ᠲᠦᠴᠢᠦᠸᠠᠨ ᠰᠢᠶᠠᠨ ᠠᠩᠬᠠᠳᠤᠭᠠᠷ ᠬᠤᠭᠤᠴᠠᠭᠠᠨ ᠤ ᠴᠦᠨᠵᠧᠦ ᠶᠢᠨ ᠠᠷᠠᠳ ᠤᠨ ᠵᠠᠩ ᠦᠢᠯᠡ ᠶᠢᠨ ᠠᠮᠲᠠᠲᠤ ᠢᠳᠡᠭᠡᠨ ᠤ ᠴᠤᠭᠯᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/2
   ᠥᠷᠭᠡᠨ ᠣᠯᠠᠨ ᠠᠷᠠᠳ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠳᠤᠮᠳᠠᠳᠤ  ᠶᠢᠨ ᠰᠢᠯᠢᠳᠡᠭ ᠤᠯᠠᠮᠵᠢᠯᠠᠯᠲᠤ ᠰᠣᠶᠣᠯ ᠪᠠ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ︽ᠤᠮᠠᠷᠠᠲᠤ ᠬᠢᠯᠢ  ᠶᠢᠨ ᠰᠣᠶᠣᠯ︾ ᠤᠨ ᠨᠠᠷᠠᠲᠤ ᠲᠡᠮᠳᠡᠭ ᠢ ᠴᠣᠭᠴᠠᠯᠠᠬᠤ ᠳᠤ ᠬᠦᠴᠦᠨ ᠨᠡᠮᠡᠷᠢᠯᠡᠬᠦ ᠶᠢᠨ ᠬᠠᠮᠲᠤ ᠲᠦᠴᠢᠦᠸᠠᠨ ᠣᠷᠣᠨ  ᠤ ᠤᠯᠠᠮᠵᠢᠯᠠᠯᠲᠤ ᠲᠥᠬᠦᠮ ᠢᠳᠡᠭᠡᠨ ᠢ ᠬᠠᠮᠠᠭᠠᠯᠠᠨ ᠤᠯᠠᠮᠵᠢᠯᠠᠵᠤ᠂ ᠲᠦᠴᠢᠦᠸᠠᠨ ᠤ ᠣᠨᠴᠠᠯᠢᠭᠲᠤ ᠠᠮᠲᠠᠲᠤ ᠢᠳᠡᠭᠡᠨ ᠪᠠ ᠠᠷᠠᠳ ᠤᠨ ᠵᠠᠩ ᠦᠶᠯᠡ ᠶᠢᠨ ᠰᠣᠶᠣᠯ ᠢ ᠳᠡᠯᠭᠡᠷᠡᠭᠦᠯᠬᠦ ᠶᠢᠨ ᠲᠥᠯᠥᠭᠡ᠃ 9 ᠰᠠᠷ᠎ᠠ ᠶᠢᠨ 1 ᠤ ᠡᠳᠦᠷ᠂ ᠲᠦᠴᠢᠦᠸᠠᠨ ᠰᠢᠶᠠᠨ ᠠᠩᠬᠠᠳᠤᠭᠠᠷ ᠬᠤᠭᠤᠴᠠᠭᠠᠨ ᠤ ᠴᠦᠨᠵᠸᠦ ᠶᠢᠨ ᠠᠷᠠᠳ ᠤᠨ ᠵᠠᠩ ᠦᠶᠯᠡ ᠶᠢᠨ ᠠᠮᠲᠠᠲᠤ ᠢᠳᠡᠭᠡᠨ ᠤ ᠴᠤᠭᠯᠠᠭᠠᠨ ᠤ ᠠᠵᠢᠯᠯᠠᠭ᠎ᠠ ᠥᠷᠨᠢᠭᠦᠯᠵᠦ᠂ ᠣᠯᠠᠨ ᠳᠤ ᠨᠢᠭᠡ ᠤᠳᠠᠭᠠᠨ ᠤ ᠠᠮᠲᠠ ᠶᠢᠨ ᠰᠡᠷᠡᠯ᠂ ᠬᠠᠷᠠᠭᠠᠨ ᠰᠡᠷᠡᠯ᠂ ᠰᠣᠨᠣᠷ ᠤᠨ ᠰᠡᠷᠡᠯ ᠪᠥᠬᠦ ᠲᠠᠯ᠎ᠠ ᠶᠢᠨ ᠠᠮᠲᠠᠲᠤ ᠢᠳᠡᠭᠡᠨ ᠤ ᠦᠪᠡᠳᠡᠭᠰᠢ ᠳᠠᠶᠢᠯᠠᠯᠭ᠎ᠠ  ᠶᠢ ᠠᠪᠴᠢᠷᠠᠪᠠ᠃
   ᠨᠠᠮᠤᠷ ᠤᠨ ᠰᠠᠯᠬᠢ ᠰᠡᠩᠭᠢᠨᠡᠵᠦ᠂ ᠠᠩᠬᠢᠯᠤᠮ᠎ᠠ ᠦᠨᠦᠷ ᠬᠠᠩᠬᠤᠯᠤᠨ᠎ᠠ᠃ ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠬᠥᠮᠦᠰ ᠤᠨ ᠲᠠᠭᠤᠨ ᠬᠦᠷ ᠬᠥᠭᠵᠢᠶᠡᠨ ᠲᠠᠢ ᠪᠠᠶᠢᠯ᠎ᠠ᠃ ᠳᠥᠷᠪᠡᠨ ᠵᠦᠭ ᠨᠠᠶᠮᠠᠨ ᠵᠣᠪᠬᠢᠰ ᠠᠴᠠ ᠢᠷᠡᠭᠰᠡᠨ ᠣᠨᠴᠠᠯᠢᠭᠲᠤ ᠢᠳᠡᠭᠡᠨ ᠳᠡᠯᠭᠡᠨ ᠪᠣᠷᠣᠯᠠᠭᠤᠯᠬᠤ ᠠᠮᠲᠠᠲᠤ ᠢᠳᠡᠭᠡᠨ ᠤ ᠳᠡᠯᠭᠡᠭᠦᠷ ᠨᠢᠭᠡ ᠮᠥᠷ ᠢᠶᠠᠷ ᠵᠢᠭᠰᠠᠵᠤ᠂ ᠨᠢᠳᠦ ᠲᠦᠭᠦᠷᠦᠮ᠎ᠡ ᠠᠮᠲᠠᠲᠤ ᠢᠳᠡᠭᠡᠨ ᠨᠢ ᠬᠥᠮᠦᠰ ᠢ  ᠠᠯᠢ ᠶᠢ ᠨᠢ ᠦᠵᠡᠬᠦ ᠪᠠᠨ ᠤᠯᠬᠤ ᠦᠭᠡᠢ ᠪᠣᠯᠭᠠᠪᠠ᠃ ᠨᠤᠲᠤᠭ ᠤᠨ ᠣᠨᠴᠠᠯᠢᠭ ᠲᠠᠢ ᠵᠢᠵᠢᠭ ᠤᠲᠤᠭᠰᠠᠨ ᠲᠠᠬᠢᠶ᠎ᠠ᠂ ᠬᠠᠲᠠᠭᠠᠭᠰᠠᠨ ᠳ᠋ᠧᠦᠹᠦ᠋᠂ ᠸᠠᠩ ᠰᠢᠶᠤᠤ ᠡᠯ ᠶᠡᠭᠡ ᠪᠣᠤᠪᠤ᠂ ᠱᠥᠯᠥ ᠪᠠᠵᠠᠭᠠᠵᠤ᠂ ᠪᠠᠰᠠ ᠵᠡᠭᠦᠨ ᠬᠤᠶᠢᠲᠤ ᠶᠢᠨ ᠢᠰᠬᠡᠭᠰᠡᠨ ᠴᠠᠭᠠᠨ ᠨᠣᠭᠤᠭ᠎ᠠ᠂ ᠴᠢᠨᠠᠭᠰᠠᠨ ᠪᠤᠯᠴᠢᠩ᠂ ᠲᠣᠰᠣᠨ ᠳᠤ ᠪᠤᠴᠠᠯᠭᠠᠭᠰᠠᠨ ᠪᠥᠮᠪᠦᠯᠢᠭ ᠵᠡᠷᠭᠡ ᠢᠳᠡᠭᠡᠨ ᠪᠠᠶᠢᠨ᠎ᠠ᠃ ᠠᠮᠲᠠᠲᠤ ᠢᠳᠡᠭᠡᠨ ᠪᠣᠯᠭᠠᠨ ᠠᠴᠠ ᠬᠥᠮᠦᠨ ᠤ ᠰᠡᠳᠬᠢᠯ ᠢ ᠲᠠᠲᠠᠮ᠎ᠠ ᠠᠩᠬᠢᠯᠤᠮ᠎ᠠ ᠦᠨᠦᠷ ᠬᠠᠩᠬᠤᠯᠵᠤ᠂ ᠬᠥᠮᠦᠰ ᠤᠨ ᠠᠩᠬᠠᠷᠤᠯ ᠢ ᠲᠠᠲᠠᠨ᠎ᠠ᠃
   ︽ᠮᠠᠨ ᠤ ᠴᠦᠨ ᠵᠧᠦ ᠶᠢᠨ ᠡᠷᠲᠡᠨ ᠤ ᠬᠤᠲᠠ ᠳᠤ ᠢᠷᠡᠵᠦ ᠡᠨᠡ ᠬᠦ ᠠᠮᠲᠠᠲᠤ ᠢᠳᠡᠭᠡᠨ ᠤ ᠴᠤᠭᠯᠠᠭᠠᠨ ᠤ ᠬᠥᠳᠡᠯᠭᠡᠭᠡᠨ ᠳᠤ ᠣᠷᠣᠯᠴᠠᠭᠰᠠᠨ ᠳᠠᠭᠠᠨ ᠲᠤᠩ ᠪᠠᠶᠠᠷᠯᠠᠵᠤ ᠪᠠᠶᠢᠨ᠎ᠠ᠂ ᠥᠨᠥᠳᠦᠷ ᠪᠣᠯ ᠬᠡᠦᠬᠡᠳ ᠳᠠᠭᠠᠭᠤᠯᠵᠤ ᠢᠷᠡᠭᠰᠡᠨ ᠶᠤᠮ᠂ ᠲᠣᠰᠣᠨ ᠳᠤ ᠪᠤᠴᠠᠯᠭᠠᠭᠰᠠᠨ ᠭᠠᠭ᠋ᠠᠢ ᠶᠢᠨ ᠬᠠᠪᠢᠷᠭ᠎ᠠ᠂ ᠲᠣᠰᠣᠨ ᠳᠤ ᠪᠤᠴᠠᠯᠭᠠᠭᠰᠠᠨ ᠪᠥᠮᠪᠦᠯᠢᠭ ᠪᠦᠷ ᠲᠤᠩ ᠠᠮᠲᠠᠲᠠᠢ᠂ ᠡᠶᠢᠮᠦ ᠬᠥᠳᠡᠯᠭᠡᠭᠡᠨ ᠢ ᠰᠡᠭᠦᠯᠡᠷ ᠢᠯᠡᠭᠦᠬᠡᠨ ᠶᠠᠪᠤᠭᠳᠠᠭᠤᠯᠬᠤ ᠶᠢ ᠬᠦᠰᠡᠵᠦ ᠪᠠᠶᠢᠨ᠎ᠠ᠃︾ ᠭᠡᠵᠦ ᠵᠢᠭᠤᠯᠴᠢᠯᠠᠭᠴᠢ ᠵᠠᠩ ᠸᠧᠶ ᠬᠡᠯᠡᠪᠡ᠃
   ᠬᠡᠩᠭᠡᠷᠭᠡ ᠶᠢᠨ ᠳᠠᠭᠤᠨ ᠦᠶ᠎ᠡ ᠦᠶ᠎ᠡ ᠳᠠᠭᠤᠷᠢᠰᠬᠤ ᠶᠢ ᠳᠠᠭᠠᠯᠳᠤᠨ᠂ ︽ᠵᠡᠭᠦᠨ ᠬᠤᠶᠢᠲᠤ ᠶᠢᠨ ᠲᠣᠮᠣ ᠴᠡᠴᠡᠭ︾ ᠭᠢᠯᠠᠯᠵᠠᠨ ᠲᠠᠯᠠᠪᠠᠢ ᠳᠤ ᠭᠠᠷᠴᠤ᠂ ᠵᠡᠭᠦᠨ ᠬᠤᠶᠢᠲᠤ ᠶᠢᠨ ᠵᠠᠩ ᠦᠢᠯᠡ ᠶᠢᠨ ᠲᠣᠭᠤᠷᠢᠨ ᠲᠤᠭᠯᠠᠬᠤ ᠠᠩᠭᠢ ᠡᠷᠲᠡᠨ ᠤ ᠬᠤᠲᠠ ᠶᠢᠨ ᠬᠤᠶᠢᠲᠤ ᠡᠭᠦᠳᠡ ᠪᠠᠷ ᠮᠣᠷᠳᠠᠵᠤ᠂ ᠡᠮᠦᠨ᠎ᠡ ᠲᠠᠪᠴᠠᠩ ᠵᠦᠭ ᠤᠷᠤᠭᠰᠢᠯᠠᠪᠠ᠃ ᠲᠣᠭᠤᠷᠢᠨ ᠵᠤᠭᠠᠴᠠᠬᠤ ᠡᠩᠨᠡᠭᠡᠨ ᠳᠠᠬᠢ ᠦᠨᠳᠦᠰᠦᠲᠡᠨ ᠤ ᠬᠤᠪᠴᠠᠰᠤ ᠵᠠᠰᠠᠯ ᠢᠶᠠᠨ ᠡᠮᠦᠰᠦᠭᠰᠡᠨ ᠲᠣᠭᠯᠠᠭᠴᠢᠳ ᠭᠠᠷ ᠲᠠᠬᠢ ᠳᠡᠪᠢᠭᠦᠷ ᠢᠶᠠᠨ ᠬᠤᠷᠤᠶᠢᠯᠠᠨ᠂ ᠲᠡᠷᠢ ᠲᠡᠭᠰᠢ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠵᠤᠭᠠᠴᠠᠭᠰᠠᠳ  ᠲᠤ ᠨᠤᠲᠤᠭ ᠤᠰᠤᠨ ᠤ ᠵᠠᠩ ᠠᠭᠠᠯᠢ ᠪᠠ ᠡᠯᠪᠡᠭ ᠪᠠᠶᠠᠯᠢᠭ ᠡᠳ᠋ ᠭᠠᠷᠤᠯᠲᠠ ᠶᠢᠨ ᠡᠬᠢ ᠪᠠᠶᠠᠯᠢᠭ ᠢ ᠳᠡᠯᠭᠡᠨ ᠦᠵᠡᠭᠦᠯᠵᠦ ᠪᠠᠶᠢᠯ᠎ᠠ᠃ ᠵᠠᠯᠭᠠᠭᠠᠳ᠂ ᠤᠰᠤᠨ ᠬᠡᠩᠭᠡᠷᠭᠡ ᠶᠢᠨ ᠲᠣᠭᠯᠠᠯᠲᠠ ᠨᠢ ᠡᠷᠲᠡᠨ ᠤ ᠬᠤᠲᠠ ᠳᠤ ᠭᠤᠶᠢᠳᠠ ᠰᠠᠶᠢᠬᠠᠨ ᠶᠠᠪᠤᠭᠳᠠᠵᠤ᠂ ᠤᠰᠤᠨ ᠳᠣᠯᠭᠢᠶᠠᠨ ᠳᠣᠯᠭᠢᠶᠠᠯᠠᠨ ᠪᠥᠵᠢᠭᠯᠡᠵᠦ᠂ ᠬᠡᠩᠭᠡᠷᠭᠡ ᠶᠢᠨ ᠲᠠᠭᠤᠨ ᠵᠢᠷᠦᠬᠡ ᠰᠡᠳᠬᠢᠯ ᠢ ᠳᠣᠭᠳᠣᠯᠤᠭᠤᠯᠤᠨ᠎ᠠ᠂ ᠪᠥᠵᠢᠭᠴᠢᠳ ᠤᠯᠠᠮᠵᠢᠯᠠᠯᠲᠤ ᠬᠤᠪᠴᠠᠰᠤ ᠵᠠᠰᠠᠯ ᠢᠶᠠᠨ ᠡᠮᠦᠰᠴᠦ᠂ ᠬᠡᠩᠭᠡᠷᠭᠡ ᠪᠠᠷ ᠵᠠᠭᠤᠴᠢ ᠪᠣᠯᠭᠠᠨ᠂ ᠭᠤᠶᠢᠳᠠ ᠰᠠᠶᠢᠬᠠᠨ ᠪᠥᠵᠢᠭ ᠤᠨ ᠳᠦᠷᠢ ᠲᠥᠷᠬᠦ ᠪᠠᠷ ᠤᠰᠤᠨ ᠬᠡᠩᠭᠡᠷᠭᠡ ᠶᠢᠨ ᠥᠪᠡᠷᠮᠢᠴᠡ ᠷᠢᠳᠢ ᠰᠢᠳᠢ ᠶᠢ ᠢᠯᠡᠷᠡᠭᠦᠯᠵᠦ᠂ ᠦᠵᠡᠭᠴᠢᠳ ᠢ ᠮᠢᠩᠭᠠᠨ ᠵᠢᠯ ᠢ ᠳᠤᠭᠤᠯᠵᠤ᠂ ᠤᠯᠠᠮᠵᠢᠯᠠᠯᠲᠤ ᠤᠷᠠᠯᠢᠭ ᠤᠨ ᠭᠦᠨ ᠵᠤᠵᠠᠭᠠᠨ ᠠᠭᠤᠯᠤᠭᠳᠠᠬᠤᠨ ᠢ ᠮᠡᠳᠡᠷᠡᠭᠦᠯᠪᠡ᠃
   ᠡᠭᠦᠨ ᠤ ᠬᠠᠮᠲᠤ᠂ ᠠᠵᠢᠯᠯᠠᠭ᠎ᠠ ᠳᠤ ᠪᠠᠰᠠ ᠪᠠᠴᠢᠮ ᠰᠡᠳᠡᠯᠲᠡ ᠲᠠᠢ ᠭᠠᠭᠴᠠ ᠬᠦᠷᠳᠦᠲᠦ ᠲᠡᠷᠭᠡᠨ ᠤ ᠲᠣᠭᠯᠠᠭᠠᠮ ᠤᠨ ᠤᠷᠤᠯᠳᠤᠭᠠᠨ ᠲᠣᠬᠢᠷᠠᠭᠤᠯᠪᠠ᠃ ᠤᠷᠤᠯᠳᠤᠭᠠᠨ ᠳᠤ ᠣᠷᠣᠯᠴᠠᠭᠰᠠᠳ ᠴᠢᠳᠠᠪᠤᠷᠢ ᠪᠠ ᠰᠡᠳᠬᠢᠯ ᠰᠠᠨᠠᠭ᠎ᠠ ᠪᠠᠨ ᠮᠡᠳᠡᠯᠴᠡᠭᠰᠡᠨ ᠬᠠᠮᠵᠢᠯᠴᠠᠭ᠎ᠠ ᠪᠠᠷ ᠢᠶᠠᠨ ᠤᠷᠤᠯᠳᠤᠭᠠᠨ ᠤ ᠵᠠᠮ ᠢᠶᠠᠷ ᠳᠠᠪᠬᠢᠨ ᠥᠩᠭᠡᠷᠡᠵᠦ᠂ ᠦᠵᠡᠭᠴᠢᠳ ᠤᠨ ᠠᠯᠠᠭ᠎ᠠ ᠲᠡᠰᠢᠯᠲᠡ ᠪᠠ ᠤᠷᠠᠶᠢᠯᠠᠬᠤ ᠳᠠᠭᠤᠨ ᠢ ᠣᠯᠤᠭᠰᠠᠨ ᠪᠠᠶᠢᠨ᠎ᠠ᠃ ᠢᠯᠠᠭᠴᠢ ᠨᠢ ᠨᠠᠩ ᠴᠤ ᠭᠤᠤᠯᠯᠠᠨ ᠡᠷᠬᠢᠯᠡᠭᠰᠡᠨ ᠲᠠᠯ᠎ᠠ ᠶᠢᠨ ᠨᠠᠷᠢᠨ ᠨᠢᠮᠪᠠᠶ ᠪᠡᠯᠡᠳᠬᠡᠭᠰᠡᠨ ᠱᠠᠩᠨᠠᠯ ᠢ ᠣᠯᠵᠤ᠂ ᠨᠢᠭᠤᠷ ᠳᠡᠭᠡᠷ᠎ᠡ ᠨᠢ ᠪᠠᠶᠠᠷ ᠬᠥᠷ ᠲᠠᠢ ᠢᠨᠢᠶᠡᠮᠰᠦᠭᠯᠡᠯ ᠲᠣᠳᠣᠷᠠᠨ᠎ᠠ᠃ ᠡᠭᠦᠨ ᠠᠴᠠ ᠭᠠᠳᠠᠨ᠎ᠠ ᠪᠠᠰᠠ ᠰᠠᠮᠵᠠ ᠶᠢᠨ ᠸᠠᠩ  ᠂ ᠲᠤᠬᠠᠶ ᠶᠢᠨ ᠲᠠᠯᠠᠪᠤᠷ ᠢ ᠬᠦᠭᠵᠢᠶᠡᠨ ᠲᠠᠢ ᠪᠤᠯᠭᠠᠵᠦ᠂ ᠦᠵᠡᠭᠴᠢᠳ ᠢ ᠪᠠᠶᠠᠰᠬᠠᠨ᠎ᠠ᠃ ᠰᠧᠴᠤᠸᠠᠨ ᠵᠦᠴᠦᠭᠡ ᠶᠢᠨ ᠴᠢᠷᠠᠶ ᠶᠢᠨ ᠵᠢᠷᠤᠭ ᠨᠢ ᠶᠠᠩᠵᠤ ᠪᠦᠷᠢ ᠶᠢᠨ ᠪᠠᠶᠢᠳᠠᠯ ᠢᠯᠡᠷᠡᠵᠦ᠂ ᠬᠥᠮᠦᠨ ᠢ  ᠠᠯᠢ ᠶᠢ ᠨᠢ ᠦᠵᠡᠬᠦ ᠶᠢᠨ ᠠᠷᠭ᠎ᠠ ᠦᠭᠡᠢ ᠪᠣᠯᠭᠠᠵᠤ᠂ ᠭᠠᠢᠬᠠᠰᠢ ᠠᠯᠳᠠᠭᠤᠯᠤᠨ᠎ᠠ᠃ ᠡᠨᠡ ᠤᠳᠠᠭᠠᠨ ᠤ ᠦᠪᠡᠳᠡᠭᠰᠢ ᠶᠡᠭᠡ ᠬᠠᠷᠠᠭᠠᠨ ᠰᠡᠷᠡᠯ ᠤᠨ ᠳᠠᠶᠢᠯᠠᠯᠭ᠎ᠠ  ᠨᠢ ᠵᠢᠭᠤᠯᠴᠢᠳ ᠤᠨ ᠬᠠᠷᠠᠭ᠎ᠠ ᠶᠢ ᠪᠠᠶᠠᠰᠬᠠᠵᠤ᠂ ᠡᠨᠡ ᠤᠳᠠᠭᠠᠨ ᠤ ᠠᠶᠠᠯᠠᠯ ᠢ ᠬᠡᠢ ᠬᠤᠭᠤᠰᠣᠨ ᠪᠣᠯᠭᠠᠭᠰᠠᠨ ᠦᠭᠡᠢ᠃
   ︽ᠥᠨᠥᠳᠦᠷ ᠤᠨ ᠲᠣᠭᠯᠠᠯᠲᠠ ᠲᠤᠩ ᠭᠤᠢᠳᠠ ᠰᠠᠶᠢᠬᠠᠨ᠂ ᠮᠢᠨᠦ ᠬᠠᠮᠤᠭ ᠦᠵᠡᠬᠦ ᠳᠤᠷᠠᠲᠠᠢ ᠨᠢ ᠰᠠᠮᠵᠠ ᠶᠢᠨ ᠸᠠᠩ ᠪᠤᠯᠤᠨ᠎ᠠ᠂ ᠲᠣᠭᠯᠠᠭᠰᠠᠨ ᠨᠢ ᠲᠤᠩ ᠠᠮᠢᠳᠤᠯᠢᠭ᠂ ᠨᠠᠳᠠ ᠶᠢ ᠨᠢᠭᠡ ᠯᠡ ᠳᠣᠣᠷ᠎ᠠ ᠪᠠᠭ᠎ᠠ ᠨᠠᠰᠤᠨ ᠳᠤ ᠬᠠᠷᠢᠭᠤᠯᠵᠠᠢ᠃︾ ᠭᠡᠵᠦ ᠵᠤᠭᠠᠴᠠᠭᠰᠠᠳ ᠵᠤᠤ ᠭᠠᠩ ᠬᠡᠯᠡᠪᠡ᠃
   ᠵᠠᠯᠭᠠᠭᠠᠳ᠂ ᠪᠦᠬᠦᠯᠢ ᠭᠠᠭ᠋ᠠᠢ ᠶᠢ ᠨᠠᠶᠮᠠᠨ ᠬᠡᠰᠡᠭ ᠪᠤᠯᠠᠭᠠᠨ ᠰᠠᠯᠭᠠᠬᠤ ᠤᠷᠤᠯᠳᠤᠭᠠᠨ ᠤ ᠭᠤᠭᠴᠤᠭ᠎ᠠ ᠪᠣᠯ ᠤᠷ᠎ᠠ ᠮᠡᠷᠭᠡᠵᠢᠯ ᠤᠨ ᠦᠵᠡᠯᠴᠡᠭᠡᠨ ᠪᠠᠶᠢᠵᠤ᠂ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠢ ᠣᠷᠭᠢᠯ ᠳᠤᠨᠢ ᠬᠦᠷᠭᠡᠪᠡ᠃ ᠪᠠᠭᠰᠢ ᠨᠠᠷ ᠨᠢᠲᠤᠯᠭᠠᠨ ᠤ ᠤᠷ᠎ᠠ ᠮᠡᠷᠭᠡᠵᠢᠯ ᠪᠠ ᠪᠦᠯᠬᠦᠮ ᠨᠡᠶᠢᠲᠡ ᠶᠢᠨ ᠬᠠᠮᠵᠢᠯᠴᠠᠬᠤ ᠵᠣᠷᠢᠭ ᠰᠠᠨᠠᠭ᠎ᠠ ᠪᠠᠷ ᠭᠠᠭ᠋ᠠᠶ ᠶᠢ ︽ᠨᠠᠶᠮᠠᠨ ᠬᠡᠰᠡᠭ ᠪᠣᠯᠭᠠᠨ ᠰᠠᠯᠭᠠᠵᠤ︾᠂ ᠶᠡᠷᠦ ᠪᠤᠰᠤ ᠶᠢᠨ ᠬᠦᠴᠦᠨ ᠴᠢᠳᠠᠯ ᠪᠠ ᠤᠷ᠎ᠠ ᠮᠡᠷᠭᠡᠵᠢᠯ ᠢ ᠢᠯᠡᠷᠡᠭᠦᠯᠪᠡ᠃ ᠵᠠᠯᠭᠠᠭᠠᠳ ᠶᠠᠪᠤᠭᠳᠠᠵᠤ ᠪᠠᠶᠢᠭ᠎ᠠ ᠭᠠᠭ᠋ᠠᠶ ᠶᠢᠨ ᠮᠢᠬ᠎ᠠ ᠶᠢ ᠦᠨ᠎ᠡ ᠬᠠᠶᠠᠵᠤ ᠬᠤᠳᠠᠯᠳᠤᠬᠤ ᠭᠤᠭᠴᠤᠭ᠎ᠠ ᠨᠢ ᠨᠠᠩ ᠴᠤ ᠦᠶ ᠣᠯᠠᠨ ᠵᠢᠭᠤᠯᠴᠢᠯᠠᠭᠴᠢᠳ ᠤᠨ ᠠᠩᠬᠠᠷᠤᠯ ᠢ ᠲᠠᠲᠠᠵᠤ᠂ ᠣᠯᠠᠨ  ᠢᠶᠠᠷ ᠢᠶᠠᠨ ᠴᠥᠮ ᠥᠪᠡᠷ ᠤᠨ ᠢᠳᠡᠬᠦ ᠲᠤᠷᠠᠳᠠᠢ ᠭᠠᠭ᠋ᠠᠶ ᠶᠢᠨ ᠮᠢᠬ᠎ᠠ ᠪᠠᠨ ᠦᠨ᠎ᠡ ᠬᠠᠶᠠᠵᠤ ᠬᠤᠳᠠᠯᠳᠤᠵᠤ ᠪᠠᠶᠢᠨ᠎ᠠ᠃    ︽ᠥᠨᠥᠳᠦᠷ ᠤᠨ ᠠᠮᠲᠠᠲᠤ ᠢᠳᠡᠭᠡᠨ ᠤ ᠴᠤᠭᠯᠠᠭᠠᠨ ᠤ ᠲᠤᠬᠠᠶ ᠶᠢᠨ ᠲᠠᠯᠠᠪᠠᠢ ᠮᠠᠰᠢ ᠬᠥᠷ ᠬᠥᠭᠵᠢᠶᠡᠨ ᠲᠠᠢ᠂ ᠤᠷᠤᠯᠳᠤᠭᠠᠨ ᠴᠤ ᠮᠠᠰᠢ ᠬᠤᠷᠴᠠ ᠰᠢᠷᠦᠭᠦᠨ᠂ ᠬᠢᠨᠠᠭᠴᠢ ᠪᠣᠯᠤᠭᠰᠠᠨ ᠤ ᠬᠤᠪᠢ ᠳᠤ᠂ ᠪᠢ ᠣᠯᠠᠨ ᠤ ᠭᠠᠭ᠋ᠠᠶ ᠶᠢᠨ ᠮᠢᠬ᠎ᠠ ᠶᠢ ᠰᠠᠯᠭᠠᠬᠤ ᠨᠢ ᠪᠦᠷ ᠨᠡᠯᠢᠶᠡᠳ ᠪᠠᠷᠢᠮᠵᠢᠶ᠎ᠠ ᠳᠤ ᠨᠡᠶᠢᠴᠡᠵᠦ᠂ ᠰᠠᠯᠭᠠᠭᠰᠠᠨ ᠭᠠᠭ᠋ᠠᠶ ᠶᠢᠨ ᠮᠢᠬ᠎ᠠ ᠶᠢ ᠲᠤᠬᠠᠶ  ᠶᠢᠨ ᠲᠠᠯᠠᠪᠠᠢ ᠳᠤ ᠬᠤᠳᠠᠯᠳᠤᠵᠤ ᠪᠣᠯᠤᠨ᠎ᠠ᠂ ᠲᠤᠬᠠᠶ ᠶᠢᠨ ᠲᠠᠯᠠᠪᠠᠢ ᠶᠢᠨ ᠵᠤᠭᠠᠴᠠᠭᠰᠠᠳ ᠪᠠ ᠰᠠᠭᠤᠭᠠᠯᠢ ᠠᠷᠠᠳ ᠪᠦᠷ ᠪᠤᠯᠢᠶᠠᠯᠳᠤᠨ ᠬᠤᠳᠠᠯᠳᠤᠨ ᠠᠪᠴᠤ᠂ ᠡᠨᠡ ᠮᠢᠬ᠎ᠠ ᠶᠢ ᠪᠠᠰᠠ ᠨᠡᠯᠢᠶᠡᠳ ᠲᠦᠷᠭᠡᠨ ᠬᠤᠳᠠᠯᠳᠤᠵᠤ᠂ ᠳᠡᠮᠡᠶ ᠦᠯᠡᠳᠡᠭᠰᠡᠨ ᠦᠭᠡᠢ︾ ᠭᠡᠵᠦ ᠭᠠᠭ᠋ᠠᠢ ᠰᠠᠯᠭᠠᠬᠤ ᠤᠷᠤᠯᠳᠤᠭᠠᠨ ᠤ ᠬᠢᠨᠠᠭᠴᠢ ᠰᠦᠨ ᠬᠠᠢ ᠬᠡᠯᠡᠪᠡ᠃    ᠲᠠᠢᠰᠠᠨ ᠳᠣᠤᠷᠠᠬᠢ ᠮᠠᠶᠢᠬᠠᠨ ᠳᠤ ᠶᠠᠪᠤᠭᠳᠠᠭᠰᠠᠨ ᠲᠣᠭᠤᠭᠠᠴᠢ ᠶᠢᠨ ᠲᠡᠮᠡᠴᠡᠭᠡᠨ ᠴᠦ ᠬᠥᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃ ᠲᠣᠭᠤᠭᠠᠴᠢ ᠨᠠᠷ ᠨᠢᠭᠡ ᠲᠠᠩᠬᠢᠮ ᠳᠤ ᠴᠤᠭᠯᠠᠷᠠᠨ᠂ ᠨᠠᠷᠢᠯᠢᠭ ᠰᠠᠶᠢᠬᠠᠨ ᠬᠢᠲᠤᠭ᠎ᠠ ᠶᠢᠨ ᠡᠷᠳᠡᠮ ᠢᠶᠠᠷ ᠢᠶᠠᠨ᠂ ᠶᠠᠭ ᠰᠠᠶᠢᠬᠠᠨ ᠭᠠᠯ ᠤᠨ ᠬᠥᠭ ᠪᠠ ᠥᠪᠡᠷᠮᠢᠴᠡ ᠪᠦᠲᠦᠭᠡᠯᠴᠢ ᠰᠡᠳᠬᠢᠮᠵᠢ ᠪᠠᠷ ᠢᠶᠠᠨ ᠦᠵᠡᠭᠴᠢᠳ ᠲᠤ ᠬᠠᠷᠠᠭᠠᠨ ᠰᠡᠷᠡᠯ ᠪᠠ ᠠᠮᠲᠠ ᠶᠢᠨ ᠰᠡᠷᠡᠯ ᠤᠨ ᠠᠮᠲᠠᠲᠤ ᠢᠳᠡᠭᠡᠨ ᠢ ᠳᠡᠯᠭᠡᠨ ᠦᠵᠡᠭᠦᠯᠵᠦ ᠬᠦᠮᠦᠰ ᠤᠨ ᠰᠢᠯᠦᠰᠦ ᠶᠢ ᠭᠤᠭᠤᠵᠢᠭᠤᠯᠤᠨ᠎ᠠ᠃ ᠠᠵᠢᠯᠯᠠᠭ᠎ᠠ ᠶᠢᠨ ᠭᠦᠨᠵᠡᠭᠡᠶᠢᠷᠡᠬᠦ ᠶᠢ ᠳᠠᠭᠠᠯᠳᠤᠨ ᠵᠠᠭᠤᠨ ᠬᠥᠮᠦᠨ  ᠤ ᠪᠦᠬᠦᠯᠢ ᠭᠠᠭ᠋ᠠᠶ ᠶᠢᠨ ᠳᠠᠶᠢᠯᠠᠯᠭ᠎ᠠ ᠴᠤ ᠵᠢᠩᠬᠢᠨᠢ ᠪᠠᠷ ᠡᠬᠢᠯᠡᠪᠡ᠃ ᠨᠠᠷᠢᠨ ᠨᠢᠮᠪᠠᠶ ᠰᠢᠯᠢᠵᠦ ᠰᠣᠩᠭᠤᠭᠰᠠᠨ ᠭᠠᠭ᠋ᠠᠶ  ᠶᠢᠨ ᠮᠢᠬ᠎ᠠ ᠨᠢ ᠤᠯᠠᠮᠵᠢᠯᠠᠯᠲᠤ ᠪᠠ ᠰᠢᠨ᠎ᠡ ᠶᠢ ᠡᠭᠦᠳᠬᠦ ᠶᠢ ᠤᠶᠠᠯᠳᠤᠭᠤᠯᠤᠭᠰᠠᠨ ᠬᠤᠭᠤᠯᠠ ᠬᠢᠬᠦ ᠠᠷᠭ᠎ᠠ ᠪᠠᠷᠢᠯ  ᠢᠶᠠᠷ ᠳᠡᠮᠵᠢᠨ᠂ ᠰᠢᠯᠦᠰᠦ ᠭᠤᠭᠤᠵᠢᠭᠤᠯᠤᠮ᠎ᠠ ᠠᠮᠲᠠᠲᠤ ᠢᠳᠡᠭᠡᠨ ᠬᠢᠵᠦ᠂ ᠭᠠᠭ᠋ᠠᠶ ᠶᠢᠨ ᠬᠠᠪᠢᠷᠭ᠎ᠠ᠂ ᠵᠡᠭᠦᠨ ᠬᠤᠶᠢᠲᠤ ᠣᠷᠣᠨ ᠤ ᠥᠳᠬᠡᠨ ᠦᠨᠦᠷ ᠬᠠᠩᠬᠤᠯᠤᠭᠰᠠᠨ ᠭᠠᠭ᠋ᠠᠶ ᠶᠢᠨ ᠭᠤᠯᠢᠷ ᠭᠡᠳᠡᠰᠦ ᠪᠤᠶᠤ ᠬᠠᠰᠢᠷᠠᠭᠰᠠᠨ ᠲᠣᠮᠣ ᠬᠠᠭᠤᠷᠭᠠᠰᠢ ᠶᠢᠨ ᠠᠯᠢ ᠨᠢ ᠴᠦ ᠴᠥᠮ ᠬᠥᠮᠦᠰ ᠤᠨ ᠳᠤᠷ᠎ᠠ ᠪᠠᠬ᠎ᠠ ᠶᠢ ᠲᠠᠲᠠᠵᠤ᠂ ᠪᠤᠴᠠᠬᠤ ᠶᠢ ᠮᠠᠷᠲᠠᠭᠤᠯᠳᠠᠭ᠃
   ︽ᠥᠨᠥᠳᠦᠷ ᠪᠢᠳᠡᠨ ᠤ ᠬᠢᠭᠰᠡᠨ ᠨᠢ ᠠᠮᠲᠠᠲᠤ ᠭᠠᠭ᠋ᠠᠢ ᠶᠢᠨ ᠴᠢᠷᠠᠢ᠂ ᠨᠢᠭᠡᠳᠦᠭᠡᠷ ᠨᠡᠷᠡᠰ ᠣᠯᠵᠠᠢ᠂ ᠡᠨᠡ ᠨᠣᠭᠤᠭ᠎ᠠ ᠣᠯᠠᠨ ᠤ ᠬᠦᠷᠢᠶᠡᠯᠡᠯ ᠢ ᠤᠯᠵᠦ᠂ ᠪᠢᠳᠡ ᠪᠠᠰᠠ ᠠᠩᠬ᠎ᠠ ᠤᠳᠠᠭ᠎ᠠ ᠠᠮᠲᠠᠲᠤ ᠢᠳᠡᠭᠡᠨ ᠤ ᠴᠤᠭᠯᠠᠭᠠᠨ ᠳᠤ ᠣᠷᠣᠯᠴᠠᠵᠤ ᠪᠠᠶᠢᠨ᠎ᠠ᠂ ᠰᠡᠭᠦᠯᠡᠷ ᠡᠨᠡ ᠠᠮᠲᠠᠲᠤ ᠢᠳᠡᠭᠡᠨ ᠤ ᠴᠤᠭᠯᠠᠭᠠᠨ ᠢ ᠪᠠᠰᠠ ᠢᠯᠡᠭᠦᠦ ᠡᠷᠬᠢᠯᠡᠬᠦ ᠶᠢ ᠬᠦᠰᠡᠵᠦ ᠪᠠᠶᠢᠨ᠎ᠠ᠂ ᠡᠨᠡ ᠲᠣᠬᠢᠶᠠᠯ ᠢᠶᠠᠷ ᠪᠢᠳᠡ ᠪᠠᠰᠠ ᠪᠤᠰᠤᠳ ᠢᠳᠡᠭᠡᠨ ᠤᠮᠳᠠᠭᠠᠨ ᠤ ᠠᠵᠤ ᠠᠬᠤᠶᠢᠯᠠᠯ ᠲᠠᠢ ᠭᠦᠨᠵᠡᠭᠡᠢ ᠶᠠᠷᠢᠯᠴᠠᠵᠤ ᠰᠣᠯᠢᠯᠴᠠᠭ᠎ᠠ ᠬᠢᠵᠦ᠂ ᠮᠠᠰᠢ ᠣᠯᠠᠨ ᠶᠠᠭᠤᠮ᠎ᠠ ᠣᠯᠵᠤ ᠰᠤᠷᠴᠠᠢ᠂ ᠪᠢᠳᠡᠨ ᠤ ᠦᠷᠭᠦᠯᠵᠢᠯᠡᠨ ᠴᠢᠷᠮᠠᠶᠢᠵᠤ ᠨᠠᠩ ᠰᠠᠶᠢᠨ ᠠᠮᠲᠠᠲᠤ ᠢᠳᠡᠭᠡᠨ ᠬᠢᠬᠦ ᠶᠢ ᠬᠦᠰᠡᠵᠦ ᠪᠠᠶᠢᠨ᠎ᠠ᠃︾ ᠭᠡᠵᠦ ᠲᠦᠴᠢᠦᠸᠠᠨ ᠰᠢᠶᠠᠨ ᠤ ᠿᠢ ᠿᠢ ᠰᠢᠶᠠᠨ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠶᠢᠨ ᠲᠣᠭᠤᠭᠠᠴᠢ ᠸᠠᠩ ᠶᠠ ᠭᠤᠸᠠᠩ ᠬᠡᠯᠡᠪᠡ᠃
   ᠲᠦᠴᠢᠦᠸᠠᠨ ᠰᠢᠶᠠᠨ ᠤ ᠠᠩᠬᠠᠳᠤᠭᠠᠷ ᠬᠤᠭᠤᠴᠠᠭᠠᠨ ᠤ ᠴᠦᠨ ᠵᠧᠦ ᠶᠢᠨ ᠠᠷᠠᠳ ᠤᠨ ᠵᠠᠩ ᠦᠢᠯᠡ ᠶᠢᠨ ᠠᠮᠲᠠᠲᠤ ᠢᠳᠡᠭᠡᠨ ᠤ ᠴᠤᠭᠯᠠᠭᠠᠨ ᠤ ᠠᠵᠢᠯᠯᠠᠭ᠎ᠠ ᠪᠠᠶᠠᠷ ᠪᠠᠶᠠᠰᠤᠯ ᠤᠨ ᠳᠤᠮᠳᠠ ᠲᠡᠭᠦᠰ ᠠᠮᠵᠢᠯᠲᠠ ᠲᠠᠢ ᠥᠨᠳᠥᠷᠯᠡᠪᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠮᠲᠠᠲᠤ ᠢᠳᠡᠭᠡᠨ ᠤ ᠴᠤᠭᠯᠠᠭᠠᠨ ᠤ ᠠᠵᠢᠯᠯᠠᠭ᠎ᠠ ᠳᠤ 21 ᠢᠳᠡᠭᠡᠨ ᠤᠮᠳᠠᠭᠠᠨ ᠤ ᠠᠵᠤ ᠠᠬᠤᠶᠢᠯᠠᠯ ᠣᠷᠣᠯᠴᠠᠵᠤ᠂ ᠵᠤᠭᠠᠴᠠᠭᠰᠠᠳ ᠢ ᠨᠡᠶᠢᠲᠡ 3000 ᠬᠥᠮᠦᠨ ᠤᠳᠠᠭ᠎ᠠ ᠭᠥᠯᠢᠶᠡᠨ ᠠᠪᠴᠠᠶ᠃ ᠠᠩᠬᠠᠳᠤᠭᠠᠷ ᠬᠤᠭᠤᠴᠠᠭᠠᠨ ᠤ ᠴᠦᠨ ᠵᠧᠦ ᠶᠢᠨ ᠠᠷᠠᠳ ᠤᠨ ᠵᠠᠩ ᠦᠢᠯᠡ ᠶᠢᠨ ᠠᠮᠲᠠᠲᠤ ᠢᠳᠡᠭᠡᠨ ᠤ ᠴᠤᠭᠯᠠᠭᠠᠨ ᠨᠢ ᠵᠤᠭᠠᠴᠠᠭᠰᠠᠳ ᠲᠤ ᠲᠦᠴᠢᠦᠸᠠᠨ ᠤ ᠲᠡᠦᠬᠡ ᠰᠣᠶᠣᠯ ᠪᠠ ᠡᠯᠪᠡᠭ ᠪᠠᠶᠠᠯᠢᠭ ᠠᠮᠲᠠᠲᠤ ᠢᠳᠡᠭᠡᠨ ᠤ ᠡᠬᠢ ᠪᠠᠶᠠᠯᠢᠭ ᠢ ᠮᠡᠳᠡᠷᠡᠭᠦᠯᠵᠦ᠂ ᠰᠢᠶᠠᠨ ᠤ ᠬᠡᠪᠴᠢᠶᠡᠨ ᠤ ᠵᠢᠭᠤᠯᠴᠢᠯᠠᠯ ᠤᠨ ᠠᠵᠤ ᠦᠶᠯᠡᠰ  ᠤᠨ ᠴᠢᠨᠠᠷ ᠰᠠᠶᠢᠲᠠᠶ ᠬᠥᠭᠵᠢᠯᠲᠡ ᠶᠢ ᠨᠠᠩ ᠠᠬᠢᠭᠤᠯᠪᠠ᠃
   ︽ᠲᠤᠰ ᠤᠳᠠᠭ᠎ᠠ ᠶᠢᠨ ᠠᠵᠢᠯᠯᠠᠭ᠎ᠠ ᠨᠢ ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠ ᠣᠷᠣᠨ ᠨᠤᠲᠤᠭ ᠤᠨ ᠣᠨᠴᠠᠯᠢᠭ ᠲᠠᠢ ᠲᠦᠷᠦᠯ ᠲᠡᠮᠳᠡᠭ ᠢ ᠡᠭᠦᠳᠬᠦ ᠪᠠᠷ ᠭᠤᠣᠯ ᠬᠠᠷᠠᠯᠲᠠ ᠪᠣᠯᠭᠠᠪᠠ᠂ ᠮᠠᠨ ᠤ ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠰᠣᠶᠣᠯ ᠪᠠ ᠠᠮᠲᠠᠲᠤ ᠢᠳᠡᠭᠡᠨ ᠤ ᠰᠣᠶᠣᠯ ᠤᠨ ᠥᠪᠡᠷᠮᠢᠴᠡ ᠷᠢᠳᠢ ᠰᠢᠳᠢ ᠶᠢ ᠠᠮᠵᠢᠯᠲᠠ ᠲᠠᠢ ᠢᠯᠡᠷᠡᠭᠦᠯᠪᠡ᠂ ᠲᠡᠭᠡᠬᠦ ᠮᠥᠷᠲᠡᠭᠡᠨ ᠨᠢᠭᠡ ᠤᠳᠠᠭᠠᠨ ᠤ ᠲᠤᠬᠠᠶ ᠶᠢᠨ ᠭᠠᠵᠠᠷ ᠤᠨ ᠣᠨᠴᠠᠯᠢᠭᠲᠤ ᠢᠳᠡᠭᠡᠨ ᠢ ᠠᠮᠲᠠᠯᠠᠬᠤ ᠵᠠᠪᠰᠢᠶᠠᠨ ᠬᠠᠩᠭᠠᠵᠦ᠂ ᠠᠯᠢ ᠣᠯᠠᠨ ᠨᠠᠷᠢᠨ ᠨᠢᠮᠪᠠᠶ ᠲᠥᠯᠥᠪᠯᠡᠭᠰᠡᠨ ᠰᠣᠶᠣᠯ ᠤᠨ ᠬᠥᠳᠡᠯᠭᠡᠭᠡᠨ ᠪᠠ ᠠᠮᠲᠠᠲᠤ ᠢᠳᠡᠭᠡᠨ ᠤ ᠣᠶᠢᠯᠠᠭᠠᠯᠲᠠ ᠪᠠᠷ ᠳᠠᠮᠵᠢᠨ᠂ ᠣᠷᠣᠯᠴᠠᠭᠴᠢ  ᠶᠢᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠂ ᠪᠠᠰᠠ ᠳᠤᠮᠳᠠᠳᠤ ᠶᠢᠨ ᠰᠣᠶᠣᠯ ᠢ ᠮᠡᠳᠡᠷᠡᠬᠦ ᠰᠡᠳᠬᠢᠯᠭᠡ ᠪᠠ ᠰᠣᠶᠣᠯ ᠤᠨ ᠢᠲᠡᠭᠡᠯ ᠢ ᠠᠬᠢᠭᠤᠯᠤᠨ᠂ ᠣᠷᠣᠯᠴᠠᠭᠴᠢ ᠶᠢᠨ ᠢᠳᠡᠪᠬᠢᠲᠡᠶ ᠲᠤᠰᠬᠠᠯ ᠪᠠ ᠨᠡᠶᠢᠭᠡᠮ  ᠤᠨ ᠡᠯ᠎ᠡ ᠡᠲᠡᠭᠡᠳ ᠤᠨ ᠥᠷᠭᠡᠨ ᠳᠡᠯᠭᠡᠷ ᠰᠠᠶᠢᠨ ᠦᠨᠡᠯᠡᠯᠲᠡ ᠶᠢ ᠤᠯᠵᠦ᠂ ᠲᠦᠴᠢᠦᠸᠠᠨ ᠤ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃︾ ᠭᠡᠵᠦ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠶ ᠶᠢᠨ ᠳᠠᠷᠤᠭ᠎ᠠ ᠳ᠋ᠦᠩ ᠴᠢᠩ  ᠢᠤᠢ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号