ᠲᠦᠴᠢᠦᠸᠠᠨ ᠰᠢᠶᠠᠨ ᠤ ᠲᠦᠮᠡᠨ ᠮᠦ ᠨᠣᠬᠠᠶ ᠶᠢᠨ ᠬᠤᠰᠢᠭᠤ ᠶᠢᠨ ᠡᠪᠡᠰᠦ ᠡᠯᠪᠡᠭ ᠬᠤᠷᠢᠶᠠᠯᠲᠠ ᠤᠯᠪᠠ
ᠨᠡᠶᠢᠲᠡᠯᠡᠭᠰᠡᠨ ᠴᠠᠭ᠄
2024/9/20
   ᠨᠠᠮᠤᠷ ᠤᠨ ᠡᠬᠢ ᠪᠠᠷ᠂ ᠲᠦᠴᠢᠦᠸᠠᠨ ᠰᠢᠶᠠᠨ ᠤ ᠲᠦᠮᠡᠨ ᠮᠦ ᠪᠣᠷᠳᠤᠭ᠎ᠠ ᠶᠢᠨ ᠨᠣᠬᠠᠶ ᠶᠢᠨ ᠬᠤᠰᠢᠭᠤ ᠶᠢᠨ ᠡᠪᠡᠰᠦ ᠬᠤᠷᠢᠶᠠᠬᠤ ᠬᠤᠭᠤᠴᠠᠭᠠᠨ ᠳᠤ ᠣᠷᠣᠵᠤ᠂ ᠬᠠᠳᠤᠵᠤ ᠬᠤᠷᠢᠶᠠᠬᠤ ᠮᠠᠰᠢᠨ ᠤ ᠬᠦᠷᠴᠢᠭᠢᠨᠡᠬᠦ ᠶᠢ ᠳᠠᠭᠠᠯᠳᠤᠨ᠂ ᠨᠣᠬᠠᠶ ᠶᠢᠨ ᠬᠤᠰᠢᠭᠤ ᠶᠢᠨ ᠡᠪᠡᠰᠦ ᠶᠢᠨ ᠬᠠᠳᠤᠵᠤ ᠬᠤᠷᠢᠶᠠᠬᠤ ᠠᠵᠢᠯ ᠵᠢᠩᠬᠢᠨᠢ ᠪᠠᠷ ᠡᠬᠢᠯᠡᠵᠦ᠂ ᠭᠠᠵᠠᠷ ᠰᠠᠢ ᠦᠭᠡᠢ ᠠᠯᠲᠠᠨ ᠰᠢᠷᠭᠠᠯ ᠨᠣᠬᠠᠶ ᠶᠢᠨ ᠬᠤᠰᠢᠭᠤ ᠶᠢᠨ ᠲᠠᠷᠢᠶ᠎ᠠ ᠨᠠᠮᠤᠷ ᠤᠨ ᠡᠯᠪᠡᠭ ᠬᠤᠷᠢᠶᠠᠯᠲᠠ ᠶᠢᠨ ᠰᠠᠶᠢᠬᠠᠨ ᠦᠵᠡᠮᠵᠢ ᠶᠢ ᠪᠦᠷᠢᠯᠳᠦᠭᠦᠯᠪᠡ᠃
   ᠣᠶᠢᠷ᠎ᠠ ᠳᠤ᠂ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠰᠢᠨ ᠰᠢᠩ ᠲᠣᠰᠬᠤᠨ ᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢᠨ ᠳᠠᠷᠢᠭᠰᠠᠨ 4000 ᠮᠥ ᠨᠣᠬᠠᠶ ᠶᠢᠨ ᠬᠤᠰᠢᠭᠤ ᠶᠢᠨ ᠡᠪᠡᠰᠦ ᠨᠢ ᠬᠤᠷᠢᠶᠠᠯᠲᠠ ᠶᠢᠨ ᠬᠤᠭᠤᠴᠠᠭᠠᠨ ᠳᠤ ᠣᠷᠣᠪᠠ᠃ ᠲᠠᠷᠢᠶᠠᠨ ᠭᠠᠵᠠᠷ ᠨᠣᠬᠠᠶ ᠶᠢᠨ ᠬᠤᠰᠢᠭᠤ ᠡᠪᠡᠰᠦ ᠬᠥᠪᠡᠭᠡ ᠬᠢᠵᠠᠭᠠᠷ ᠥᠬᠡᠶ ᠬᠠᠷᠠᠭᠳᠠᠵᠤ᠂ ᠬᠠᠳᠤᠵᠤ ᠬᠤᠷᠢᠶᠠᠬᠤ ᠮᠠᠰᠢᠨ ᠲᠠᠷᠢᠶᠠᠨ ᠭᠠᠵᠠᠷ ᠢᠶᠠᠷ ᠰᠦᠯᠵᠢᠯᠳᠦᠨ᠂ ᠶᠠᠭᠠᠷᠠᠯᠲᠠᠶ ᠠᠵᠢᠯᠯᠠᠵᠤ᠂ ᠬᠥᠷ ᠬᠥᠭᠵᠢᠶᠡᠨᠲᠡᠶ ᠪᠠᠷ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠵᠦ᠂ ᠡᠲᠡᠭᠡᠷ ᠨᠣᠬᠠᠶ ᠶᠢᠨ ᠬᠤᠰᠢᠭᠤ ᠶᠢᠨ ᠡᠪᠡᠰᠦ ᠨᠢ ᠮᠠᠯ ᠤᠨ ᠴᠢᠨᠠᠷ ᠰᠠᠶᠢᠲᠠᠶ ᠪᠤᠷᠳᠤᠭ᠎ᠠ ᠪᠣᠯᠬᠤ ᠪᠣᠯᠤᠨ᠎ᠠ᠃
   ᠡᠰᠢ ᠰᠦᠷᠡᠯ ᠨᠢ ᠥᠨᠳᠥᠷ᠂ ᠲᠦᠷᠦᠭᠦᠦ ᠨᠢ ᠨᠠᠷᠢᠨ ᠤᠷᠳᠤ ᠤᠷᠭᠤᠭᠰᠠᠨ ᠨᠣᠬᠠᠶ ᠶᠢᠨ ᠬᠤᠰᠢᠭᠤ ᠶᠢᠨ ᠡᠪᠡᠰᠦ ᠶᠢ ᠬᠠᠷᠠᠭᠠᠳ᠂ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠰᠢᠨ ᠰᠢᠩ ᠲᠣᠰᠬᠤᠨ ᠤ ᠢᠳᠡᠰᠢᠨ ᠬᠤᠨᠢ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠵᠠᠩ ᠶᠠᠨ ᠴᠦᠨ ᠴᠢᠷᠠᠶ ᠳᠦᠭᠦᠷᠡᠩ ᠪᠠᠶᠠᠷ ᠪᠠᠶᠠᠰᠤᠯ ᠲᠠᠢ ᠪᠠᠶᠢᠯ᠎ᠠ᠃
   ︽ᠣᠲᠣ ᠳᠥᠷᠪᠡᠨ ᠮᠠᠰᠢᠨ ᠵᠡᠷᠭᠡ ᠪᠠᠷ ᠬᠠᠳᠤᠵᠤ ᠪᠠᠶᠢᠨ᠎ᠠ᠂ 4000 ᠮᠥ ᠨᠣᠬᠠᠶ ᠶᠢᠨ ᠬᠤᠰᠢᠭᠤ ᠶᠢᠨ ᠡᠪᠡᠰᠦ ᠶᠢ ᠭᠤᠷᠪᠠᠨ ᠡᠳᠦᠷ ᠤᠨ ᠣᠷᠴᠢᠮ ᠪᠦᠬᠦᠨ ᠢ ᠬᠠᠳᠤᠵᠤ ᠲᠠᠭᠤᠰᠬᠠᠨ᠎ᠠ᠂ ᠡᠨᠡ ᠵᠢᠯ ᠪᠣᠷᠣᠭᠠᠨ ᠬᠤᠷ᠎ᠠ ᠨᠡᠯᠢᠶᠡᠳ ᠰᠠᠶᠢᠨ᠂ ᠤᠷᠭᠤᠴᠠ ᠴᠤ ᠨᠡᠯᠢᠶᠡᠳ ᠰᠠᠶᠢᠨ᠂ ᠨᠣᠬᠠᠶ ᠶᠢᠨ ᠬᠤᠰᠢᠭᠤ ᠶᠢᠨ ᠡᠪᠡᠰᠦ ᠡᠯᠪᠡᠭ ᠬᠤᠷᠢᠶᠠᠯᠲᠠ ᠣᠯᠵᠤ᠂ ᠮᠥ ᠪᠦᠷᠢ ᠶᠢᠨ ᠤᠨᠠᠯᠲᠠ 1000 ᠵᠢᠩ ᠣᠷᠴᠢᠮ ᠪᠠᠶᠢᠨ᠎ᠠ᠃︾ ᠭᠡᠵᠦ ᠵᠠᠩ ᠶᠠᠨ ᠴᠦᠨ ᠬᠡᠯᠡᠪᠡ᠃
   ᠣᠶᠢᠯᠠᠭᠠᠭᠰᠠᠨ ᠢᠶᠠᠷ᠂ ᠨᠣᠬᠠᠶ ᠶᠢᠨ ᠬᠤᠰᠢᠭᠤ ᠶᠢᠨ ᠡᠪᠡᠰᠦᠨ ᠤ ᠰᠢᠮ᠎ᠡ ᠲᠡᠵᠢᠭᠡᠯ ᠥᠨᠳᠥᠷ᠂ ᠨᠢᠭᠡ ᠵᠦᠶᠯ  ᠤᠨ ᠴᠢᠨᠠᠷ ᠰᠠᠶᠢᠲᠠᠶ ᠲᠡᠵᠢᠭᠡᠯ ᠡᠪᠡᠰᠦ ᠪᠣᠯᠤᠨ᠎ᠠ᠃ ᠲᠦᠴᠢᠦᠸᠠᠨ ᠰᠢᠶᠠᠨ ᠤ ᠭᠠᠵᠠᠷ ᠤᠨ ᠪᠠᠶᠢᠴᠠ ᠲᠡᠭᠰᠢ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠨᠣᠬᠠᠶ ᠶᠢᠨ ᠬᠤᠰᠢᠭᠤ ᠶᠢᠨ ᠡᠪᠡᠰᠦᠨ ᠤ ᠤᠷᠭᠤᠯᠲᠠ ᠳᠤ ᠮᠠᠰᠢ ᠲᠣᠬᠢᠷᠠᠨ᠎ᠠ᠃ ᠡᠨᠡ ᠵᠢᠯ᠂ ᠬᠤᠷᠰᠢᠶ᠎ᠠ ᠨᠢ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠲᠠᠯᠠᠪᠠᠢ  ᠪᠠᠨ ᠥᠷᠭᠡᠳᠬᠡᠬᠦ ᠶᠢᠨ ᠬᠠᠮᠲᠤ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠮᠧᠬᠠᠨᠢᠭᠵᠢᠭᠤᠯᠤᠭᠰᠠᠨ ᠠᠵᠢᠯᠯᠠᠭ᠎ᠠ ᠪᠠᠷ ᠳᠠᠮᠵᠢᠨ᠂ ᠨᠣᠬᠠᠢ ᠶᠢᠨ ᠬᠤᠰᠢᠭᠤ ᠶᠢᠨ ᠡᠪᠡᠰᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠮᠠᠯ ᠲᠡᠵᠢᠭᠡᠪᠦᠷᠢ ᠶᠢᠨ ᠡᠪᠦᠯ ᠬᠠᠪᠤᠷ ᠢ ᠲᠤᠭᠤᠯᠬᠤ ᠳᠤ ᠪᠠᠲᠤ ᠪᠠᠬᠢ ᠡᠳ᠋ ᠪᠣᠳᠠᠰ ᠤᠨ ᠪᠠᠲᠤᠯᠠᠭ᠎ᠠ ᠬᠠᠩᠭᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠪᠠᠲᠤᠯᠠᠪᠠ᠃
   ︽ᠨᠣᠬᠠᠢ ᠶᠢᠨ ᠬᠤᠰᠢᠭᠤ ᠡᠪᠡᠰᠦ᠂ ᠲᠠᠴᠢᠷ ᠨᠢᠮᠭᠡᠨ ᠢ ᠲᠡᠰᠪᠦᠷᠢᠯᠡᠬᠦ᠂ ᠭᠠᠩ ᠬᠠᠭᠰᠠᠷᠠᠭᠠᠨ ᠬᠦᠢᠲᠡᠨ ᠳᠤ ᠲᠡᠰᠪᠦᠷᠢᠳᠡᠢ᠂ ᠲᠡᠵᠢᠭᠡᠯ ᠪᠣᠷᠳᠤᠭ᠎ᠠ ᠶᠢᠨ ᠦᠨ᠎ᠡ ᠥᠷᠲᠡᠭ ᠲᠤᠩ ᠥᠨᠳᠥᠷ᠂ ᠲᠡᠭᠦᠨ ᠤ ᠡᠰᠢ ᠰᠦᠷᠡᠯ ᠳᠣᠲᠣᠷ᠎ᠠ ᠪᠦᠳᠦᠭᠦᠯᠢᠭ ᠤᠭᠤᠷᠠᠭ ᠪᠣᠯᠤᠨ ᠪᠦᠳᠦᠭᠦᠯᠢᠭ ᠥᠭᠡᠬᠦ ᠠᠭᠤᠯᠵᠤ᠂ ᠦᠬᠡᠷ᠂ ᠮᠣᠷᠢ᠂ ᠬᠤᠨᠢᠨ ᠤ ᠡᠪᠦᠯ ᠤᠨ ᠤᠯᠠᠷᠢᠯ ᠤᠨ ᠰᠢᠯᠢᠳᠡᠭ ᠲᠡᠵᠢᠭᠡᠯ ᠡᠪᠡᠰᠦ ᠪᠣᠯᠤᠨ᠎ᠠ᠂ ᠪᠠᠰᠠ ᠴᠤ ᠲᠡᠵᠢᠭᠡᠨ ᠦᠷᠡᠵᠢᠭᠦᠯᠬᠦ ᠦᠢᠯᠡᠰ ᠤᠨ ᠬᠡᠷᠡᠭᠰᠡᠬᠦ ᠰᠢᠯᠢᠳᠡᠭ ᠲᠡᠵᠢᠭᠡᠯ ᠪᠣᠷᠳᠤᠭ᠎ᠠ ᠪᠣᠯᠤᠨ᠎ᠠ᠃ ᠡᠨᠡ ᠵᠢᠯ ᠮᠠᠨ ᠤ ᠬᠤᠷᠰᠢᠶ᠎ᠠ ᠪᠠᠷᠤᠭ 2000 ᠭᠠᠷᠤᠢ ᠲᠣᠨ ᠨᠣᠬᠠᠢ  ᠶᠢᠨ ᠬᠤᠰᠢᠭᠤ ᠶᠢᠨ ᠨᠣᠭᠤᠭᠠᠨ ᠳᠠᠷᠤᠰᠢ ᠶᠢᠨ ᠪᠣᠷᠳᠤᠭ᠎ᠠ ᠦᠢᠯᠡᠳᠪᠦᠷᠢᠯᠡᠵᠦ᠂ ᠲᠣᠨ ᠪᠦᠷᠢ ᠳᠤ 1500 ᠲᠥᠭᠦᠷᠢᠭ ᠣᠷᠴᠢᠮ ᠬᠤᠳᠠᠯᠳᠤᠵᠤ ᠪᠣᠯᠬᠤ ᠪᠥᠭᠡᠳ ᠮᠠᠨ ᠤ ᠬᠤᠷᠰᠢᠶ᠎ᠠ ᠬᠤᠯᠪᠣᠭᠳᠠᠯ ᠪᠦᠬᠦᠢ ᠲᠤᠰᠬᠠᠢ ᠬᠤᠷᠰᠢᠶ᠎ᠠ  ᠲᠠᠢ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠨᠡᠯᠢᠶᠡᠳ ᠶᠡᠭᠡ᠂ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠠᠶᠢᠨ᠎ᠠ᠃︾ ᠭᠡᠵᠦ ᠵᠠᠩ ᠶᠠᠨ ᠴᠦᠨ ᠲᠠᠨᠢᠯᠴᠠᠭᠤᠯᠪᠠ᠃    ᠣᠶᠢᠷ᠎ᠠ ᠶᠢᠨ ᠵᠢᠯ ᠤᠳ ᠲᠤ᠂ ᠲᠦᠴᠢᠦᠸᠠᠨ ᠰᠢᠶᠠᠨ ᠪᠠᠶᠢᠭᠠᠯᠢ ᠶᠢᠨ ᠨᠥᠬᠦᠴᠡᠯ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠲᠡᠵᠢᠭᠡᠯ ᠡᠪᠡᠰᠦᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠳᠡᠯᠭᠡᠷᠡᠭᠦᠯᠵᠦ᠂ ᠲᠡᠵᠢᠭᠡᠯ ᠡᠪᠡᠰᠦᠨ ᠤ ᠲᠠᠷᠢᠮᠠᠯ ᠤᠨ ᠡᠭᠦᠯᠳᠡᠷ ᠢ ᠲᠤᠰᠬᠠᠶᠢᠵᠢᠭᠤᠯᠬᠤ᠂ ᠦᠶᠯᠡᠳᠪᠦᠷᠢᠯᠡᠬᠦ ᠶᠢ ᠬᠡᠪᠴᠢᠶᠡᠵᠢᠭᠦᠯᠬᠦ᠂ ᠬᠤᠷᠢᠶᠠᠵᠤ ᠬᠠᠳᠠᠭᠠᠯᠠᠬᠤ ᠶᠢ ᠮᠧᠬᠠᠨᠢᠭᠵᠢᠭᠤᠯᠬᠤ  ᠶᠢ ᠳᠥᠯᠭᠢᠨ ᠠᠬᠢᠭᠤᠯᠪᠠ᠃ ᠣᠶᠢᠯᠠᠭᠠᠭᠰᠠᠨ ᠢᠶᠠᠷ᠂ ᠲᠦᠴᠢᠦᠸᠠᠨ ᠰᠢᠶᠠᠨ ᠤ ᠡᠨᠡ ᠵᠢᠯ ᠤᠨ ᠨᠣᠬᠠᠶ ᠶᠢᠨ ᠬᠤᠰᠢᠭᠤ  ᠶᠢᠨ ᠡᠪᠡᠰᠦ ᠳᠠᠷᠢᠭᠰᠠᠨ ᠲᠠᠯᠠᠪᠠᠶ 1 ᠲᠦᠮᠡᠨ ᠮᠥ ᠳᠤ ᠬᠦᠷᠴᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号