ᠵᠢᠦ ᠯᠦᠩ ᠰᠢᠶᠠᠩ ᠦᠨᠳᠦᠰᠦᠲᠡᠨ ᠤ ᠪᠦᠯᠬᠦᠮᠳᠡᠯ ᠤᠨ ᠰᠢᠨ᠎ᠡ ᠵᠢᠷᠤᠭ ᠢ ᠬᠠᠮᠳᠤᠪᠠᠷ ᠵᠢᠷᠤᠭᠯᠠᠪᠠ
ᠨᠡᠶᠢᠲᠡᠯᠡᠭᠰᠡᠨ ᠴᠠᠭ᠄
2024/9/20
   ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠵᠢᠦ ᠯᠦᠩ ᠰᠢᠶᠠᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠲᠠᠪᠤᠨ ᠨᠢᠭᠡ︾ ᠤᠯᠠᠨ ᠲᠦᠮᠡᠨ ᠤ ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃    ᠬᠠᠮᠲᠤ ᠪᠠᠷ ᠰᠤᠷᠤᠯᠴᠠᠵᠤ ᠬᠠᠮᠲᠤ ᠪᠠᠷ ᠣᠶᠢᠯᠠᠭᠠᠵᠤ᠂ ᠣᠯᠠᠨ ᠲᠦᠮᠡᠨ ᠤ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢ ᠦᠷᠨᠢᠭᠦᠯᠦᠨ᠎ᠡ᠃ ᠵᠢᠤ ᠯᠦᠩ ᠰᠢᠶᠠᠩ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ ᠬᠡᠯᠪᠡᠷᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ ︽ᠰᠦᠯᠵᠢᠶᠡᠨ ᠳᠡᠭᠡᠷ᠎ᠡ ︾ ᠸᠢᠴᠠᠲ ᠤᠨ ᠴᠤᠭᠯᠠᠷᠠᠯ᠂ ︽ᠨᠠᠮ ᠤᠯᠠᠨ ᠲᠦᠮᠡᠨ ᠰᠡᠳᠬᠢᠯ ᠵᠢᠷᠦᠬᠡ ᠪᠠᠨ ᠬᠤᠯᠪᠤᠬᠤ︾ ᠸᠢᠴᠠᠲ ᠬᠤᠯᠪᠣᠭ᠎ᠠ ᠲᠡᠭᠡᠷ᠎ᠡ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠤᠬᠠᠭᠤᠯᠭ᠎ᠠ ᠬᠢᠪᠡ︔ ︽ᠰᠦᠯᠵᠢᠶᠡᠨ ᠤ ᠭᠠᠳᠠᠨ᠎ᠠ︾ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠭᠤᠣᠯ ᠰᠡᠳᠦᠪᠲᠦ ᠨᠠᠮ ᠤᠨ ᠡᠳᠦᠷ᠂ ᠨᠠᠮ ᠤᠨ ᠡᠭᠦᠷ  ᠤᠨ ᠱᠦᠵᠢ ᠶᠢᠨ ᠨᠠᠮ ᠤᠨ ᠬᠢᠴᠢᠶᠡᠯ ᠣᠷᠣᠬᠤ ᠵᠡᠷᠭᠡ ᠠᠵᠢᠯᠯᠠᠭ᠎ᠠ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ  ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠴᠢᠬᠤᠯᠠ ᠠᠭᠤᠯᠭ᠎ᠠ ᠶᠢ ᠰᠤᠷᠤᠯᠴᠠᠬᠤ ᠲᠥᠯᠥᠪᠯᠡᠭᠡ ᠳᠤ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠨ ᠴᠤᠭᠴᠠᠯᠠᠬᠤ ᠵᠢᠴᠢ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠦᠷᠢᠯᠠᠪᠠ᠃ 2024 ᠣᠨ ᠠᠴᠠ ᠨᠠᠭᠠᠰᠢ᠂ ᠨᠢᠭᠡᠨᠲᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠨᠠᠮ ᠤᠨ ᠬᠢᠴᠢᠶᠡᠯ ᠢ 4 ᠤᠳᠠᠭ᠎ᠠ ᠂ ᠲᠤᠰᠬᠠᠢ ᠰᠡᠳᠦᠪᠲᠦ ᠰᠤᠷᠤᠯᠴᠠᠯᠭ᠎ᠠ ᠶᠢ 1 ᠤᠳᠠᠭ᠎ᠠ᠂ ︽︿ᠵᠢᠷᠭᠤᠭᠠᠨ ᠥᠭᠦᠯᠡᠪᠦᠷᠢ﹀ ᠶᠢᠨ ᠪᠣᠳᠠᠲᠤ ᠶᠠᠪᠤᠳᠠᠯ ᠪᠠ ᠶᠣᠰᠣ︾ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠪᠡ᠃
   ᠰᠣᠶᠣᠯ ᠢ ᠬᠠᠮᠲᠤ ᠪᠠᠷ ᠡᠳ᠋ᠯᠡᠵᠦ᠂ ᠤᠳᠬ᠎ᠠ ᠤᠷᠠᠯᠢᠭ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃ ᠵᠢᠦ ᠯᠦᠩ ᠰᠢᠶᠠᠩ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ᠂ ᠲᠠᠯ᠎ᠠ ᠨᠤᠲᠤᠭ ᠤᠨ ᠨᠣᠮ ᠤᠨ ᠥᠷᠥᠭᠡ ᠵᠡᠷᠭᠡ ᠲᠠᠪᠴᠠᠩ ᠲᠤ ᠲᠦᠰᠢᠭᠯᠡᠨ᠂ ᠭᠠᠵᠠᠷ ᠵᠦᠶ ᠶᠢᠨ ᠪᠠᠶᠢᠷᠢ ᠶᠢᠨ ᠳᠠᠪᠠᠭᠤᠯᠢᠭ ᠢ ᠭᠦᠶᠴᠡᠳ ᠠᠰᠢᠭᠯᠠᠵᠤ᠂ ︽ᠬᠥᠳᠡᠭᠡ ᠲᠣᠰᠬᠤᠨ ᠤ ᠬᠦᠰᠡᠯ ᠤᠨ ᠲᠠᠪᠴᠠᠩ︾ ᠮᠠᠯᠴᠢᠨ ᠲᠠᠷᠢᠶᠠᠴᠢᠨ  ᠤ ᠤᠳᠬ᠎ᠠ ᠤᠷᠠᠯᠢᠭ ᠤᠨ ᠠᠵᠢᠯᠯᠠᠭ᠎ᠠ ᠪᠠᠷ ᠠᠴᠢᠶᠠᠯᠠᠪᠤᠷᠢ ᠪᠤᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠤᠬᠠᠭᠤᠯᠭ᠎ᠠ ᠬᠥᠮᠦᠵᠢᠯ ᠤᠨ ᠠᠵᠢᠯ ᠢ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ᠂ ᠨᠠᠢᠮᠠᠨ ᠰᠠᠷ᠎ᠠ ᠶᠢᠨ ᠲᠡᠷᠭᠡᠯ ᠪᠠᠶᠠᠷ ᠵᠡᠷᠭᠡ ᠤᠯᠠᠮᠵᠢᠯᠠᠯᠲᠤ ᠪᠠᠶᠠᠷ ᠤᠨ ᠡᠳᠦᠷ ᠲᠠᠢ ᠠᠭᠤᠰᠤᠯᠴᠠᠭᠤᠯᠤᠨ᠂ ︽ᠪᠢᠳᠡᠨ ᠤ ᠪᠠᠶᠠᠷ ᠤᠨ ᠡᠳᠦᠷ ︾ ᠤᠨ ᠤᠳᠬ᠎ᠠ ᠤᠷᠠᠯᠢᠭ ᠤᠨ ᠠᠵᠢᠯᠯᠠᠭ᠎ᠠ ᠦᠷᠨᠢᠭᠦᠯᠵᠦ᠂ ᠲᠤᠰ ᠰᠢᠶᠠᠩ ᠤᠨ ᠡᠯ᠎ᠡ ᠦᠨᠳᠦᠰᠦᠲᠡᠨ ᠤ ᠣᠯᠠᠨ ᠲᠦᠮᠡᠨ ᠵᠢᠴᠢ ᠡᠷᠭᠢᠨ ᠲᠣᠭᠤᠷᠢᠨ ᠤ ᠭᠢᠷᠢᠨ ᠮᠤᠵᠢ ᠠᠴᠠ ᠢᠷᠡᠭᠰᠡᠨ ᠣᠯᠠᠨ ᠲᠦᠮᠡᠨ ᠢ ᠤᠷᠢᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠬᠠᠮᠲᠤ ᠪᠠᠷ ᠰᠤᠷᠤᠯᠴᠠᠨ᠂ ᠦᠨᠳᠦᠰᠦᠲᠡᠨ ᠤ ᠪᠦᠯᠬᠦᠮᠳᠡᠯ  ᠤᠨ ᠰᠡᠳᠬᠢᠯ ᠬᠥᠳᠡᠯᠭᠡᠮ᠎ᠡ ᠦᠯᠢᠭᠡᠷ ᠢ ᠬᠤᠪᠢᠶᠠᠯᠴᠠᠬᠤ  ᠰᠢᠷᠢᠰ ᠬᠥᠳᠡᠯᠭᠡᠭᠡᠨ ᠥᠷᠨᠢᠭᠦᠯᠬᠦ ᠪᠠᠷ ᠲᠠᠮᠵᠢᠨ᠂  ᠦᠨᠳᠦᠰᠦᠲᠡᠨ ᠨᠦᠭᠦᠳ ᠤᠨ ᠶᠠᠪᠤᠯᠴᠠᠭ᠎ᠠ ᠶᠢ ᠤᠯᠠᠮ ᠨᠢᠭᠡ ᠠᠯᠬᠤᠮ ᠠᠬᠢᠭᠤᠯᠪᠠ᠃ ᠡᠨᠡ ᠵᠢᠯ ᠠᠴᠠ ᠨᠠᠭᠠᠰᠢ᠂ ᠳᠤᠮᠳᠠᠳᠤ ᠶᠢᠨ ᠰᠣᠶᠣᠯ ᠢ ᠤᠯᠠᠨ ᠢᠶᠠᠷ ᠢᠶᠠᠨ ᠰᠤᠷᠤᠯᠴᠠᠬᠤ ᠠᠵᠢᠯᠯᠠᠭ᠎ᠠ ᠶᠢ 20 ᠤᠳᠠᠭ᠎ᠠ᠂ ᠰᠣᠶᠣᠯ ᠪᠡᠶ᠎ᠡ ᠶᠢᠨ ᠲᠠᠮᠢᠷ ᠤᠳᠬ᠎ᠠ ᠤᠷᠠᠯᠢᠭ ᠤᠨ ᠠᠵᠢᠯᠯᠠᠭ᠎ᠠ ᠶᠢ 10 ᠭᠠᠷᠤᠢ ᠤᠳᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠷᠢᠳᠢ ᠰᠢᠳᠢ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠦᠭ ᠰᠦᠨᠡᠰᠦ ᠶᠢ ᠮᠡᠳᠡᠷᠡᠭᠦᠯᠵᠦ ᠪᠠᠶᠢᠨ᠎ᠠ᠃
   ᠣᠷᠴᠢᠨ ᠲᠣᠭᠤᠷᠢᠨ ᠢ ᠬᠠᠮᠲᠤ ᠪᠠᠷ ᠭᠤᠶᠤᠵᠢᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠵᠢᠦ ᠯᠦᠩ ᠰᠢᠶᠠᠩ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤ ᠥᠷᠨᠢᠭᠦᠯᠵᠦ᠂ 2024 ᠣᠨ ᠠᠴᠠ ᠨᠠᠭᠠᠰᠢ ᠵᠢᠦ ᠯᠦᠩ ᠰᠢᠶᠠᠩ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠨᠡᠶᠢᠲᠡ 30 ᠭᠠᠷᠤᠶ ᠤᠳᠠᠭ᠎ᠠ ᠥᠷᠨᠢᠭᠦᠯᠪᠡ᠃ ᠦᠨᠳᠦᠰᠦᠲᠡᠨ ᠨᠦᠭᠦᠳ ᠤᠨ ᠤᠯᠠᠨ ᠲᠦᠮᠡᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠰᠢᠶᠠᠩ᠂ ᠲᠣᠰᠬᠤᠨ ᠤ ᠺᠠᠳ᠋ᠷ᠂ ᠤᠯᠠᠨ ᠲᠦᠮᠡᠨ ᠢ ᠵᠣᠬᠢᠶᠠᠨ ᠪᠠᠶᠢᠭᠤᠯᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠢᠳᠡᠪᠬᠢᠲᠡᠢ ᠣᠷᠣᠯᠴᠠᠭᠤᠯᠵᠤ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠠᠰᠢᠭ ᠬᠦᠷᠳᠡᠬᠦ᠂ ᠬᠥᠮᠦᠨ ᠪᠦᠬᠦᠨ ᠬᠤᠪᠢ ᠨᠡᠮᠡᠷᠢ ᠦᠵᠡᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠵᠠᠰᠠᠯᠲᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠨ᠎ᠡ᠃
   ᠳᠠᠷᠠᠭᠠᠴᠢ ᠶᠢᠨ ᠠᠯᠬᠤᠮ ᠳᠤ᠂ ᠵᠢᠦ ᠯᠦᠩ ᠰᠢᠶᠠᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠦᠷᠭᠦᠯᠵᠢᠯᠡᠨ ︽ᠲᠠᠪᠤᠨ ᠨᠢᠭᠡ︾ ᠤᠯᠠᠨ ᠲᠦᠮᠡᠨ ᠤ ᠠᠵᠢᠯ ᠤᠨ ᠠᠷᠭ᠎ᠠ ᠶᠢᠨ ᠲᠣᠭᠤᠷᠢᠨ ᠳᠤ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号