ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ︽ᠡᠯᠪᠡᠭ︾ ᠬᠤᠷᠢᠶᠠᠯᠳᠠ ᠶᠢᠨ ᠦᠵᠡᠮᠵᠢ ᠶᠢ ᠵᠢᠷᠤᠭᠯᠠᠪᠠ
ᠨᠡᠶᠢᠲᠡᠯᠡᠭᠰᠡᠨ ᠴᠠᠭ᠄
2024/9/20
   2024 ᠣᠨ ᠳᠤ᠂ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤ ᠨᠠᠨ ᠰᠢᠶᠠᠩ ᠤᠨ ᠬᠤᠳᠠ ᠶᠢᠨ ᠨᠤᠭᠤᠭ᠎ᠠ ᠶᠢᠨ ᠬᠦᠷᠢᠶᠡᠯᠡᠩ ᠢ ᠪᠦᠬᠦ ᠲᠠᠯ᠎ᠠ ᠪᠠᠷ ᠲᠡᠰ ᠳᠡᠪᠰᠢᠭᠦᠯᠵᠦ᠂ ᠨᠠᠨ ᠰᠢᠶᠠᠩ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠦᠷᠢᠶᠡᠯᠡᠩ ᠢ ᠲᠥᠯᠥᠪᠵᠢᠭᠦᠯᠦᠨ ᠪᠠᠶᠢᠭᠤᠯᠪᠠ᠂ ᠡᠨᠡ ᠬᠡᠳᠦᠨ ᠡᠳᠦᠷ᠂ ᠨᠠᠨ ᠰᠢᠶᠠᠩ ᠤᠨ ᠬᠤᠳᠠ ᠶᠢᠨ ᠨᠤᠭᠤᠭ᠎ᠠ ᠶᠢᠨ ᠬᠦᠷᠢᠶᠡᠯᠡᠩ ᠳᠣᠲᠣᠷᠠᠬᠢ ᠡᠯ᠎ᠡ ᠵᠦᠢᠯ ᠤᠨ ᠲᠠᠷᠢᠮᠠᠯ ᠵᠠᠯᠭᠠᠭ᠎ᠠ ᠪᠠᠷ ᠪᠣᠯᠪᠠᠰᠤᠷᠠᠵᠤ᠂ ᠡᠷᠬᠢᠨ ᠲᠣᠭᠤᠷᠢᠨ ᠤ ᠵᠤᠭᠠᠴᠠᠭᠰᠠᠳ ᠬᠤᠶᠢᠨ᠎ᠠ ᠬᠤᠶᠢᠨ᠎ᠠ ᠠᠴᠠ ᠪᠠᠨ ᠢᠷᠡᠵᠦ ᠲᠤᠭᠤᠷᠢᠨ ᠵᠤᠭᠠᠴᠠᠨ᠎ᠠ᠃
   ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠨᠠᠨ ᠰᠢᠶᠠᠩ ᠬᠤᠳᠠ ᠶᠢᠨ ᠢᠳᠡᠰᠢᠨ ᠨᠣᠭᠤᠭ᠎ᠠ ᠶᠢᠨ ᠬᠦᠷᠢᠶᠡᠯᠡᠩ ᠳᠤ ᠣᠷᠣᠪᠠᠯ᠂ ᠢᠳᠡᠰᠢᠨ ᠨᠣᠭᠤᠭ᠎ᠠ ᠶᠢᠨ ᠬᠦᠷᠢᠶᠡᠯᠡᠩ ᠦᠩᠭᠡ ᠢᠯᠭᠠᠷᠠᠨ ᠰᠣᠯᠣᠩᠭᠠᠷᠠᠵᠤ᠂ ᠭᠤᠸᠠ ᠵᠢᠮᠢᠰ ᠢᠳᠡᠰᠢᠨ ᠨᠣᠭᠤᠭ᠎ᠠ ᠮᠥᠴᠢᠷ ᠳᠦᠭᠦᠷᠡᠩ ᠡᠯᠭᠦᠭᠳᠡᠨ᠎ᠡ᠃ ᠮᠤᠨᠳᠠᠭ ᠲᠣᠮᠣ ᠨᠠᠩᠭᠤᠸᠠ᠂ ᠨᠣᠮᠢᠨ ᠨᠣᠭᠤᠭᠠᠨ ᠳ᠋ᠦᠩᠭᠤᠸᠠ᠂ ᠥᠩᠭᠡ ᠪᠦᠷᠢ ᠶᠢᠨ ᠬᠠᠯᠠᠭᠤᠨ ᠨᠤᠭᠤᠭ᠎ᠠ᠂ ᠠᠯᠲᠠᠨ ᠮᠠᠨᠵᠢᠯᠭᠠᠨ ᠤ ᠠᠯᠲᠠᠨ ᠮᠠᠨᠵᠢᠯᠭ᠎ᠠ…… ᠡᠯᠪᠡᠭ ᠬᠤᠷᠢᠶᠠᠯᠲᠠ ᠣᠯᠵᠠᠶ᠃
   ᠣᠶᠢᠯᠠᠭᠠᠭᠰᠠᠨ ᠢᠶᠠᠷ᠂ ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠤᠨ ᠲᠠᠯᠠᠪᠠᠶ ᠨᠢ 18 ᠮᠥ ᠪᠠᠶᠢᠵᠤ᠂ ᠵᠠᠭᠤ ᠰᠢᠬᠠᠮ ᠵᠦᠶᠯ ᠤᠨ ᠤᠷᠭᠤᠮᠠᠯ ᠳᠠᠷᠢᠵᠤ᠂ ᠲᠠᠷᠢᠶᠠᠯᠠᠩ ᠤᠨ ᠮᠡᠳᠡᠯᠭᠡ ᠶᠢ ᠠᠭᠤᠰᠤᠯᠴᠠᠭᠤᠯᠤᠭᠰᠠᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ᠂ ᠰᠡᠯᠡᠭᠦᠴᠡᠨ ᠲᠣᠭᠤᠷᠢᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠬᠦᠷᠢᠶᠡᠯᠡᠩ ᠲᠣᠭᠤᠷᠢᠭ ᠪᠠᠶᠢᠵᠤ᠂ ᠵᠢᠭᠤᠯᠴᠢᠳ ᠤᠨ ᠪᠠᠭ᠋ᠠᠷᠬᠠᠯ  ᠢ ᠲᠠᠲᠠᠵᠤ ᠪᠣᠶ᠃
   ︽ᠠᠩᠬ᠎ᠠ ᠤᠳᠠᠭ᠎ᠠ ᠬᠤᠳᠠ ᠶᠢᠨ ᠢᠳᠡᠰᠢᠨ ᠨᠣᠭᠤᠭ᠎ᠠ ᠶᠢᠨ ᠬᠦᠷᠢᠶᠡᠯᠡᠩ ᠳᠤ ᠢᠷᠡᠭᠡᠳ᠂ ᠥᠪᠡᠷ ᠤᠨ ᠦᠵᠡᠵᠦ ᠥᠩᠭᠡᠷᠡᠭᠰᠡᠨ ᠦᠭᠡᠢ ᠮᠠᠰᠢ ᠤᠯᠠᠨ ᠢᠳᠡᠰᠢᠨ ᠨᠣᠭᠤᠭ᠎ᠠ ᠶᠢ ᠣᠯᠵᠤ ᠬᠠᠷᠠᠵᠠᠢ᠂ ᠦᠨᠡᠬᠡᠷ ᠪᠠᠭ᠎ᠠ ᠪᠤᠰᠤ ᠮᠡᠳᠡᠯᠭᠡ ᠮᠡᠳᠡᠵᠡᠢ᠂ ᠪᠠᠰᠠ ᠨᠠᠮᠤᠷ ᠤᠨ ᠡᠯᠪᠡᠭ ᠬᠤᠷᠢᠶᠠᠯᠲᠠ ᠶᠢᠨ ᠪᠠᠶᠢᠳᠠᠯ ᠢ ᠣᠯᠵᠤ ᠬᠠᠷᠠᠵᠠᠢ᠃︾ ᠭᠡᠵᠦ ᠵᠢᠭᠤᠯᠴᠢᠯᠠᠭᠴᠢ ᠯᠢᠦ ᠫᠧᠩ ᠵᠧᠨ ᠪᠠᠶᠠᠷᠲᠠᠶ ᠬᠡᠯᠡᠨ᠎ᠡ᠃
   ᠬᠦᠷᠢᠶᠡᠯᠡᠩ ᠲᠣᠭᠤᠷᠢᠭ ᠨᠢ ᠬᠤᠶᠠᠷ ᠮᠥ ᠲᠣᠮᠣ ᠬᠡᠯᠪᠡᠷᠢ ᠶᠢᠨ ᠨᠠᠩᠭᠤᠸᠠ ᠪᠠᠷ ᠭᠤᠤᠯ ᠲᠣᠭᠤᠷᠢᠭ ᠪᠣᠯᠭᠠᠵᠤ᠂ ︽ᠨᠠᠨ ᠶᠦᠨ ᠠᠯᠲᠠᠨ ᠨᠠᠮᠤᠷ︾᠂ ︽ᠬᠠᠯᠠᠭᠤᠨ ᠨᠤᠭᠤᠭ᠎ᠠ ᠶᠢᠨ ᠦᠨᠦᠷ ᠬᠠᠩᠬᠤᠯᠤᠭᠰᠠᠨ︾ ᠵᠡᠷᠭᠡ 7 ᠣᠷᠣᠨ ᠪᠦᠰᠡ ᠬᠤᠪᠢᠶᠠᠵᠤ᠂ ᠭᠤᠤᠯ ᠲᠣᠭᠤᠷᠢᠭ ᠤᠨ ᠲᠣᠮᠣ ᠬᠡᠯᠪᠡᠷᠢ ᠶᠢᠨ ᠨᠠᠩᠭᠤᠸᠠ ᠨᠢ ᠪᠣᠯᠪᠠᠰᠤᠷᠠᠭᠰᠠᠨ ᠤ ᠳᠠᠷᠠᠭ᠎ᠠ ᠭᠤᠷᠪᠠ ᠳᠥᠷᠪᠡᠨ ᠵᠠᠭᠤᠨ ᠵᠢᠩ ᠳᠤ ᠬᠦᠷᠴᠦ᠂ ᠪᠡᠶ᠎ᠡ ᠨᠢ ᠲᠣᠮᠣ ᠮᠥᠷᠲᠡᠭᠡᠨ ᠥᠩᠭᠡ ᠢᠯᠭᠠᠷᠠᠮ᠎ᠠ ᠪᠠᠶᠢᠵᠤ᠂ ᠬᠦᠷᠢᠶᠡᠯᠡᠩ ᠲᠣᠭᠤᠷᠢᠭ ᠤᠨ ᠨᠢᠭᠡ ᠶᠡᠭᠡ ᠬᠢᠯᠠᠰ ᠴᠡᠭ ᠪᠣᠯᠵᠣ᠂ ᠵᠤᠭᠠᠴᠠᠭᠰᠠᠳ ᠡᠲᠡᠭᠡᠷ ᠲᠣᠮᠣ ᠬᠡᠯᠪᠡᠷᠢ ᠶᠢᠨ ᠨᠠᠩᠭᠤᠸᠠ ᠶᠢ ᠣᠶᠢᠷ᠎ᠠ ᠠᠴᠠ ᠰᠣᠨᠢᠷᠬᠠᠵᠤ᠂ ᠣᠲᠣ ᠦᠶ᠎ᠡ ᠶᠢᠨ ᠲᠠᠷᠢᠶᠠᠯᠠᠩ ᠤᠨ ᠠᠪᠴᠢᠷᠠᠭᠰᠠᠨ ᠳᠣᠩᠰᠣᠯᠤᠯᠲᠠ ᠪᠠ ᠪᠠᠶᠠᠷ ᠪᠠᠶᠠᠰᠤᠯ ᠢ ᠮᠡᠳᠡᠷᠡᠵᠦ ᠪᠣᠯᠤᠨ᠎ᠠ᠃
   ᠬᠦᠷᠢᠶᠡᠯᠡᠩ ᠲᠣᠭᠤᠷᠢᠭ ᠲᠤ ᠪᠠᠰᠠ ᠥᠪᠡᠷᠮᠢᠴᠡ ᠣᠨᠴᠠᠯᠢᠭ ᠲᠠᠢ ︽ᠭᠤᠸᠠ ᠶᠢᠨ ᠰᠡᠭᠦᠳᠡᠷ ᠲᠠᠢ ᠰᠡᠷᠢᠭᠦᠨ ᠰᠠᠷᠠᠪᠴᠢ︾ ᠪᠠᠶᠢᠭᠤᠯᠵᠤ᠂ ᠬᠡᠯᠪᠡᠷᠢ ᠳᠦᠷᠰᠦ ᠨᠢ ᠠᠳᠠᠯᠢ ᠪᠤᠰᠤ ᠭᠤᠸᠠ ᠶᠢᠨ ᠲᠥᠷᠥᠯ ᠢ ᠳᠠᠷᠢᠵᠤ᠂ ᠥᠰᠴᠦ ᠪᠣᠶᠢᠵᠢᠭᠰᠠᠨ ᠤ ᠳᠠᠷᠠᠭ᠎ᠠ ᠪᠦᠬᠦᠨ ᠢ ᠰᠡᠷᠢᠭᠦᠨ ᠰᠠᠷᠠᠪᠴᠢᠨ ᠳᠤ ᠲᠣᠩᠭᠤᠷᠠᠭᠤᠯᠤᠨ ᠡᠯᠭᠦᠵᠦ᠂ ᠵᠤᠭᠠᠴᠠᠭᠰᠠᠳ ᠲᠤ ᠰᠡᠷᠢᠭᠦᠴᠡᠭᠦᠯᠬᠦ ᠮᠥᠷᠲᠡᠭᠡᠨ ᠪᠠᠰᠠ ᠣᠶᠢᠷ᠎ᠠ ᠵᠠᠶ ᠠᠴᠠ ᠲᠡᠳᠡᠨ ᠤ ᠥᠰᠥᠯᠲᠡ ᠶᠢᠨ ᠪᠠᠶᠢᠳᠠᠯ ᠢ ᠰᠣᠨᠢᠷᠬᠠᠭᠤᠯᠵᠤ ᠪᠣᠯᠤᠨ᠎ᠠ᠃
   ︽ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠳᠤ ᠠᠵᠤ ᠠᠬᠤᠶ ᠶᠢᠨ ᠲᠠᠷᠢᠮᠠᠯ᠂ ᠠᠮᠤ ᠪᠤᠳᠠᠭᠠᠨ  ᠤ ᠲᠠᠷᠢᠮᠠᠯ᠂ ᠢᠳᠡᠰᠢᠨ ᠨᠣᠭᠤᠭ᠎ᠠ᠂ ᠰᠣᠷᠭᠤᠭ ᠴᠡᠴᠡᠭ ᠤᠨ ᠲᠥᠷᠥᠯ ᠵᠡᠷᠭᠡ 97 ᠵᠦᠶᠯ ᠤᠨ ᠲᠠᠷᠢᠮᠠᠯ ᠳᠠᠷᠢᠬᠤ  ᠶᠢᠨ ᠬᠠᠮᠲᠤ ᠥᠰᠥᠭ ᠪᠢᠴᠢᠭ ᠤᠨ ᠲᠣᠪᠴᠢ ᠲᠠᠨᠢᠯᠴᠠᠭᠤᠯᠭ᠎ᠠ ᠪᠠ ᠵᠢᠷᠤᠭ ᠤᠨ ᠲᠠᠨᠢᠯᠴᠠᠭᠤᠯᠭ᠎ᠠ ᠲᠣᠬᠢᠷᠠᠭᠤᠯᠵᠤ᠂ ᠵᠤᠭᠠᠴᠠᠭᠰᠠᠳ ᠲᠤ ᠡᠳ᠋ ᠪᠣᠳᠠᠰ ᠤᠨ ᠲᠥᠷᠥᠯ ᠪᠠ ᠥᠰᠥᠯᠲᠡ ᠶᠢᠨ ᠵᠠᠩ ᠳᠠᠳᠬᠠᠯ ᠢ ᠲᠣᠳᠣᠷᠬᠠᠶ ᠳᠡᠯᠭᠡᠨ ᠦᠵᠡᠭᠦᠯᠵᠦ ᠪᠠᠶᠢᠨ᠎ᠠ᠂ ᠡᠭᠦᠨ ᠤ ᠬᠠᠮᠲᠤ᠂ ᠲᠠᠷᠢᠮᠠᠯ ᠪᠣᠯᠪᠠᠰᠤᠷᠠᠪᠠᠯ ᠪᠠᠰᠠ ᠵᠣᠬᠢᠬᠤ ᠠᠵᠤ ᠠᠬᠤᠶ ᠶᠢᠨ ᠦᠨ᠎ᠡ ᠥᠷᠲᠡᠭ ᠪᠣᠶ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠨᠠᠨ ᠰᠢᠶᠠᠩ ᠬᠤᠲᠠ  ᠶᠢᠨ ᠢᠳᠡᠰᠢᠨ ᠨᠣᠭᠤᠭᠠᠨ ᠤ ᠬᠦᠷᠢᠶᠡᠯᠡᠩ ᠤᠨ ᠬᠠᠷᠢᠭᠤᠴᠠᠯᠭᠠᠲᠠᠨ ᠳ᠋ᠦ᠋ ᠭᠤᠸᠠᠩ ᠱᠤᠸᠠᠩ ᠲᠠᠨᠢᠯᠴᠠᠭᠤᠯᠪᠠ᠃
   ᠨᠠᠮᠤᠷ ᠤᠨ ᠤᠯᠠᠷᠢᠯ ᠳᠤ᠂ ᠥᠷᠭᠡᠨ ᠠᠭᠤᠳᠠᠮ ᠲᠠᠷᠢᠶᠠᠨ ᠭᠠᠵᠠᠷ ᠪᠣᠯᠤᠨ ᠡᠯᠪᠡᠭ ᠬᠤᠷᠢᠶᠠᠯᠲᠠ ᠶᠢᠨ ᠦᠷ᠎ᠡ ᠵᠢᠮᠢᠰ ᠨᠢ ᠦᠵᠡᠰᠬᠦᠯᠡᠩᠲᠦ ᠰᠠᠶᠢᠬᠠᠨ ᠨᠠᠮᠤᠷ ᠤᠨ ᠤᠯᠠᠷᠢᠯ ᠤᠨ ᠵᠢᠷᠤᠭ ᠢ ᠪᠦᠷᠢᠯᠳᠦᠭᠦᠯᠵᠡᠢ᠃ ᠬᠡᠷᠪᠡ ᠴᠢ ᠡᠨᠡ ᠤᠯᠠᠷᠢᠯ ᠳᠤ ᠡᠬᠡ ᠪᠠᠶᠢᠭᠠᠯᠢ ᠶᠢᠨ ᠡᠯᠪᠡᠭ ᠪᠠᠶᠠᠯᠢᠭ ᠪᠠ ᠨᠠᠮ ᠰᠡᠯᠡᠭᠦᠨ ᠢ ᠪᠡᠶᠡᠴᠢᠯᠡᠨ ᠣᠶᠢᠯᠠᠭᠠᠬᠤ ᠭᠡᠪᠡᠯ᠂ ᠲᠦᠴᠢᠦᠸᠠᠨ ᠪᠠᠯᠭᠠᠰᠤᠨ ᠤ ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠪᠣᠯ ᠨᠢᠭᠡᠨ ᠬᠦᠰᠡᠯᠡᠩ ᠤᠨ ᠭᠠᠵᠠᠷ ᠪᠣᠯᠬᠤ ᠨᠢ ᠳᠠᠮᠵᠢᠭ ᠥᠬᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号