ᠸᠢᠴᠠᠲ ᠤᠨ ᠪᠠᠴᠢᠮ ᠠᠯᠪᠠᠨ ᠵᠠᠷ︕
ᠨᠡᠶᠢᠲᠡᠯᠡᠭᠰᠡᠨ ᠴᠠᠭ᠄
2024/9/20
   ᠸᠢᠴᠠᠲ ᠢᠶᠠᠷ ᠵᠠᠭᠤᠨ ᠲᠦᠮᠡᠨ ᠲᠦᠭᠦᠷᠢᠭ ᠤᠨ ᠲᠣᠭᠠᠴᠠᠭ᠎ᠠ ᠬᠢᠬᠦ ᠶᠢ ᠪᠠᠳᠤᠯᠠᠬᠤ ᠪᠣᠯ ᠳᠤᠭᠤᠶ ᠬᠦᠯᠢᠶᠡᠨ ᠵᠦᠪᠰᠢᠶᠡᠷᠡᠬᠦ ᠮᠥᠷᠲᠡᠭᠡᠨ ᠰᠦᠢᠳᠭᠡᠯ ᠦᠯᠦ ᠬᠤᠷᠢᠶᠠᠬᠤ ᠨᠢᠭᠡ ᠵᠦᠢᠯ ᠤᠨ ᠳᠠᠭᠠᠳᠬᠠᠯ ᠤᠨ ᠦᠢᠯᠡᠴᠢᠯᠡᠭᠡ ᠪᠣᠯᠤᠨ᠎ᠠ᠃ ᠭᠡᠲᠡᠯ᠎ᠡ ᠣᠶᠢᠷ᠎ᠠ ᠶᠢᠨ ᠬᠤᠭᠤᠴᠠᠭᠠᠨ ᠳᠤ ᠵᠠᠷᠢᠮ ᠬᠠᠤᠯᠢ ᠪᠤᠰᠤ ᠡᠲᠡᠭᠡᠳ ᠨᠢ ᠬᠡᠰᠡᠭ ᠬᠡᠷᠡᠭᠯᠡᠭᠴᠢ᠂ ᠢᠯᠠᠩᠭᠤᠶ᠎ᠠ ᠢᠳᠡᠷ ᠥᠲᠡᠯᠦᠭᠡ ᠨᠠᠰᠤᠨ ᠤ ᠬᠥᠮᠦᠰ ᠲᠤ ᠴᠢᠭᠯᠡᠭᠦᠯᠦᠨ᠂ ᠡᠨᠡ ᠬᠦ ᠦᠢᠯᠡᠴᠢᠯᠡᠭᠡ ᠶᠢ ᠰᠠᠶᠢᠨ ᠣᠶᠢᠯᠠᠭᠠᠬᠤ ᠥᠬᠡᠶ ᠪᠠᠶᠢᠭ᠎ᠠ ᠪᠠᠶᠢᠳᠠᠯ ᠢ ᠠᠰᠢᠭᠯᠠᠨ᠂ ︽ᠵᠠᠭᠤᠨ ᠲᠦᠮᠡᠨ ᠲᠥᠭᠦᠷᠢᠭ ᠤᠨ ᠪᠠᠲᠤᠯᠠᠭ᠎ᠠ ᠶᠢᠨ ᠬᠤᠭᠤᠴᠠᠭ᠎ᠠ ᠲᠤᠯᠪᠠᠯ ᠰᠦᠢᠳᠭᠡᠯ ᠲᠤᠰᠢᠶᠠᠵᠦ ᠦᠷᠭᠦᠯᠵᠢᠯᠡᠨ ᠪᠠᠲᠤᠯᠠᠬᠤ ᠴᠢᠬᠤᠯᠠᠲᠠᠢ︾ ᠪᠤᠶᠤ ︽ᠡᠭᠦᠳᠡ ᠪᠠᠨ ᠬᠠᠭᠠᠵᠤ ᠠᠶᠠᠨᠳᠠᠭᠠᠨ ᠰᠦᠢᠳᠭᠡᠯ ᠰᠠᠭᠤᠯᠭᠠᠨ ᠠᠪᠬᠤ︾ ᠭᠡᠬᠦ ᠮᠡᠳᠦ ᠶᠢᠨ ᠰᠢᠯᠳᠠᠭ ᠬᠡᠯᠡᠵᠦ ᠤᠨᠠᠭᠤᠯᠢ ᠭᠠᠷᠭᠠᠨ᠂ ᠮᠡᠬᠡᠯᠡᠯ ᠬᠢᠵᠦ ᠪᠠᠶᠢᠨ᠎ᠠ᠃    ᠸᠢᠴᠠᠲ ᠤᠨ ᠠᠮᠤᠷ ᠲᠦᠪᠰᠢᠨ ᠤ ᠲᠥᠪ ᠠᠴᠠ ᠣᠯᠠᠨ ᠳᠤ᠄ ᠸᠢᠴᠠᠲ ᠢᠶᠠᠷ ᠵᠠᠭᠤᠨ ᠲᠦᠮᠡᠨ ᠲᠥᠭᠦᠷᠢᠭ ᠤᠨ ᠲᠣᠭᠠᠴᠠᠭ᠎ᠠ ᠬᠢᠬᠦ ᠳᠤ ᠰᠦᠢᠳᠭᠡᠯ ᠦᠯᠦ ᠬᠤᠷᠢᠶᠠᠬᠤ ᠶᠢ ᠡᠭᠦᠷᠢᠳᠡ ᠪᠠᠲᠤᠯᠠᠨ᠎ᠡ᠂ ᠵᠦᠪᠭᠡᠨ ᠸᠢᠴᠠᠲ ᠢᠶᠠᠷ ᠲᠣᠭᠠᠴᠠᠭ᠎ᠠ ᠬᠢᠪᠠᠯ ᠪᠣᠯᠴᠢᠬᠠᠨ᠎ᠠ᠃ ︽ᠬᠤᠭᠤᠴᠠᠭ᠎ᠠ ᠨᠢ ᠲᠤᠯᠤᠭᠰᠠᠨ︾ ︽ᠬᠤᠭᠤᠴᠠᠭ᠎ᠠ ᠨᠢ ᠥᠩᠭᠡᠷᠡᠭᠰᠡᠨ︾ ᠭᠡᠬᠦ ᠮᠡᠳᠦ ᠶᠢᠨ ᠬᠡᠯᠡᠯᠭᠡ ᠪᠠᠶᠢᠬᠤ ᠥᠬᠡᠶ᠂ ︽ᠰᠦᠢᠳᠭᠡᠯ ᠲᠤᠰᠢᠶᠠᠵᠦ ᠦᠷᠭᠦᠯᠵᠢᠯᠡᠨ ᠪᠠᠲᠤᠯᠠᠬᠤ︾ ᠶᠢ ᠱᠠᠭᠠᠷᠳᠠᠬᠤ ᠥᠬᠡᠶ ᠪᠥᠭᠡᠳ ᠨᠠᠩ ᠴᠤ ᠢᠲᠡᠭᠡᠮᠵᠢ ᠤᠯᠬᠤ ᠶᠢ ᠨᠦᠯᠦᠭᠡᠯᠡᠬᠦ ᠥᠬᠡᠶ ᠶᠤᠮ᠃ ︽ᠬᠤᠭᠤᠴᠠᠭ᠎ᠠ ᠲᠤᠯᠪᠠᠯ ᠰᠦᠢᠳᠭᠡᠯ ᠲᠤᠰᠢᠶᠠᠵᠦ ᠦᠷᠭᠦᠯᠵᠢᠯᠡᠨ ᠪᠠᠲᠤᠯᠠᠬᠤ᠂ ᠨᠡᠪᠳᠡᠷᠡᠬᠦᠯᠬᠦ ᠳᠤ ᠰᠦᠢᠳᠭᠡᠯ ᠲᠤᠰᠢᠶᠠᠬᠤ᠂ ᠵᠤᠴᠢᠨ  ᠤ ᠦᠢᠯᠡᠴᠢᠯᠡᠭᠡ ᠶᠢ ᠬᠠᠪᠰᠤᠷᠤᠨ ᠬᠦᠴᠦᠨ ᠥᠬᠡᠶ ᠪᠣᠯᠭᠠᠬᠤ︾ ᠵᠡᠷᠭᠡ ᠨᠢ ᠴᠥᠮ ᠮᠡᠬᠡᠯᠡᠯ ᠪᠤᠯᠤᠨ᠎ᠠ᠂ ᠪᠢᠲᠡᠭᠡᠶ ᠬᠦᠡᠭᠭᠡᠨ ᠬᠠᠭᠤᠮᠠᠭᠠᠢ ᠪᠠᠷ ᠢᠲᠡᠭᠡᠭᠡᠷᠡᠶ ᠭᠡᠵᠦ ᠰᠠᠨᠠᠭᠤᠯᠪᠠ᠃    ᠡᠭᠦᠨ ᠤ ᠬᠠᠮᠲᠤ᠂ ᠲᠠᠪᠴᠠᠩ ᠨᠢ ᠪᠠᠰᠠ ᠸᠢᠴᠠᠲ ᠢᠶᠠᠷ ᠵᠠᠭᠤᠨ ᠲᠦᠮᠡᠨ ᠲᠦᠭᠦᠷᠢᠭ ᠤᠨ ᠲᠣᠭᠠᠴᠠᠭ᠎ᠠ ᠬᠢᠬᠦ ᠶᠢ ᠪᠠᠳᠤᠯᠠᠬᠤ ᠬᠤᠯᠪᠣᠭᠳᠠᠯ ᠪᠥᠬᠦᠶ ᠨᠢᠭᠤᠷ ᠬᠠᠭᠤᠳᠠᠰᠤᠨ ᠳᠤ ᠮᠡᠬᠡᠯᠡᠯ ᠢ ᠡᠰᠡᠷᠭᠦᠴᠡᠬᠦ ᠰᠠᠨᠠᠭᠤᠯᠤᠮᠵᠢ ᠭᠠᠷᠭᠠᠪᠠ᠂ ᠬᠡᠷᠡᠭᠯᠡᠭᠴᠢᠳ【 ᠬᠡᠷᠡᠭᠯᠡᠭᠴᠢ ᠶᠢᠨ ᠦᠵᠦᠭᠦᠷ — ᠦᠢᠯᠡᠴᠢᠯᠡᠭᠡ — ᠵᠣᠭᠤᠰᠣᠨ ᠪᠣᠭᠴᠣ — ᠬᠡᠷᠡᠭᠯᠡᠭᠴᠢ ᠶᠢᠨ ᠬᠠᠮᠠᠭᠠᠯᠠᠯᠲᠠ — ᠠᠮᠤᠷ ᠲᠦᠪᠰᠢᠨ ᠤ ᠪᠠᠳᠤᠯᠠᠭ᠎ᠠ — ᠵᠠᠭᠤᠨ ᠲᠦᠮᠡᠨ ᠲᠦᠭᠦᠷᠢᠭ ᠤᠨ ᠪᠠᠲᠤᠯᠠᠭ᠎ᠠ 】 ᠪᠠᠷ ᠲᠠᠮᠵᠢᠭᠤᠯᠤᠨ ᠨᠠᠩ ᠣᠯᠠᠨ ᠮᠡᠳᠡᠭᠡ ᠵᠠᠩᠭᠢ ᠶᠢ ᠣᠶᠢᠯᠠᠭᠠᠵᠤ ᠪᠣᠯᠤᠨ᠎ᠠ᠃    ᠸᠢᠴᠠᠲ ᠤᠨ ᠠᠮᠤᠷ ᠲᠦᠪᠰᠢᠨ ᠤ ᠰᠠᠨᠠᠭᠤᠯᠤᠮᠵᠢ᠄    1. ᠬᠡᠷᠡᠭᠯᠡᠭᠴᠢᠳ ᠤᠨ ᠦᠢᠯᠡᠴᠢᠯᠡᠭᠡ ᠶᠢ ᠬᠠᠭᠤᠷᠮᠠᠬᠯᠠᠨ ᠬᠡᠷᠡᠭᠯᠡᠬᠦ ᠮᠡᠬᠡᠯᠡᠯ ᠠᠴᠠ ᠬᠢᠴᠢᠶᠡᠬᠦ ᠬᠡᠷᠡᠭᠲᠡᠶ᠃ ᠸᠢᠴᠠᠲ ᠤᠨ ᠪᠦᠯᠬᠦᠮ FaceTime ᠪᠠᠷ ᠲᠠᠮᠵᠢᠭᠤᠯᠤᠨ ᠬᠡᠷᠡᠭᠯᠡᠭᠴᠢ ᠲᠠᠢ ᠬᠠᠷᠢᠯᠴᠠᠬᠤ ᠦᠭᠡᠢ ᠶᠤᠮ᠂ ᠣᠯᠠᠨ ᠢᠶᠠᠷ ᠢᠶᠠᠨ ᠲᠠᠨᠢᠯ ᠪᠤᠰᠤ ᠤᠲᠠᠰᠤ ᠶᠢ ᠲᠤᠰᠴᠤ᠂ ᠮᠡᠬᠡᠯᠡᠭᠳᠡᠬᠦ ᠠᠴᠠ ᠬᠢᠴᠢᠶᠡᠬᠦ ᠭᠡᠷᠡᠭᠳᠡᠢ᠃    2. ᠴᠢᠬᠤᠯᠠ ᠮᠡᠳᠡᠭᠡ ᠵᠠᠩᠭᠢ ᠪᠠᠨ ᠭᠠᠳᠠᠭᠰᠢ ᠵᠠᠳᠠᠷᠠᠭᠤᠯᠵᠦ ᠪᠤᠯᠬᠤ ᠦᠭᠡᠢ᠃ ᠳᠠᠩᠰᠠᠨ ᠨᠣᠮᠧᠷ ᠨᠢᠭᠤᠴᠠ ᠨᠣᠮᠧᠷ᠂ ᠰᠢᠯᠭᠠᠨ ᠪᠠᠲᠤᠯᠠᠬᠤ ᠨᠣᠮᠧᠷ᠂ ᠳᠠᠩᠰᠠ ᠰᠢᠯᠵᠢᠭᠦᠯᠵᠦ ᠵᠣᠭᠤᠰ ᠭᠤᠪᠢᠭᠤᠯᠬᠤ ᠵᠡᠷᠭᠡ ᠬᠤᠯᠪᠤᠬᠳᠠᠬᠤ ᠰᠡᠷᠭᠡᠭ ᠮᠡᠳᠡᠭᠡ ᠵᠠᠩᠭᠢ ᠪᠠᠨ ᠶᠠᠪᠤᠭᠤᠯᠬᠤ ᠳᠤ᠂ ᠡᠷᠬᠡᠪᠰᠢ ᠳᠡᠭᠡᠳᠦ ᠬᠡᠮᠵᠢᠶ᠎ᠡ ᠪᠠᠷ ᠬᠢᠴᠢᠶᠡᠬᠦ ᠬᠡᠷᠡᠭᠲᠡᠶ᠃    3. ᠮᠡᠬᠡᠯᠡᠬᠦ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠢ ᠳᠤᠨᠢ ᠢᠯᠡᠴᠢᠯᠡᠨ ᠮᠡᠳᠡᠭᠦᠯᠬᠦ ᠬᠡᠷᠡᠭᠲᠡᠢ᠃ ᠬᠡᠷᠪᠡ ᠸᠢᠴᠠᠲ ᠤᠨ ᠲᠠᠪᠴᠠᠩ ᠠᠴᠠ ᠮᠡᠬᠡᠯᠡᠯ ᠤᠨ ᠮᠡᠳᠡᠭᠡ ᠵᠠᠩᠭᠢ ᠶᠢ ᠣᠯᠵᠤ ᠮᠡᠳᠡᠪᠡᠯ᠂ ᠸᠢᠴᠠᠲ ᠤᠨ ᠬᠡᠷᠡᠭᠯᠡᠭᠴᠢ ᠶᠢᠨ ᠦᠵᠦᠬᠦᠷ ᠪᠤᠶᠤ ᠲᠸᠡᠭ ᠰᠢᠶᠦ᠋ᠨ ᠬᠠᠮᠠᠭᠠᠯᠠᠭᠴᠢ ᠶᠢᠨ ᠵᠢᠵᠢᠭ ᠫᠷᠤᠭ᠍ᠷᠠᠮ ᠢᠶᠠᠷ ᠳᠠᠮᠵᠢᠭᠤᠯᠤᠨ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号