ᠲᠡᠭᠷᠢ ᠬᠦᠢᠲᠡᠷᠡᠬᠦ ᠦᠶ᠎ᠡ ᠳᠤ ᠥᠨᠳᠡᠭᠡᠨ ᠲᠠᠬᠢᠶ᠎ᠠ ᠶᠢ ᠬᠡᠷᠬᠢᠨ ᠲᠡᠵᠢᠭᠡᠬᠦ ᠪᠤᠢ ︖
ᠨᠡᠶᠢᠲᠡᠯᠡᠭᠰᠡᠨ ᠴᠠᠭ᠄
2024/9/20
   ᠬᠥᠭᠰᠢᠨ ᠪᠠᠭᠤᠷᠠᠢ ᠡᠮᠡᠭᠴᠢᠨ ᠲᠠᠬᠢᠶ᠎ᠠ ᠶᠢ ᠪᠠᠭᠠᠰᠬᠠᠨ᠎ᠠ᠃ ᠥᠨᠳᠡᠭᠡᠨ ᠲᠠᠬᠢᠶ᠎ᠠ ᠶᠢ 1 — 2 ᠵᠢᠯ ᠲᠡᠵᠢᠭᠡᠪᠡᠯ ᠰᠠᠶᠢᠨ᠂ 2 ᠵᠢᠯ ᠠᠴᠠ ᠬᠡᠲᠦᠷᠡᠪᠡᠯ ᠰᠢᠭᠰᠢᠭᠳᠡᠭᠦᠯᠬᠦ ᠬᠡᠷᠡᠭᠲᠡᠢ᠃ ᠪᠠᠭᠤᠷᠠᠢ᠂ ᠥᠨᠳᠡᠭᠡᠯᠡᠬᠦ ᠨᠢ ᠪᠠᠭ᠎ᠠ ᠪᠠᠶᠢᠪᠠᠯ ᠴᠠᠭ ᠲᠤᠬᠠᠢ ᠳᠤᠨᠢ ᠰᠣᠩᠭᠤᠵᠤ ᠬᠤᠷᠢᠵᠤ ᠲᠡᠵᠢᠭᠡᠨ᠎ᠡ᠃ ᠰᠢᠭᠰᠢᠭᠳᠡᠭᠰᠡᠨ ᠥᠨᠳᠡᠭᠡᠨ ᠲᠠᠬᠢᠶ᠎ᠠ ᠳᠤ ᠡᠷᠳᠡᠨᠢ ᠰᠢᠰᠢ᠂ ᠠᠭᠠᠭ ᠵᠡᠷᠭᠡ ᠶᠢᠨ ᠥᠨᠳᠥᠷ ᠡᠨᠧᠷᠭᠢᠲᠦ ᠲᠡᠵᠢᠭᠡᠯ ᠪᠣᠷᠳᠤᠭ᠎ᠠ ᠶᠢ ᠢᠯᠡᠭᠦᠬᠡᠨ ᠲᠡᠵᠢᠭᠡᠵᠦ᠂ ᠡᠮᠡᠭᠴᠢᠨ ᠲᠠᠬᠢᠶ᠎ᠠ ᠶᠢᠨ ᠲᠠᠷᠭᠤ ᠬᠦᠴᠦ ᠶᠢ ᠨᠡᠮᠡᠭᠳᠡᠭᠦᠯᠦᠨ᠂ ᠮᠢᠬᠠᠯᠠᠭᠰᠠᠨ ᠤ ᠳᠠᠷᠠᠭ᠎ᠠ ᠴᠠᠭ ᠲᠤᠬᠠᠢ ᠳᠤᠨᠢ ᠵᠠᠬ᠎ᠠ ᠳᠡᠯᠭᠡᠭᠦᠷ ᠲᠤ ᠭᠠᠷᠭᠠᠨ᠎ᠠ᠃ ᠡᠭᠦᠨ ᠠᠴᠠ ᠭᠠᠳᠠᠨ᠎ᠠ᠂ ᠰᠢᠨ᠎ᠡ ᠬᠠᠭᠤᠴᠢᠨ ᠥᠨᠳᠡᠭᠡᠨ ᠲᠠᠬᠢᠶ᠎ᠠ ᠶᠢ ᠰᠠᠯᠭᠠᠨ ᠲᠡᠵᠢᠭᠡᠵᠦ᠂ ᠰᠢᠨ᠎ᠡ ᠥᠨᠳᠡᠭᠡᠨ ᠲᠠᠬᠢᠶ᠎ᠠ ᠶᠢ ᠥᠨᠳᠡᠭᠡᠯᠡᠬᠦ ᠠᠴᠠ ᠡᠮᠦᠨ᠎ᠡ ᠲᠡᠵᠢᠭᠡᠵᠦ ᠪᠠᠶᠢᠭᠰᠠᠨ ᠠᠴᠠ ᠨᠢ ᠠᠭᠠᠵᠢᠮ ᠢᠶᠠᠷ ᠥᠨᠳᠡᠭᠡᠯᠡᠬᠦ ᠦᠶ᠎ᠡ ᠳᠤ ᠲᠡᠵᠢᠭᠡᠬᠦ ᠳᠤ ᠰᠢᠯᠵᠢᠭᠦᠯᠬᠦ ᠬᠡᠷᠡᠭᠲᠡᠢ᠃    ᠦᠳᠦ ᠰᠣᠯᠢᠬᠤ ᠶᠢ ᠬᠥᠮᠥᠨ ᠤ ᠬᠦᠴᠦ ᠪᠠᠷ ᠡᠵᠡᠮᠰᠢᠨ᠎ᠡ᠃ ᠥᠨᠳᠡᠭᠡᠨ ᠲᠠᠬᠢᠶ᠎ᠠ ᠶᠢ ᠢᠵᠢᠯ ᠠᠯᠬᠤᠮ ᠢᠶᠠᠷ ᠦᠳᠦ ᠰᠣᠯᠢᠭᠤᠯᠬᠤ ᠶᠢᠨ ᠲᠥᠯᠥᠭᠡ᠂ ᠭᠡᠷᠡᠯ ᠤᠨ ᠲᠤᠰᠤᠯᠲᠠ ᠶᠢᠨ ᠴᠠᠭ ᠢ ᠤᠤᠯ ᠤᠨ 16 ᠴᠠᠭ ᠪᠠᠶᠢᠭᠰᠠᠨ ᠠᠴᠠ ᠨᠢ 8 ᠴᠠᠭ ᠪᠣᠯᠭᠠᠨ ᠬᠠᠰᠤᠵᠤ᠂ ᠬᠤᠷᠴᠠ ᠭᠡᠷᠡᠯ ᠢ ᠰᠤᠯᠠ ᠭᠡᠷᠡᠯ ᠪᠣᠯᠭᠠᠨ ᠥᠭᠡᠷᠡᠴᠢᠯᠡᠵᠦ᠂ ᠬᠤᠯᠢᠮᠠᠭ ᠪᠣᠷᠳᠤᠭ᠎ᠠ ᠶᠢ ᠨᠠᠷᠢᠮᠤ ᠶᠢᠨ ᠠᠭᠠᠭ ᠪᠠ ᠰᠦᠷᠡᠯ ᠤᠨ ᠠᠭᠠᠭ ᠪᠣᠯᠭᠠᠨ ᠥᠭᠡᠷᠡᠴᠢᠯᠡᠬᠦ ᠶᠢᠨ ᠬᠠᠮᠲᠤ ᠲᠡᠵᠢᠭᠡᠯ ᠪᠣᠷᠳᠣᠭᠠᠨ ᠳᠤ 1% — 1. 5% ᠶᠢᠨ ᠲᠦᠭᠦᠬᠡᠢ ᠵᠤᠭᠠᠩ ᠢ ᠬᠤᠯᠢᠵᠤ ᠡᠷᠦᠳᠡᠰᠦ ᠶᠢ ᠣᠷᠣᠯᠠᠭᠤᠯᠤᠨ᠎ᠠ᠂ 7 — 10 ᠡᠳᠦᠷ ᠲᠤ ᠦᠳᠦ ᠰᠣᠯᠢᠵᠤ ᠪᠣᠯᠣᠨ᠎ᠠ᠃    ᠦᠳᠦ ᠰᠣᠯᠢᠭᠰᠠᠨ ᠤ ᠲᠡᠷᠠᠭ᠎ᠠ ᠡᠳᠦᠷ ᠤᠨ ᠲᠡᠵᠢᠭᠡᠯ ᠳᠤ ᠯᠠᠩᠭᠤᠸᠠ᠂ ᠢᠳᠡᠰᠢᠨ ᠨᠣᠭᠤᠭ᠎ᠠ ᠵᠡᠷᠭᠡ ᠶᠢ ᠵᠣᠬᠢᠬᠤ ᠬᠡᠮᠵᠢᠶ᠎ᠡ ᠪᠠᠷ ᠨᠡᠮᠡᠵᠦ᠂ ᠭᠡᠷᠡᠯ ᠤᠨ ᠲᠤᠰᠤᠯᠲᠠ ᠶᠢ 12 — 16 ᠴᠠᠭ ᠪᠣᠯᠲᠠᠯ᠎ᠠ ᠰᠡᠷᠭᠦᠭᠡᠵᠦ᠂ 4 — 5 ᠭᠠᠷᠠᠭ ᠤᠨ ᠲᠡᠷᠠᠭ᠎ᠠ ᠥᠨᠳᠡᠭᠡᠨ ᠲᠠᠬᠢᠶ᠎ᠠ ᠰᠢᠨ᠎ᠡ ᠦᠳᠦ ᠤᠷᠭᠤᠵᠦ᠂ 7 — 8 ᠭᠠᠷᠠᠭ ᠤᠨ ᠲᠡᠷᠠᠭ᠎ᠠ ᠥᠨᠳᠡᠭᠡᠯᠡᠬᠦ ᠪᠣᠯᠣᠨ᠎ᠠ᠃ ᠡᠳᠦᠷ ᠤᠨ ᠲᠡᠵᠢᠭᠡᠯ ᠳᠤ 2.5% ᠶᠢᠨ ᠴᠠᠶᠢᠷ ᠤᠨ ᠢᠰᠦᠯ ᠢ ᠨᠡᠮᠡᠪᠡᠯ ᠪᠠᠰᠠ ᠥᠨᠳᠡᠭᠡᠨ ᠲᠠᠬᠢᠶ᠎ᠠ ᠶᠢᠨ ᠦᠳᠦ ᠰᠣᠯᠢᠬᠤ ᠴᠠᠭ ᠢ ᠪᠣᠭᠤᠨᠢᠰᠬᠠᠵᠤ᠂ ᠤᠷᠢᠳᠴᠢᠯᠠᠨ ᠥᠨᠳᠡᠭᠡᠯᠡᠵᠦ ᠳᠡᠶᠢᠯᠦᠨ᠎ᠡ᠃    ᠡᠳᠦᠷ ᠤᠨ ᠲᠡᠵᠢᠭᠡᠯ ᠤᠨ ᠪᠦᠲᠦᠴᠡ ᠳᠤ ᠲᠣᠬᠢᠷᠠᠭᠤᠯᠤᠯᠲᠠ ᠬᠢᠨ᠎ᠡ᠃ ᠲᠡᠵᠢᠭᠡᠯ ᠪᠣᠷᠳᠣᠭᠠᠨ ᠳᠤ ᠠᠭᠤᠯᠤᠭᠳᠠᠬᠤ ᠤᠭᠤᠷᠠᠭ᠂ ᠡᠷᠦᠳᠡᠰᠦ᠂ ᠸᠢᠲ᠋ᠠᠮᠢᠨ ᠨᠢ ᠡᠯᠪᠡᠭ ᠪᠠᠶᠠᠯᠢᠭ᠂ ᠢᠳᠡᠬᠦ ᠳᠤ ᠲᠣᠬᠢᠷᠠᠮᠵᠢᠲᠠᠢ᠂ ᠶᠠᠰᠤ ᠴᠢᠨᠠᠷ ᠨᠢ ᠰᠠᠶᠢᠨ ᠪᠠᠶᠢᠬᠤ ᠶᠢ ᠱᠠᠭᠠᠷᠳᠠᠨ᠎ᠠ᠃ ᠥᠨᠳᠡᠭᠡᠨ ᠲᠠᠬᠢᠶ᠎ᠠ ᠶᠢᠨ ᠥᠨᠳᠡᠭᠡᠯᠡᠬᠦ ᠨᠣᠷᠮ᠎ᠠ ᠨᠢ 70% ᠠᠴᠠ 90% ᠪᠣᠯᠬᠤ ᠦᠶ᠎ᠡ ᠳᠤ᠂ ᠡᠳᠦᠷ ᠤᠨ ᠲᠡᠵᠢᠭᠡᠯ ᠳᠤ 17%︱19% ᠤᠭᠤᠷᠠᠭ ᠠᠭᠤᠯᠵᠤ᠂ ᠺᠢᠯᠣᠭ᠍ᠷᠠᠮ ᠪᠦᠷᠢ ᠶᠢᠨ ᠲᠡᠵᠢᠭᠡᠯ ᠪᠣᠷᠳᠣᠭᠠᠨ ᠳᠤ 2700︱2750 ᠺᠢᠯᠣᠺᠠᠯᠣᠷᠢ ᠢᠯᠴᠢ ᠠᠭᠤᠯᠵᠤ᠂ 3%︱4% ᠺᠠᠯᠼ ᠠᠭᠤᠯᠬᠤ ᠬᠡᠷᠡᠭᠲᠡᠢ᠃ ᠥᠨᠳᠡᠭᠡᠯᠡᠬᠦ ᠨᠤᠷᠮ᠎ᠠ ᠨᠢ 70% — 80% ᠪᠣᠯᠬᠤ ᠦᠶ᠎ᠡ ᠳᠤ᠂ ᠡᠳᠦᠷ ᠤᠨ ᠲᠡᠵᠢᠭᠡᠯ ᠳᠤ 100 ᠺᠢᠯᠣᠭ᠍ᠷᠠᠮ ᠲᠡᠵᠢᠭᠡᠯ ᠪᠣᠷᠳᠤᠭ᠎ᠠ ᠪᠦᠷᠢ ᠳᠤ ᠵᠢᠭᠠᠰᠤᠨ ᠲᠠᠯᠬ᠎ᠠ 1 — 2 ᠺᠢᠯᠣᠭ᠍ᠷᠠᠮ ᠨᠡᠮᠡᠵᠦ ᠂ ᠬᠡᠪᠡᠭ ᠪᠠ ᠡᠷᠳᠡᠨᠢ ᠰᠢᠰᠢ ᠶᠢ ᠵᠣᠬᠢᠬᠤ ᠬᠡᠮᠵᠢᠶ᠎ᠡ ᠪᠠᠷ ᠪᠠᠭᠠᠰᠬᠠᠨ᠎ᠠ᠂ ᠢᠩᠭᠢᠪᠡᠯ ᠢᠯᠡᠭᠦᠦ ᠥᠨᠳᠡᠭᠡᠯᠡᠵᠦ ᠳᠡᠶᠢᠯᠦᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号