ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ | ᠪᠦᠬᠦᠢ ᠰᠠᠯᠠᠭ᠎ᠠ ᠮᠥᠴᠢᠷ᠄ | 《 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ | ᠤᠨ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠠᠵᠢᠯ ᠢ ᠰᠠᠶᠢᠲᠤᠷ ᠬᠢᠬᠦ ᠲᠤᠬᠠᠶ ᠬᠢᠩᠭᠠᠨ ᠠᠶᠢᠮᠠᠭ ᠤᠨ | ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ 》 ( ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ 202439 ᠳ᠋ᠦ᠋ᠭᠡᠷ | ᠲᠣᠭᠠᠲᠤ ) ᠤᠨ ᠱᠠᠭᠠᠷᠳᠠᠯᠭ᠎ᠠ ᠶᠣᠰᠣᠭᠠᠷ᠂ ᠡᠳᠦᠭᠡ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ | ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ | ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠬᠡᠪᠴᠢᠶ᠎ᠡ | ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠦᠭᠡᠢ ᠠᠵᠢᠯ ᠣᠯᠤᠭᠰᠠᠨ | ᠦᠭᠡᠢ ᠰᠠᠭᠤᠭᠠᠯᠢ ᠠᠷᠠᠳ ᠃ | ᠬᠤᠶᠠᠷ᠂ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠪᠠᠷᠢᠮᠵᠢᠶ᠎ᠠ | 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ | ᠤᠨ ᠬᠤᠪᠢ ᠬᠥᠮᠦᠨ ᠤ ᠰᠦᠶᠳᠬᠡᠯ ᠲᠤᠰᠢᠶᠠᠬᠤ ᠪᠠᠷᠢᠮᠵᠢᠶ᠎ᠠ ᠨᠢ ᠬᠥᠮᠦᠨ ᠪᠦᠷᠢ 400 ᠲᠥᠭᠦᠷᠢᠭ ᠪᠣᠯᠤᠨ᠎ᠠ ᠃ | ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ ( ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠢ | ᠪᠠᠭᠲᠠᠭᠠᠨ᠎ᠠ ) ᠬᠤᠪᠢ ᠬᠥᠮᠦᠨ ᠰᠦᠶᠳᠬᠡᠯ ᠲᠤᠰᠢᠶᠠᠬᠤ ᠥᠬᠡᠶ᠂ ᠲᠡᠭᠦᠨ ᠤ ᠬᠤᠪᠢ ᠬᠥᠮᠦᠨ ᠤ ᠰᠦᠶᠳᠬᠡᠯ | ᠲᠤᠰᠢᠶᠠᠬᠤ ᠪᠠᠯᠠ ᠮᠥᠩᠭᠦ ᠶᠢ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠠᠴᠠ ᠪᠥᠬᠦ ᠲᠤᠭ᠎ᠠ ᠪᠠᠷ | ᠲᠤᠰᠠᠯᠠᠵᠤ ᠪᠠᠶᠢᠭᠠᠳ ᠳᠠᠭᠠᠳᠬᠠᠯ ᠳᠤ ᠣᠷᠣᠯᠴᠠᠭᠤᠯᠤᠨ᠎ᠠ ᠃ ᠳᠠᠬᠢᠨ ᠶᠠᠳᠠᠭᠤᠷᠠᠭᠰᠠᠨ ᠪᠠ ᠶᠠᠳᠠᠭᠤᠷᠠᠭᠰᠠᠨ | ᠬᠥᠮᠦᠨ ᠠᠮᠠ ᠶᠢ ᠡᠩ ᠤᠨ ᠰᠠᠭᠤᠭᠠᠯᠢ ᠠᠷᠠᠳ ᠤᠨ ᠬᠤᠪᠢ ᠬᠥᠮᠦᠨ ᠤ ᠰᠦᠶᠳᠬᠡᠯ ᠲᠤᠰᠢᠶᠠᠬᠤ ᠪᠠᠷᠢᠮᠵᠢᠶ᠎ᠠ ᠶᠢᠨ | 20 % ᠪᠠᠷ ᠲᠤᠰᠢᠶᠠᠵᠤ᠂ ᠵᠣᠭᠤᠰ ᠤᠨ ᠲᠤᠭ᠎ᠠ ᠨᠢ ᠬᠥᠮᠦᠨ ᠪᠦᠷᠢ 80 ᠲᠥᠭᠦᠷᠢᠭ ᠪᠣᠯᠤᠨ᠎ᠠ ᠃ ᠠᠮᠢᠳᠤᠷᠠᠯ | ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ ᠪᠠ ᠬᠢᠨᠠᠨ ᠰᠢᠨᠵᠢᠬᠦ ᠬᠡᠪᠴᠢᠶᠡᠨ ᠳᠤ ᠣᠷᠣᠭᠤᠯᠤᠭᠰᠠᠨ ᠬᠥᠳᠡᠭᠡ | ᠲᠣᠰᠬᠤᠨ ᠤ ᠳᠠᠬᠢᠨ ᠶᠠᠳᠠᠭᠤᠷᠠᠬᠤ ᠠᠴᠠ ᠪᠣᠯᠵᠣ ᠶᠠᠳᠠᠭᠤᠷᠠᠭᠰᠠᠨ ᠬᠥᠮᠦᠨ ᠠᠮᠠ ᠨᠢ ᠡᠩ ᠤᠨ ᠰᠠᠭᠤᠭᠠᠯᠢ ᠠᠷᠠᠳ | ᠤᠨ ᠬᠤᠪᠢ ᠬᠥᠮᠦᠨ ᠤ ᠰᠦᠶᠳᠬᠡᠯ ᠲᠤᠰᠢᠶᠠᠬᠤ ᠪᠠᠷᠢᠮᠵᠢᠶ᠎ᠠ ᠶᠢᠨ 30 % ᠪᠠᠷ ᠲᠤᠰᠢᠶᠠᠵᠤ᠂ ᠵᠣᠭᠤᠰ ᠤᠨ | ᠲᠤᠭ᠎ᠠ ᠨᠢ 120 ᠲᠥᠭᠦᠷᠢᠭ ᠬᠥᠮᠦᠨ ᠪᠣᠯᠤᠨ᠎ᠠ ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠶᠢ | ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠠᠳᠤᠶ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ | ᠶᠢ ᠪᠠᠷᠢᠮᠵᠢᠶ᠎ᠠ ᠶᠣᠰᠣᠭᠠᠷ ᠪᠤᠴᠠᠭᠠᠨ ᠭᠠᠷᠭᠠᠵᠤ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢᠨ | ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠬᠦᠷᠲᠡᠭᠡᠬᠦ ᠦᠭᠡᠶ ᠃ ( ᠣᠷᠣᠯᠭ᠎ᠠ ᠪᠠᠭᠠᠲᠠᠶ ᠬᠥᠮᠦᠨ | ᠠᠮᠠ ᠨᠢ ᠵᠠᠷᠴᠢᠮ ᠳᠡᠭᠡᠷ᠎ᠡ ᠪᠠᠨ ᠬᠦᠴᠢᠷᠳᠡᠯᠲᠡᠶ ᠣᠯᠠᠨ ᠲᠦᠮᠡᠨ ᠤ ᠪᠡᠶ᠎ᠡ ᠶᠢᠨ ᠭᠠᠷᠤᠯ ᠢ ᠮᠠᠭᠠᠳᠯᠠᠨ | ᠲᠣᠭᠲᠠᠭᠠᠭᠰᠠᠨ ᠭᠠᠵᠠᠷ ᠲᠤ ᠳᠠᠭᠠᠳᠬᠠᠯ ᠳᠤ ᠣᠷᠣᠯᠴᠠᠵᠤ᠂ ᠬᠦᠴᠢᠷᠳᠡᠯᠲᠡᠶ ᠣᠯᠠᠨ ᠲᠦᠮᠡᠨ ᠤ ᠪᠡᠶ᠎ᠡ ᠶᠢᠨ ᠭᠠᠷᠤᠯ | ᠢ ᠮᠠᠭᠠᠳᠯᠠᠨ ᠲᠣᠭᠲᠠᠭᠠᠭᠰᠠᠨ ᠬᠤᠭᠤᠴᠠᠭᠠᠨ ᠳᠤ ᠪᠠᠯᠠ ᠮᠥᠩᠭᠦ ᠪᠠᠷ ᠳᠠᠭᠠᠳᠬᠠᠯ ᠳᠤ ᠣᠷᠣᠯᠴᠠᠬᠤ ᠬᠠᠷᠠᠭᠠᠯᠵᠠᠯ ᠢ | ᠭᠥᠷᠳᠡᠵᠦ᠂ ᠨᠢᠭᠡᠨᠲᠡ ᠪᠤᠴᠠᠭᠠᠨ ᠭᠠᠷᠭᠠᠭᠰᠠᠨ ᠬᠦᠴᠢᠷᠳᠡᠯᠲᠡᠶ ᠣᠯᠠᠨ ᠲᠦᠮᠡᠨ ᠤ ᠪᠡᠶ᠎ᠡ ᠶᠢᠨ ᠭᠠᠷᠤᠯ ᠢᠶᠠᠷ᠂ | ᠬᠥᠮᠦᠨ ᠪᠦᠷᠢ 400 ᠲᠥᠭᠦᠷᠢᠭ ᠤᠨ ᠰᠦᠶᠳᠬᠡᠯ ᠲᠤᠰᠢᠶᠠᠬᠤ ᠪᠠᠷᠢᠮᠵᠢᠶ᠎ᠠ ᠶᠣᠰᠣᠭᠠᠷ ᠰᠦᠶᠳᠬᠡᠯ ᠲᠤᠰᠢᠶᠠᠨ᠎ᠠ ᠃ | ) ᠃ | ᠭᠤᠷᠪᠠ᠂ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠭᠰᠠᠨ ᠪᠠ ᠣᠯᠭᠤᠮᠵᠢ ᠭᠥᠷᠳᠡᠭᠰᠡᠨ ᠴᠠᠭ | ᠬᠤᠭᠤᠴᠠᠭ᠎ᠠ | 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ | ᠳᠤ ᠲᠥᠪᠯᠡᠷᠡᠭᠦᠯᠦᠨ ᠣᠷᠣᠯᠴᠠᠬᠤ ᠬᠤᠭᠤᠴᠠᠭ᠎ᠠ ᠨᠢ 2024 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ | 2025 ᠣᠨ ᠤ 2 ᠳ᠋ᠤᠭᠠᠷ ᠰᠠᠷ᠎ᠠ ᠶᠢᠨ 28 ᠤ ᠡᠳᠦᠷ ᠪᠣᠯᠲᠠᠯ᠎ᠠ ᠪᠠᠶᠢᠵᠤ᠂ ᠲᠣᠭᠲᠠᠭᠰᠠᠨ ᠴᠠᠭ ᠤᠨ ᠳᠣᠲᠣᠷ᠎ᠠ | ᠳᠠᠭᠠᠳᠬᠠᠯ ᠳᠤ ᠣᠷᠣᠯᠴᠠᠬᠤ ᠳᠠᠩᠰᠠᠯᠠᠯ ᠢ ᠭᠦᠶᠴᠡᠳᠬᠡᠭᠰᠡᠨ ᠪᠠ ᠰᠦᠶᠳᠬᠡᠯ ᠲᠤᠰᠢᠶᠠᠭᠠᠳ ᠲᠠᠩᠰᠠᠨ ᠳᠤ | ᠤᠷᠤᠭᠰᠠᠨ ᠳᠠᠭᠠᠳᠬᠠᠯ ᠳᠤ ᠣᠷᠣᠯᠴᠠᠭᠰᠠᠳ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠤᠲᠠ ᠬᠥᠳᠡᠭᠡ ᠶᠢᠨ ᠰᠠᠭᠤᠭᠠᠯᠢ ᠠᠷᠠᠳ | ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠭᠥᠷᠳᠡᠨ᠎ᠡ ᠃ ᠨᠢᠯᠬ᠎ᠠ ᠬᠡᠦᠬᠡᠳ ᠪᠣᠯᠤᠨ ᠣᠷᠣᠯᠭ᠎ᠠ | ᠪᠠᠭᠠᠲᠠᠶ ᠬᠥᠮᠦᠨ ᠠᠮᠠ ᠵᠡᠷᠭᠡ ᠣᠨᠴᠣᠭᠤᠶ ᠨᠡᠶᠢᠲᠡ ᠴᠣᠭᠴᠠ ᠶᠢ ᠭᠠᠷᠭᠠᠪᠠᠯ᠂ ᠲᠥᠪᠯᠡᠷᠡᠭᠦᠯᠦᠨ ᠳᠠᠭᠠᠳᠬᠠᠯ ᠳᠤ | ᠣᠷᠣᠯᠴᠠᠬᠤ ᠬᠤᠭᠤᠴᠠᠭ᠎ᠠ ᠠᠴᠠ ᠭᠠᠳᠠᠨ᠎ᠠ ᠳᠠᠭᠠᠳᠬᠠᠯ ᠳᠤ ᠣᠷᠣᠯᠴᠠᠭᠰᠠᠨ ᠬᠥᠮᠦᠰ ᠲᠤ ᠰᠦᠢᠳᠬᠡᠯ | ᠲᠤᠰᠢᠶᠠᠭᠰᠠᠨ ᠡᠳᠦᠷ ᠠᠴᠠ ᠡᠬᠢᠯᠡᠨ 3 ᠰᠠᠷ᠎ᠠ ᠶᠢᠨ ᠣᠯᠭᠤᠮᠵᠢ ᠶᠢᠨ ᠬᠦᠯᠢᠶᠡᠬᠦ ᠬᠤᠭᠤᠴᠠᠭ᠎ᠠ ᠲᠣᠬᠢᠷᠠᠭᠤᠯᠬᠤ | ᠬᠡᠷᠡᠭᠲᠡᠶ ᠃ | ᠳᠥᠷᠪᠡ᠂ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠠᠷᠭ᠎ᠠ ᠮᠠᠶ᠋ᠢᠭ | ( ᠨᠢᠭᠡ ) ᠳᠠᠭᠠᠳᠬᠠᠯ ᠳᠤ ᠠᠩᠬ᠎ᠠ ᠣᠷᠣᠯᠴᠠᠭᠰᠠᠨ ᠬᠥᠮᠦᠰ ᠳᠠᠭᠠᠳᠬᠠᠯ ᠳᠤ ᠣᠷᠣᠯᠴᠠᠬᠤ ᠳᠠᠩᠰᠠᠯᠠᠯ ᠢ | ᠭᠦᠶᠴᠡᠳᠬᠡᠵᠦ ᠳᠠᠭᠤᠰᠤᠭᠰᠠᠨ ᠤ ᠳᠠᠷᠠᠭ᠎ᠠ᠂ ᠦᠷᠭᠦᠯᠵᠢᠯᠡᠨ ᠳᠠᠭᠠᠳᠬᠠᠯ ᠳᠤ ᠣᠷᠣᠯᠴᠠᠭᠰᠠᠨ ᠬᠥᠮᠦᠨ ᠲᠠᠢ ᠠᠳᠠᠯᠢ | ᠪᠠᠷ ᠳᠣᠤᠷᠠᠬᠢ ᠮᠡᠲᠦ ᠰᠦᠶᠳᠬᠡᠯ ᠲᠤᠰᠢᠶᠠᠬᠤ ᠠᠷᠭ᠎ᠠ ᠮᠠᠶ᠋ᠢᠭ ᠤᠨ ᠨᠢᠭᠡ ᠶᠢ ᠰᠣᠩᠭᠤᠵᠤ ᠰᠦᠶᠳᠬᠡᠯ ᠲᠤᠰᠢᠶᠠᠨ᠎ᠠ ᠃ | | 1 . ᠥᠪᠡᠰᠦᠪᠡᠨ ᠰᠦᠶᠳᠬᠡᠯ ᠲᠤᠰᠢᠶᠠᠬᠤ ᠃ ᠳᠠᠭᠠᠳᠬᠠᠯ ᠳᠤ ᠣᠷᠣᠯᠴᠠᠭᠰᠠᠳ ᠥᠪᠥᠷ ᠮᠣᠩᠭᠤᠯ ᠤᠨ | ᠭᠠᠶᠢᠯᠢ ᠶᠢᠨ ᠶᠠᠪᠤᠳᠠᠯ ᠤᠨ APP᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ | ᠤᠨ ᠰᠦᠶᠳᠬᠡᠯ ᠲᠤᠰᠢᠶᠠᠬᠤ ᠸᠢᠴᠠᠲ ᠤᠨ ᠵᠢᠵᠢᠭ ᠫᠷᠤᠭ᠍ᠷᠠᠮ᠂ ᠲᠣᠭᠠᠴᠠᠭ᠎ᠠ ᠬᠢᠬᠦ ᠡᠷᠳᠡᠨᠢ᠂ ᠮᠥᠩᠬᠡ ᠰᠤᠪᠠᠭ ᠵᠡᠷᠭᠡ | ᠠᠷᠭ᠎ᠠ ᠵᠠᠮ ᠢᠶᠠᠷ ᠳᠠᠮᠵᠢᠭᠤᠯᠤᠨ ᠥᠪᠡᠰᠦᠪᠡᠨ ᠲᠤᠰᠢᠶᠠᠵᠤ ᠪᠣᠯᠤᠨ᠎ᠠ ᠃ | 2 . ᠡᠮᠦᠨ᠎ᠡ ᠲᠠᠪᠴᠠᠩ ᠳᠤ ᠰᠦᠶᠳᠬᠡᠯ ᠲᠤᠰᠢᠶᠠᠬᠤ ᠃ ᠳᠠᠭᠠᠳᠬᠠᠯ ᠳᠤ ᠣᠷᠣᠯᠴᠠᠭᠴᠢ ᠡᠷᠦᠬᠡ ᠠᠮᠠ ᠶᠢᠨ | ᠳᠡᠪᠲᠡᠷ ᠪᠤᠶᠤ ᠪᠡᠶ᠎ᠡ ᠶᠢᠨ ᠦᠨᠡᠮᠯᠡᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠪᠠᠶᠢᠭᠤᠯᠤᠯᠭ᠎ᠠ ᠶᠢᠨ ᠵᠢᠭᠠᠨ | ᠲᠣᠭᠲᠠᠭᠠᠭᠰᠠᠨ ᠭᠠᠶᠢᠯᠢ ᠭᠦᠶᠴᠡᠳᠬᠡᠬᠦ ᠦᠶᠯᠡᠴᠢᠯᠡᠭᠡᠨ ᠤ ᠲᠢᠩᠬᠢᠮ ᠤᠨ ᠡᠮᠦᠨ᠎ᠡ ᠲᠠᠪᠴᠠᠩ ᠳᠤ ᠬᠦᠷᠴᠦ | ᠰᠦᠶᠳᠬᠡᠯ ᠲᠤᠰᠢᠶᠠᠵᠤ ᠪᠣᠯᠤᠨ᠎ᠠ ᠃ | 3 . ᠣᠷᠣᠯᠠᠨ ᠬᠤᠷᠢᠶᠠᠵᠤ ᠣᠷᠣᠯᠠᠨ ᠲᠤᠰᠢᠶᠠᠬᠤ᠄ ᠳᠠᠭᠠᠳᠬᠠᠯ ᠳᠤ ᠣᠷᠣᠯᠴᠠᠭᠰᠠᠳ ᠡᠯ᠎ᠡ ᠰᠢᠶᠠᠩ ᠪᠠᠯᠭᠠᠰᠤ᠂ | ᠲᠣᠰᠬᠤᠨ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠶᠯᠡᠴᠢᠯᠡᠭᠡᠨ ᠤ ᠥᠷᠲᠡᠭᠡ ( ᠴᠡᠭ ) ᠳᠤ | ᠬᠦᠷᠴᠦ ᠡᠮᠴᠢᠯᠡᠭᠡᠨ ᠤ ᠳᠠᠭᠠᠳᠬᠠᠯ ᠤᠨ ᠣᠷᠣᠯᠠᠨ ᠭᠦᠶᠴᠡᠳᠬᠡᠭᠴᠢ ᠶᠢᠨ ᠬᠠᠮᠵᠢᠯᠴᠠᠭ᠎ᠠ ᠪᠠᠷ ᠳᠡᠮᠵᠢᠨ ᠭᠠᠷ ᠤᠲᠠᠰᠤ | ᠪᠠᠷ ᠰᠦᠯᠵᠢᠶᠡᠨ ᠳᠡᠭᠡᠷ᠎ᠡ ᠰᠦᠶᠳᠬᠡᠯ ᠲᠤᠰᠢᠶᠠᠵᠤ ᠪᠣᠯᠤᠨ᠎ᠠ ᠃ ᠡᠯ᠎ᠡ ᠰᠢᠶᠠᠩ ᠪᠠᠯᠭᠠᠰᠤ᠂ ᠲᠣᠰᠬᠤᠨ᠂ ᠨᠡᠶᠢᠭᠡᠮ | ᠲᠣᠭᠤᠷᠢᠭ ᠤᠳ ᠲᠤᠰᠬᠠᠶ ᠬᠥᠮᠦᠨ ᠵᠢᠭᠠᠨ ᠲᠣᠭᠲᠠᠭᠠᠵᠤ ᠭᠠᠵᠠᠷ ᠣᠷᠣᠨ ᠨᠢ ᠪᠤᠶᠢᠳᠠ ᠪᠥᠭᠯᠡᠭᠦᠦ᠂ ᠬᠥᠳᠡᠯᠵᠦ | ᠪᠠᠷᠢᠬᠤ ᠨᠢ ᠳᠥᠭᠦᠮ ᠦᠭᠡ ᠪᠤᠶᠤ ᠥᠪᠡᠷ ᠲᠡᠭᠡᠨ ᠰᠦᠢᠳᠬᠡᠯ ᠲᠤᠰᠢᠶᠠᠬᠤ ᠳᠤ ᠲᠣᠬᠢᠷᠠᠬᠤ ᠦᠭᠡᠶ ᠬᠥᠮᠦᠰ ᠢ ᠭᠡᠷ | ᠲᠤᠨᠢ ᠬᠦᠷᠴᠦ ᠣᠷᠣᠯᠠᠨ ᠬᠤᠷᠢᠶᠠᠵᠤ ᠲᠤᠰᠢᠶᠠᠬᠤ ᠶᠢ ᠬᠡᠷᠡᠭᠵᠢᠭᠦᠯᠬᠦ ᠬᠡᠷᠡᠭᠲᠡᠶ ᠃ | ᠬᠤᠶᠠᠷ ᠨᠢᠯᠬ᠎ᠠ ᠬᠡᠦᠬᠡᠳ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠃ | ᠨᠢᠷᠠᠶ ᠬᠡᠦᠬᠡᠳ ᠤᠨ ᠲᠥᠷᠥᠭᠰᠡᠨ ᠤ ᠳᠠᠷᠠᠭᠠᠬᠢ 90 ᠡᠳᠦᠷ ( 90 ᠡᠳᠦᠷ ᠪᠠᠭᠲᠠᠨ᠎ᠠ ) ᠤᠨ ᠳᠣᠲᠣᠷ᠎ᠠ ᠬᠢᠨᠠᠨ | ᠬᠠᠮᠠᠭᠠᠯᠠᠭᠴᠢ ᠨᠢ ᠨᠢᠷᠠᠶ ᠬᠡᠦᠬᠡᠳ ᠤᠨ ᠦᠨᠡᠨ ᠨᠡᠷ᠎ᠡ ᠪᠠ ᠬᠦᠴᠦᠨ ᠪᠥᠬᠦᠶ ᠪᠡᠶ᠎ᠡ ᠶᠢᠨ ᠭᠡᠷᠡᠴᠢ ᠶᠢ ᠬᠡᠷᠡᠭᠯᠡᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠳᠠᠩᠰᠠᠯᠠᠯ ᠢ ᠭᠦᠶᠴᠡᠳᠬᠡᠵᠦ᠂ | ᠲᠥᠷᠥᠭᠰᠡᠨ ᠲᠤᠬᠠᠶ ᠶᠢᠨ ᠵᠢᠯ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ | ᠲᠣᠭᠲᠠᠭᠠᠯ ᠶᠣᠰᠣᠭᠠᠷ ᠲᠤᠰᠢᠶᠠᠭᠰᠠᠨ ᠤ ᠳᠠᠷᠠᠭ᠎ᠠ᠂ ᠲᠥᠷᠥᠭᠰᠡᠨ ᠡᠳᠦᠷ ᠠᠴᠠ ᠡᠬᠢᠯᠡᠨ ᠡᠭᠦᠰᠦᠭᠰᠡᠨ ᠡᠮ ᠡᠮᠨᠡᠯᠭᠡ | ᠶᠢᠨ ᠵᠠᠷᠤᠳᠠᠯ ᠢ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠳᠤ ᠣᠷᠣᠭᠤᠯᠤᠨ᠎ᠠ ᠃ | ᠲᠠᠪᠤ᠂ ᠠᠵᠢᠯ ᠤᠨ ᠱᠠᠭᠠᠷᠳᠠᠯᠭ᠎ᠠ | ( ᠨᠢᠭᠡ ) ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ ᠃ ᠡᠯ᠎ᠡ ᠬᠠᠮᠢᠶ᠎ᠠ ᠪᠦᠬᠦᠢ | ᠬᠠᠷᠢᠭᠤᠴᠠᠯᠭᠠᠲᠤ ᠰᠠᠯᠠᠭ᠎ᠠ ᠮᠥᠴᠢᠷ ᠤᠳ 《 ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ | ᠣᠷᠣᠯᠴᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ ᠲᠤᠬᠠᠶ ᠲᠥᠷᠥ ᠶᠢᠨ ᠶᠠᠪᠤᠳᠠᠯ | ᠤᠨ ᠬᠤᠷᠢᠶ᠎ᠠ ᠶᠢᠨ ᠠᠯᠪᠠᠨ ᠲᠢᠩᠬᠢᠮ ᠣᠨ ᠵᠢᠯᠣᠭᠤᠳᠬᠤ ᠰᠠᠨᠠᠯ 》 ( ᠲᠥᠷᠥ ᠠᠯᠪᠠᠨ ᠲᠠᠷᠬᠠᠭᠠᠭᠰᠠᠨ | 202438 ᠳ᠋ᠤᠭᠠᠷ ᠲᠣᠭᠠᠲᠤ ) ᠤᠨ ᠶᠣᠰᠣᠭᠠᠷ᠂ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠦᠵᠡᠯ ᠤᠬᠠᠮᠰᠠᠷ᠂ | ᠶᠡᠭᠡ ᠲᠠᠯ᠎ᠠ ᠶᠢᠨ ᠦᠵᠡᠯ ᠤᠬᠠᠮᠰᠠᠷ ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠬᠤ ᠬᠡᠷᠡᠭᠲᠡᠶ︔ | ᠠᠷᠠᠳ ᠢᠷᠭᠡᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠬᠤ ᠡᠷᠬᠡ ᠪᠠ | ᠡᠭᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠢᠷᠭᠡᠳ ᠤᠨ ᠲᠤᠰ ᠪᠡᠶ᠎ᠡ ᠶᠢᠨ ᠡᠷᠡᠭᠦᠯ ᠮᠡᠨᠳᠤ ᠶᠢᠨ | ᠨᠢᠭᠡᠳᠦᠭᠡᠷ ᠬᠠᠷᠢᠭᠤᠴᠠᠯᠭᠠᠲᠠᠨ ᠤ ᠤᠬᠠᠮᠰᠠᠷ ᠪᠠ ᠰᠠᠨᠠᠭᠠᠴᠢᠯᠠᠭ᠎ᠠ ᠠᠴᠠ ᠪᠠᠨ ᠳᠠᠭᠠᠳᠬᠠᠯ ᠳᠤ ᠣᠷᠣᠯᠴᠠᠬᠤ | ᠤᠬᠠᠮᠰᠠᠷ ᠢᠶᠠᠨ ᠴᠢᠩᠭᠠᠳᠬᠠᠬᠤ ᠶᠢ ᠬᠦᠳᠤᠯᠤᠨ ᠵᠢᠯᠣᠭᠤᠳᠤᠨ᠎ᠠ︔ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ | ᠦᠳᠲᠡᠷ ᠲᠦᠷᠭᠡᠨ ᠬᠥᠳᠡᠯᠦᠯᠴᠡᠵᠦ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠨᠠᠶᠢᠳᠠᠪᠤᠷᠢᠵᠢᠭᠤᠯᠤᠯᠲᠠ ᠶᠢ | ᠬᠦᠴᠦᠲᠡᠶ ᠠᠳᠬᠤᠵᠤ᠂ 《 ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠲᠤᠰᠢᠶᠠᠪᠠᠰᠤ ᠵᠣᠬᠢᠬᠤ ᠶᠢ ᠨᠢ | ᠪᠦᠬᠦᠨ ᠢ ᠲᠤᠰᠢᠶᠠᠬᠤ 》 ᠱᠠᠭᠠᠷᠳᠠᠯᠭ᠎ᠠ ᠶᠣᠰᠣᠭᠠᠷ᠂ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ | ᠣᠷᠣᠯᠴᠠᠬᠤ ᠶᠢᠨ ᠲᠠᠲᠠᠪᠤᠷᠢᠯᠠᠵᠤ ᠲᠤᠰᠢᠶᠠᠬᠤ ᠠᠵᠢᠯ ᠢ ᠪᠣᠳᠠᠲᠠᠶ ᠪᠥᠭᠡᠳ ᠨᠠᠷᠢᠯᠢᠭ ᠬᠢᠵᠦ᠂ 2025 ᠣᠨ ᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠵᠤ ᠰᠦᠶᠳᠬᠡᠯ | ᠲᠤᠰᠢᠶᠠᠬᠤ ᠠᠵᠢᠯ ᠤᠨ ᠬᠠᠷᠠᠯᠲᠠ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ | ᠬᠡᠷᠡᠭᠲᠡᠶ ᠃ | ( ᠬᠤᠶᠠᠷ ) ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠬᠤ ᠬᠡᠷᠡᠭᠲᠡᠶ ᠃ ᠡᠮᠴᠢᠯᠡᠭᠡᠨ | ᠤ ᠳᠠᠭᠠᠳᠬᠠᠯ᠂ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ | ᠲᠠᠷᠢᠶᠠᠯᠠᠩ ᠮᠠᠯ ᠠᠵᠤ ᠠᠬᠤᠶ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠨᠡᠪᠲᠡᠷᠡᠯᠴᠡᠭᠡ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ | ᠲᠣᠳᠣᠷᠬᠠᠶᠢᠯᠠᠨ᠂ ᠨᠢᠭᠲᠠ ᠬᠠᠮᠵᠢᠯᠴᠠᠬᠤ ᠬᠡᠷᠡᠭᠲᠡᠶ ᠃ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠨᠢ | ᠳᠠᠭᠠᠳᠬᠠᠯ ᠳᠤ ᠣᠷᠣᠯᠴᠠᠬᠤ ᠶᠢ ᠳᠠᠶᠢᠴᠢᠯᠠᠬᠤ᠂ ᠲᠥᠰᠦᠪ ᠢ ᠨᠠᠶᠢᠷᠠᠭᠤᠯᠤᠨ ᠵᠣᠬᠢᠶᠠᠬᠤ᠂ ᠰᠠᠭᠤᠷᠢ ᠮᠥᠩᠭᠦ ᠶᠢᠨ | ᠣᠷᠣᠯᠭ᠎ᠠ ᠵᠠᠷᠤᠯᠭ᠎ᠠ᠂ ᠰᠢᠯᠵᠢᠭᠦᠯᠦᠨ ᠦᠷᠭᠦᠯᠵᠢᠯᠡᠭᠦᠯᠬᠦ᠂ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯ ᠢ | ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ | ᠪᠠ ᠬᠢᠨᠠᠯᠲᠠ ᠲᠠᠯᠪᠢᠯᠲᠠ ᠶᠢ ᠴᠢᠩᠭᠠᠳᠬᠠᠬᠤ ᠬᠡᠷᠡᠭᠲᠡᠶ ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠦᠶᠳᠬᠡᠯ ᠢ ᠲᠠᠲᠠᠪᠤᠷᠢᠯᠠᠨ ᠲᠤᠰᠢᠶᠠᠬᠤ ᠡᠭᠦᠷᠭᠡ | ᠬᠠᠷᠢᠭᠤᠴᠠᠯᠭ᠎ᠠ ᠶᠢ ᠪᠥᠬᠦ ᠲᠠᠯ᠎ᠠ ᠪᠠᠷ ᠭᠦᠶᠴᠡᠳᠬᠡᠬᠦ ᠶᠢ ᠬᠠᠷᠢᠭᠤᠴᠠᠵᠤ᠂ ᠲᠠᠲᠠᠪᠤᠷᠢᠯᠠᠨ ᠬᠤᠷᠢᠶᠠᠬᠤ ᠡᠷᠴᠢᠮ ᠢ | ᠴᠢᠩᠭᠠᠷᠠᠭᠤᠯᠤᠨ᠎ᠠ ᠃ ᠲᠠᠲᠠᠪᠤᠷᠢᠯᠠᠨ ᠲᠤᠰᠢᠶᠠᠬᠤ ᠮᠡᠳᠡᠭᠡ ᠵᠠᠩᠭᠢ ᠶᠢᠨ ᠰᠢᠰᠲ᠋ᠧᠮ ᠢ ᠦᠷᠭᠦᠯᠵᠢᠯᠡᠨ | ᠰᠢᠯᠢᠳᠡᠭᠵᠢᠭᠦᠯᠵᠦ᠂ ᠪᠡᠶ᠎ᠡ ᠪᠠᠨ ᠳᠠᠭᠠᠭᠠᠵᠤ ᠰᠦᠶᠳᠬᠡᠯ ᠲᠤᠰᠢᠶᠠᠬᠤ ᠠᠷᠭ᠎ᠠ ᠵᠠᠮ ᠢ ᠢᠳᠡᠪᠬᠢᠲᠡᠶ ᠥᠷᠭᠡᠳᠬᠡᠨ᠂ | ᠰᠦᠯᠵᠢᠶᠡᠨ ᠳᠡᠭᠡᠷ᠎ᠡ ᠲᠠᠲᠠᠪᠤᠷᠢᠯᠠᠬᠤ ᠴᠢᠳᠠᠪᠤᠷᠢ ᠪᠠ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠃ | ᠡᠳ ᠤᠨ ᠵᠠᠰᠠᠭ ᠤᠨ ᠰᠠᠯᠠᠭ᠎ᠠ ᠮᠥᠴᠢᠷ ᠤᠳ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠡᠳ ᠤᠨ | ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ ᠪᠣᠯᠤᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢ | ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠲᠣᠬᠢᠷᠠᠭᠤᠯᠬᠤ᠂ ᠴᠠᠭ ᠬᠤᠭᠤᠴᠠᠭ᠎ᠠ ᠶᠣᠰᠣᠭᠠᠷ ᠰᠠᠯᠭᠠᠨ ᠥᠭᠬᠦ ᠶᠢ | ᠬᠠᠷᠢᠭᠤᠴᠠᠨ᠎ᠠ ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠰᠤᠷᠭᠠᠭᠤᠯᠢ ᠳᠤ ᠪᠠᠶᠭ᠎ᠠ ᠰᠤᠷᠤᠭᠴᠢ ( | ᠬᠡᠦᠬᠡᠳ ᠤᠨ ᠴᠡᠴᠡᠷᠯᠢᠭ ᠢ ᠪᠠᠭᠲᠠᠭᠠᠨ᠎ᠠ ) ᠶᠢᠨ ᠳᠠᠭᠠᠳᠬᠠᠯ ᠳᠤ ᠣᠷᠣᠯᠴᠠᠬᠤ ᠶᠢᠨ ᠤᠬᠠᠭᠤᠯᠤᠨ ᠳᠠᠶᠢᠴᠢᠯᠠᠬᠤ ᠪᠠ | ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠬᠠᠷᠢᠭᠤᠴᠠᠨ ᠰᠠᠶᠢᠲᠤᠷ ᠬᠢᠵᠦ᠂ ᠰᠤᠷᠭᠠᠭᠤᠯᠢ ᠳᠤ ᠪᠠᠶᠭ᠎ᠠ | ᠰᠤᠷᠤᠭᠴᠢ ( ᠬᠡᠦᠬᠡᠳ ᠤᠨ ᠴᠡᠴᠡᠷᠯᠢᠭ ᠢ ᠪᠠᠭᠲᠠᠭᠠᠨ᠎ᠠ ) ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢᠨ 100 | % ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ ᠃ ᠠᠷᠠᠳ ᠤᠨ ᠶᠠᠪᠤᠳᠠᠯ᠂ ᠲᠠᠷᠢᠶᠠᠯᠠᠩ ᠮᠠᠯ ᠠᠵᠤ ᠠᠬᠤᠶ ᠵᠡᠷᠭᠡ | ᠰᠠᠯᠠᠭ᠎ᠠ ᠮᠥᠴᠢᠷ ᠨᠢ ᠣᠷᠣᠯᠭ᠎ᠠ ᠪᠠᠭᠠᠲᠠᠶ ᠬᠥᠮᠦᠨ ᠠᠮᠠ ᠶᠢᠨ ᠨᠡᠷᠡᠰ ᠢ ᠬᠠᠩᠭᠠᠬᠤ ᠶᠢ ᠬᠠᠷᠢᠭᠤᠴᠠᠬᠤ ᠶᠢᠨ ᠬᠠᠮᠲᠤ᠂ | ᠡᠮᠴᠢᠯᠡᠭᠡᠨ ᠤ ᠳᠠᠭᠠᠳᠬᠠᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠢ ᠬᠠᠮᠵᠢᠨ ᠬᠠᠷᠢᠶ᠎ᠠ ᠪᠥᠬᠦᠶ | ᠬᠦᠴᠢᠷᠳᠡᠯᠲᠡᠶ ᠬᠥᠮᠦᠰ ᠤᠨ ᠳᠠᠭᠠᠳᠬᠠᠯ ᠳᠤ ᠣᠷᠣᠯᠴᠠᠬᠤ ᠤᠬᠠᠭᠤᠯᠤᠯ ᠳᠠᠶᠢᠴᠢᠯᠠᠯᠲᠠ ᠶᠢ ᠴᠢᠩᠭᠠᠷᠠᠭᠤᠯᠵᠤ᠂ | ᠳᠠᠭᠠᠳᠬᠠᠯ ᠳᠤ ᠥᠯᠥ ᠣᠷᠣᠯᠴᠠᠭᠰᠠᠨ ᠡᠲᠡᠭᠡᠳ ᠤᠨ ᠴᠠᠭ ᠲᠤᠬᠠᠶ ᠳᠤᠨᠢ ᠰᠦᠶᠳᠬᠡᠯ ᠲᠤᠰᠢᠶᠠᠵᠤ ᠳᠠᠭᠠᠳᠬᠠᠯ ᠳᠤ | ᠣᠷᠣᠯᠴᠠᠬᠤ ᠶᠢ ᠬᠠᠮᠲᠤᠪᠠᠷ ᠰᠢᠮᠳᠠᠭᠤᠯᠤᠨ᠎ᠠ ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢ ᠡᠷᠦᠬᠡ ᠠᠮᠠ | ᠶᠢᠨ ᠬᠠᠷᠢᠶ᠎ᠠ ᠲᠠᠢ ᠬᠥᠮᠦᠨ ᠠᠮᠠ᠂ ᠨᠠᠰᠤ ᠪᠠᠷᠠᠭᠰᠠᠨ ᠬᠥᠮᠦᠰ᠂ ᠨᠢᠯᠬ᠎ᠠ ᠬᠡᠦᠬᠡᠳ᠂ ᠭᠠᠳᠠᠭᠠᠳᠤ ᠳᠤ ᠭᠠᠷᠴᠤ ᠬᠢᠯᠢ | ᠠᠴᠠ ᠭᠠᠷᠬᠤ ᠬᠥᠮᠦᠰ ᠤᠨ ᠮᠡᠳᠡᠭᠡ ᠵᠠᠩᠭᠢ ᠶᠢ ᠬᠠᠷᠭᠤᠭᠤᠯᠬᠤ ᠠᠵᠢᠯ ᠢ ᠬᠠᠮᠵᠢᠯᠴᠠᠨ ᠰᠠᠶᠢᠲᠤᠷ ᠬᠢᠬᠦ ᠶᠢ | ᠬᠠᠷᠢᠭᠤᠴᠠᠨ᠎ᠠ ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠡᠮᠨᠡᠯᠭᠡ ᠶᠢᠨ ᠳᠠᠭᠠᠳᠬᠠᠯ ᠳᠤ | ᠬᠠᠮᠵᠢᠯᠴᠠᠨ ᠰᠠᠶ᠋ᠢ ᠲᠥᠷᠥᠭᠰᠡᠨ ᠬᠡᠦᠬᠡᠳ ᠤᠨ ᠲᠥᠷᠥᠭᠰᠡᠨ ᠭᠡᠷᠡᠴᠢ ᠪᠠᠷ ᠢᠶᠠᠨ ᠳᠠᠭᠠᠳᠬᠠᠯ ᠳᠤ ᠣᠷᠣᠯᠴᠠᠬᠤ ᠪᠠ | ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠠᠬᠢᠭᠤᠯᠬᠤ ᠵᠡᠷᠭᠡ ᠶᠢ | ᠬᠠᠷᠢᠭᠤᠴᠠᠨ᠎ᠠ ᠃ | ( ᠭᠤᠷᠪᠠ ) ᠤᠬᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ 《 ᠬᠡᠮᠵᠢᠶ᠎ᠡ ᠶᠢ | ᠬᠠᠳᠠᠭᠠᠯᠠᠬᠤ 》 ᠪᠠ 《 ᠬᠡᠮᠵᠢᠶ᠎ᠡ ᠶᠢ ᠨᠡᠮᠡᠭᠳᠡᠭᠦᠯᠬᠦ 》 ᠶᠢ ᠤᠶᠠᠯᠳᠤᠭᠤᠯᠬᠤ ᠠᠷᠭ᠎ᠠ ᠮᠠᠶ᠋ᠢᠭ ᠢ ᠪᠣᠳᠣᠯᠬᠢᠯᠠᠬᠤ | ᠬᠡᠷᠡᠭᠲᠡᠢ ᠃ ᠠᠵᠢᠯ ᠤᠨ ᠳᠤᠲᠠᠭᠤᠳᠠᠯ ᠢ ᠰᠠᠨᠠᠭᠠᠴᠢᠯᠠᠭ᠎ᠠ ᠠᠴᠠ ᠪᠠᠨ ᠨᠥᠬᠦᠪᠥᠷᠢᠯᠡᠵᠦ᠂ ᠳᠠᠭᠠᠳᠬᠠᠯ ᠳᠤ | ᠣᠷᠣᠯᠴᠠᠬᠤ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠷᠣᠭᠴᠢ᠂ ᠬᠡᠦᠬᠡᠳ᠂ ᠨᠢᠯᠬ᠎ᠠ | ᠬᠡᠦᠬᠡᠳ᠂ ᠨᠡᠭᠦᠳᠡᠯ ᠬᠥᠮᠦᠨ ᠠᠮᠠ ᠵᠢᠴᠢ ᠳᠣᠤᠷ᠎ᠠ ᠣᠷᠣᠯᠭ᠎ᠠ ᠲᠠᠢ ᠬᠥᠮᠦᠨ ᠠᠮᠠ ᠵᠡᠷᠭᠡ ᠭᠤᠤᠯᠳᠠᠯᠭ᠎ᠠ ᠲᠠᠢ | ᠬᠥᠮᠦᠰ ᠤᠨ ᠳᠠᠭᠠᠳᠬᠠᠯ ᠳᠤ ᠣᠷᠣᠯᠴᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠪᠴᠢᠶ᠎ᠡ ᠶᠢ | ᠥᠷᠭᠡᠳᠬᠡᠬᠦ ᠳᠠᠯᠳᠠ ᠬᠦᠴᠦᠨ ᠢ ᠭᠦᠨᠵᠡᠭᠡᠶ ᠠᠭᠤᠳᠠᠯᠬᠤ ᠬᠡᠷᠡᠭᠲᠡᠶ ᠃ ᠣᠯᠠᠨ ᠲᠦᠮᠡᠨ ᠤ ᠠᠩᠬᠠᠷᠴᠤ ᠪᠠᠶᠢᠭ᠎ᠠ | ᠲᠥᠪᠯᠡᠷᠡᠯ ᠤᠨ ᠴᠡᠭ᠂ ᠬᠠᠯᠠᠮᠰᠢᠯ ᠠᠰᠠᠭᠤᠳᠠᠯ ᠤᠨ ᠲᠣᠭᠤᠷᠢᠨ ᠳᠤ᠂ ᠤᠯᠤᠰ ᠤᠨ ᠳᠠᠭᠠᠳᠬᠠᠯ ᠳᠤ ᠣᠷᠣᠯᠴᠠᠬᠤ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠷᠮᠠᠰᠢᠭᠤᠯᠤᠨ ᠵᠣᠷᠢᠭᠵᠢᠭᠤᠯᠬᠤ ᠪᠠ ᠬᠢᠵᠠᠭᠠᠷᠯᠠᠬᠤ ᠠᠷᠭ᠎ᠠ | ᠬᠡᠮᠵᠢᠶ᠎ᠡ ᠶᠢ ᠭᠤᠤᠯᠳᠠᠯᠭ᠎ᠠ ᠲᠠᠢ ᠤᠬᠠᠭᠤᠯᠵᠤ᠂ ᠤᠬᠠᠭᠤᠯᠬᠤ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠬᠤ | ᠠᠷᠭ᠎ᠠ ᠪᠠᠨ ᠰᠠᠶᠢᠵᠢᠷᠠᠭᠤᠯᠵᠤ᠂ ᠬᠥᠮᠦᠨ ᠣᠯᠠᠨ ᠲᠥᠪᠯᠡᠷᠡᠭᠰᠡᠨ ᠭᠠᠵᠠᠷ ᠣᠷᠣᠨ ᠳᠤ ᠬᠦᠷᠴᠦ᠂ ᠲᠥᠷᠥ ᠶᠢᠨ | ᠪᠣᠳᠣᠯᠭ᠎ᠠ ᠶᠢᠨ ᠯᠠᠪᠯᠠᠭ᠎ᠠ ᠶᠢᠨ ᠲᠠᠪᠴᠠᠩ ᠢ ᠥᠷᠭᠡᠨ ᠢᠶᠠᠷ ᠪᠠᠶᠢᠭᠤᠯᠵᠤ᠂ ᠮᠠᠲᠠᠭ ᠲᠠᠢ ᠠᠰᠠᠭᠤᠳᠠᠯ ᠢ ᠨᠢᠭᠤᠷᠲᠠᠨ | ᠰᠢᠶᠳᠪᠦᠷᠢᠯᠡᠵᠦ ᠥᠭᠬᠦ ᠬᠡᠷᠡᠭᠲᠡᠶ ᠃ ᠳᠡᠷᠭᠡᠳᠡᠬᠢ ᠨᠡᠶᠢᠲᠡᠯᠢᠭ ᠬᠡᠷᠡᠭ ᠤᠨ ᠵᠢᠱᠢᠶ᠎ᠡ ᠶᠢ ᠠᠭᠤᠳᠠᠯᠬᠤ ᠳᠠᠭᠠᠨ | ᠴᠢᠳᠠᠮᠠᠭᠠᠶ ᠪᠠᠶᠢᠵᠤ᠂ ᠶᠡᠭᠡ ᠬᠡᠮᠵᠢᠶᠡᠨ ᠤ ᠡᠪᠡᠳᠴᠢᠨ ᠡᠮᠭᠡᠭ ᠤᠨ ᠲᠠᠩᠰᠠ ᠲᠠᠶᠢᠯᠬᠤ ᠪᠣᠳᠠᠲᠤ ᠵᠢᠱᠢᠶ᠎ᠡ ᠶᠢ ᠬᠡᠷᠡᠭᠯᠡᠨ | ᠂ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠴᠡᠭ ᠠᠴᠠ ᠴᠡᠭ ᠬᠥᠷᠬᠦ ᠶᠢ ᠤᠬᠠᠭᠤᠯᠤᠨ ᠮᠡᠳᠡᠭᠡᠯᠡᠬᠦ | ᠬᠡᠷᠡᠭᠲᠡᠶ ᠃ ᠰᠢᠨ᠎ᠡ ᠵᠠᠭᠤᠴᠢᠯᠠᠭᠤᠷ ᠤᠨ ᠤᠯᠠᠮᠵᠢᠯᠠᠬᠤ ᠬᠤᠷᠳᠤᠴᠠ ᠲᠦᠷᠭᠡᠨ᠂ ᠪᠦᠷᠬᠦᠴᠡ ᠥᠷᠭᠡᠨ ᠪᠠᠶᠢᠬᠤ | ᠣᠨᠴᠠᠯᠢᠭ ᠢ ᠭᠦᠢᠴᠡᠳ ᠪᠠᠳᠠᠷᠠᠭᠤᠯᠤᠨ᠂ ᠣᠬᠤᠷ ᠬᠠᠷᠠᠭᠠᠨ ᠳᠠᠪᠲᠠᠮᠵᠢ᠂ ᠰᠢᠭᠤᠳ ᠨᠡᠪᠲᠡᠷᠡᠭᠦᠯᠭᠡ ᠪᠠᠷ ᠲᠥᠷᠥ | ᠶᠢᠨ ᠪᠣᠳᠣᠯᠭ᠎ᠠ ᠶᠢ ᠲᠠᠶᠢᠯᠪᠤᠷᠢᠯᠠᠬᠤ ᠵᠡᠷᠭᠡ ᠠᠷᠭ᠎ᠠ ᠮᠠᠶ ᠢᠭ ᠢ ᠠᠰᠢᠭᠯᠠᠨ᠂ ᠳᠠᠭᠠᠳᠬᠠᠯ ᠳᠤ ᠣᠷᠣᠯᠴᠠᠬᠤ ᠶᠢᠨ | ᠰᠠᠶᠢᠨ ᠲᠠᠯ᠎ᠠ ᠶᠢ ᠶᠡᠬᠡᠪᠡᠷ ᠤᠬᠠᠭᠤᠯᠵᠤ᠂ ᠭᠡᠷ ᠪᠦᠯᠢ ᠳᠤ ᠦᠵᠡᠭᠦᠯᠬᠦ ᠳᠠᠭᠠᠳᠬᠠᠯ ᠳᠤ ᠣᠷᠣᠯᠴᠠᠬᠤ ᠦᠭᠡᠶ ᠪᠠᠶᠢᠬᠤ | ᠨᠥᠯᠥᠭᠡ ᠃ ᠳᠡᠷᠭᠡᠳᠡᠬᠢ ᠬᠥᠮᠦᠰ ᠢᠶᠠᠷ ᠢᠶᠠᠨ ᠳᠡᠷᠭᠡᠳᠡᠬᠢ ᠤᠴᠢᠷ ᠶᠠᠪᠤᠳᠠᠯ ᠢᠶᠠᠨ ᠶᠠᠷᠢᠭᠤᠯᠵᠤ᠂ ᠳᠡᠷᠭᠡᠳᠡᠬᠢ | ᠤᠴᠢᠷ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠰ ᠢᠶᠠᠨ ᠨᠥᠯᠥᠭᠡᠯᠡᠵᠦ᠂ ᠣᠯᠠᠨ ᠲᠦᠮᠡᠨ ᠤ ᠳᠠᠭᠠᠳᠬᠠᠯ ᠳᠤ | ᠣᠷᠣᠯᠴᠠᠬᠤ ᠤᠬᠠᠮᠰᠠᠷ ᠢ ᠴᠢᠩᠭᠠᠳᠬᠠᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ᠂ ᠳᠡᠮᠵᠢᠬᠦ ᠨᠣᠷᠮ᠎ᠠ ᠪᠠ | ᠣᠷᠣᠯᠴᠠᠬᠤ ᠨᠣᠷᠮ᠎ᠠ ᠶᠢ ᠳᠡᠭᠡᠭᠰᠢᠯᠡᠭᠦᠯᠵᠦ᠂ ᠲᠡᠳᠡᠨ ᠤ ᠰᠠᠨᠠᠭᠠᠴᠢᠯᠠᠭ᠎ᠠ ᠠᠴᠠ ᠪᠠᠨ ᠳᠠᠭᠠᠳᠬᠠᠯ ᠳᠤ ᠣᠷᠣᠯᠴᠠᠬᠤ | ᠶᠢ ᠢᠳᠡᠪᠬᠢᠲᠡᠶ ᠬᠥᠲᠥᠯᠥᠨ ᠵᠢᠯᠣᠭᠤᠳᠬᠤ ᠬᠡᠷᠡᠭᠲᠡᠶ ᠃ | ( ᠳᠥᠷᠪᠡ ) ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠃ 2025 ᠣᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠡᠭᠦᠷᠭᠡ ᠶᠢ 3 ᠱᠠᠲᠤ ᠦᠶ᠎ᠡ ᠪᠣᠯᠭᠠᠨ | ᠨᠠᠷᠢᠯᠢᠬᠵᠢᠭᠤᠯᠵᠤ᠂ ᠲᠣᠰ ᠲᠣᠰ 2024 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠯᠭ᠎ᠠ ᠪᠠᠭᠠᠲᠠᠶ | ᠬᠥᠮᠦᠨ ᠠᠮᠠ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ | 100 % ᠪᠠ 2025 ᠣᠨ ᠤ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠡᠭᠦᠷᠭᠡ ᠶᠢᠨ 85 % | ᠠᠴᠠ ᠳᠡᠭᠡᠭᠰᠢ ᠪᠣᠯᠭᠠᠨ᠎ᠠ︔ 2025 ᠣᠨ ᠤ 1 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ 2025 ᠣᠨ ᠤ | ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠡᠭᠦᠷᠭᠡ ᠶᠢᠨ 95 % ᠠᠴᠠ ᠳᠡᠭᠡᠭᠰᠢᠬᠢ ᠶᠢ ᠪᠡᠶᠡᠯᠡᠭᠦᠯᠦᠨ᠎ᠡ︔ | 2025 ᠣᠨ ᠤ 2 ᠳ᠋ᠤᠭᠠᠷ ᠰᠠᠷ᠎ᠠ ᠶᠢᠨ 28 ᠤ ᠡᠳᠦᠷ ᠠᠴᠠ ᠡᠮᠦᠨ᠎ᠡ 100 % ᠪᠠᠷ 2025 ᠣᠨ ᠤ | ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠡᠭᠦᠷᠭᠡ ᠶᠢ ᠪᠡᠶᠡᠯᠡᠭᠦᠯᠦᠨ᠎ᠡ ᠃ | ᠳᠠᠭᠠᠯᠳᠤᠭᠤᠯᠤᠯ᠄ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ | ᠶᠢᠨ ᠳᠠᠭᠠᠳᠬᠠᠯ ᠳᠤ ᠣᠷᠣᠯᠴᠠᠬᠤ ᠡᠭᠦᠷᠭᠡ ᠶᠢᠨ ᠬᠤᠪᠢᠶᠠᠷᠢᠯᠠᠯᠲᠠ ᠶᠢᠨ ᠬᠦᠰᠦᠨᠦᠭᠲᠦ ᠃ | 2024 ᠣᠨ ᠤ 9 ᠳ᠋ᠦ᠋ᠭᠡᠷ ᠰᠠᠷ᠎ᠠ ᠶᠢᠨ 18 ᠤ ᠡᠳᠦᠷ ᠃ | ᠳᠠᠭᠠᠯᠳᠤᠭᠤᠯᠤᠯ |