤᠳᠠᠯ᠂ ᠵᠢᠰᠦ ᠭᠤᠶᠣᠯᠠᠭᠴᠢ᠂ ᠲᠣᠭᠤᠭᠠᠴᠢ ᠵᠡᠷᠭᠡ ᠤᠯᠠᠨ ᠵᠦᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠵᠦ᠂ ︽4050︾ ᠬᠥᠮᠦᠰ ᠤᠨ ᠠᠵᠢᠯ ᠤᠯᠬᠤ ᠴᠢᠳᠠᠪᠤᠷᠢ ᠶᠢ ᠬᠦᠴᠦᠲᠡᠢ ᠠᠬᠢᠭᠤᠯᠵᠤ᠂ ︽ᠨᠢᠭᠡ ᠬᠥᠮᠦᠨ ᠢ ᠪᠣᠯᠪᠠᠰᠤᠷᠠᠭᠤᠯᠪᠠᠯ᠂ ᠨᠢᠭᠡ ᠬᠥᠮᠦᠨ ᠳᠤ ᠠᠵᠢᠯ ᠣᠯᠭᠤᠵᠤ᠂ ᠨᠢᠭᠡ ᠡᠷᠦᠬᠡ ᠶᠢ ᠪᠠᠶᠠᠵᠢᠭᠤᠯᠬᠤ ︾ ᠬᠠᠷᠠᠯᠲᠠ ᠶᠢ ᠦᠨᠡᠨ ᠬᠦ ᠪᠡᠶᠡᠯᠡᠭᠦᠯᠦᠨ᠎ᠡ᠃
   ᠣᠳᠣᠬᠠᠨ ᠪᠣᠯᠲᠠᠯ᠎ᠠ᠂ ᠲᠦᠴᠢᠦᠸᠠᠨ ᠰᠢᠶᠠᠨ ᠨᠡᠶᠢᠲᠡ 35 ᠠᠩᠭᠢ ᠬᠤᠭᠤᠴᠠᠭ᠎ᠠ ᠪᠣᠯᠪᠠᠰᠤᠷᠠᠭᠤᠯᠵᠤ᠂ 1500 ᠰᠤᠷᠤᠭᠴᠢᠳ ᠲᠤ ᠪᠣᠯᠪᠠᠰᠤᠷᠠᠯ ᠬᠦᠷᠲᠡᠭᠡᠵᠦ᠂ ᠪᠣᠯᠪᠠᠰᠤᠷᠠᠯ ᠤᠨ ᠳᠠᠷᠠᠭ᠎ᠠ ᠬᠤᠲᠠ ᠪᠠᠯᠭᠠᠰᠤᠨ ᠤ ᠠᠵᠢᠯ ᠣᠯᠭᠤᠯᠲᠠ ᠶᠢᠨ ᠨᠣᠷᠮ᠎ᠠ 70 % ᠳᠤ ᠬᠦᠷᠴᠦ᠂ ᠬᠥᠳᠡᠭᠡ ᠲᠣᠰᠬᠤᠨ ᠤ ᠠᠵᠢᠯ ᠣᠯᠭᠤᠯᠲᠠ ᠶᠢᠨ ᠨᠣᠷᠮ᠎ᠠ 40 % ᠳᠤ ᠬᠦᠷᠴᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号