ᠬᠦᠷᠢᠶ᠎ᠡ ᠬᠠᠶᠢᠰᠶᠠᠨ ᠤ ᠦᠵᠦᠮ ᠡᠯᠪᠡᠭ ᠬᠤᠷᠢᠶᠠᠯᠲᠠ ᠤᠯᠵᠤ ᠣᠷᠣᠯᠭ᠎ᠠ ᠶᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/9/23
   ᠣᠶᠢᠷ᠎ᠠ ᠶᠢᠨ ᠵᠢᠯ ᠠᠴᠠ ᠨᠠᠭᠠᠰᠢ᠂ ᠲᠦᠴᠢᠦᠸᠠᠨ ᠪᠠᠯᠭᠠᠰᠤᠨ ᠤ ᠰᠢᠨ ᠱᠧᠩ ᠲᠣᠰᠬᠤᠨ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠡᠷ ᠤᠨ ᠢᠶᠠᠨ ᠠᠷᠤ ᠥᠪᠥᠷ ᠤᠨ ᠰᠤᠯᠠ ᠭᠠᠵᠠᠷ ᠵᠢᠴᠢ ᠡᠷᠬᠢᠨ ᠲᠣᠭᠤᠷᠢᠨ ᠤ ᠰᠤᠯᠠ ᠭᠠᠵᠠᠷ ᠰᠢᠷᠣᠶ ᠪᠠᠨ ᠲᠡᠭᠰᠢᠯᠡᠬᠦ ᠪᠠᠷ ᠳᠠᠮᠵᠢᠭᠤᠯᠤᠨ ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠦᠵᠦᠮ ᠳᠠᠷᠢᠭᠤᠯᠵᠤ᠂ ᠬᠦᠷᠢᠶ᠎ᠡ ᠬᠠᠰᠢᠶ᠎ᠠ ᠪᠠᠨ ︽ᠢᠮᠠᠬᠤ ᠶᠢᠨ ᠲᠡᠳᠦᠶ ᠭᠠᠵᠠᠷ︾ ᠢᠶᠠᠷ ︽ᠣᠷᠣᠯᠭ᠎ᠠ ᠶᠢ ᠨᠡᠮᠡᠭᠳᠡᠭᠦᠯᠬᠦ ᠬᠦᠷᠢᠶᠡᠯᠡᠩ︾ ᠪᠣᠯᠭᠠᠨ ᠪᠥᠲᠥᠭᠡᠨ ᠪᠠᠶᠢᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢᠶᠠᠨ ᠨᠠᠩ ᠭᠤᠶᠣ ᠪᠣᠯᠭᠠᠭᠰᠠᠨ ᠢᠶᠠᠷ ᠪᠠᠷᠠᠬᠤ ᠥᠬᠡᠶ᠂ ᠪᠠᠰᠠ ᠤᠷᠤᠯᠭ᠎ᠠ ᠪᠠᠨ ᠨᠡᠮᠡᠭᠳᠡᠭᠦᠯᠪᠡ᠃
   ᠲᠦᠴᠢᠦᠸᠠᠨ ᠪᠠᠯᠭᠠᠰᠤᠨ ᠤ ᠰᠢᠨ ᠱᠧᠩ ᠲᠣᠰᠬᠤᠨ ᠳᠤ ᠣᠷᠣᠪᠠᠯ᠂ ᠡᠯ᠎ᠡ ᠵᠦᠶᠯ ᠤᠨ ᠦᠵᠦᠮ ᠪᠣᠯᠪᠠᠰᠤᠷᠠᠯᠲᠠ ᠶᠢᠨ ᠬᠤᠭᠤᠴᠠᠭᠠᠨ ᠳᠠᠭᠠᠨ ᠣᠷᠣᠵᠤ᠂ ᠬᠡᠯᠬᠢᠶᠡᠯᠡᠭᠰᠡᠨ ᠦᠵᠦᠮ ᠤᠳ ᠨᠢ ᠶᠠᠭ  ︽ᠡᠷᠳᠡᠨᠢ ᠶᠢᠨ ᠴᠢᠯᠠᠭᠤ︾ ᠰᠢᠭ ᠰᠠᠯᠠᠭ᠎ᠠ ᠨᠠᠮᠠᠭ᠎ᠠ ᠪᠠᠷ ᠳᠦᠭᠦᠷᠴᠦ᠂ ᠥᠳᠬᠡᠨ ᠵᠤᠵᠠᠭᠠᠨ ᠵᠢᠮᠢᠰ ᠤᠨ ᠠᠩᠬᠢᠯᠤᠮ᠎ᠠ ᠦᠨᠦᠷ ᠨᠢ ᠬᠥᠮᠦᠰ ᠤᠨ ᠰᠡᠳᠬᠢᠯ ᠢ ᠰᠤᠭᠳᠤᠷᠠᠭᠤᠯᠤᠨ᠎ᠠ᠂ ᠲᠠᠷᠢᠮᠠᠯ ᠤᠨ ᠡᠷᠦᠬᠡ ᠮᠧᠩ ᠹᠠᠨ ᠰᠢᠶᠠᠩ ᠶᠠᠭ ᠬᠠᠰᠢᠶᠠᠨ ᠤ ᠪᠠᠨ ᠬᠦᠯᠡᠮᠵᠢ ᠳᠤ ᠦᠵᠦᠮ ᠲᠡᠭᠦᠵᠦ ᠶᠠᠭᠠᠷᠠᠨ᠎ᠠ᠃
   ︽ᠪᠢ ᠦᠵᠦᠮ ᠲᠠᠷᠢᠭᠠᠳ 15 ᠵᠢᠯ ᠪᠣᠯᠵᠠᠢ᠂ ᠤᠳᠤ ᠮᠡᠯᠡᠷᠡᠭ ᠴᠡᠴᠡᠭ᠂ ᠰᠢᠶᠠ ᠾᠧᠢ᠂ ᠵᠢᠤᠢ ᠹᠧᠩ ᠵᠡᠷᠭᠡ 12 ᠲᠦᠷᠦᠯ ᠵᠦᠢᠯ ᠪᠤᠢ᠂ ᠬᠤᠶᠠᠷ ᠬᠦᠯᠡᠮᠵᠢ ᠨᠢᠭᠡ ᠵᠢᠯ ᠳᠤ 2 ᠲᠦᠮᠡ ᠭᠠᠷᠤᠢ ᠲᠥᠭᠦᠷᠢᠭ ᠬᠤᠷᠢᠶᠠᠨ᠎ᠠ᠃ ᠭᠡᠵᠦ ᠲᠠᠷᠢᠮᠠᠯ ᠤᠨ ᠡᠷᠦᠬᠡ ᠮᠧᠩ ᠹᠠᠨ ᠰᠢᠶᠠᠩ ᠬᠡᠯᠡᠪᠡ᠃    ᠡᠨᠡ ᠵᠢᠯ 61 ᠨᠠᠰᠤᠲᠠᠢ ᠮᠧᠩ ᠹᠠᠨ ᠰᠢᠶᠠᠩ 2019 ᠣᠨ ᠠᠴᠠ ᠡᠬᠢᠯᠡᠨ ᠦᠵᠦᠮ ᠲᠠᠷᠢᠬᠤ ᠶᠢ ᠲᠤᠷᠰᠢᠪᠠ᠃ ᠦᠵᠦᠮ ᠢᠶᠠᠨ ᠰᠠᠶᠢᠲᠤᠷ ᠳᠠᠷᠢᠵᠤ ᠠᠷᠠᠴᠢᠯᠠᠬᠤ ᠶᠢᠨ ᠲᠥᠯᠥᠭᠡ᠂ ᠲᠡᠷᠡ ᠰᠤᠷᠤᠯᠴᠠᠬᠤ ᠶᠢᠨ ᠳᠠᠭᠠᠤ ᠠᠵᠢᠯᠯᠠᠵᠤ᠂ ᠭᠠᠵᠠᠷ ᠰᠢᠷᠣᠶ ᠶᠢ ᠲᠡᠭᠰᠢᠯᠡᠬᠦ᠂ ᠲᠠᠷᠢᠶᠠᠨ ᠴᠢᠬᠢ ᠰᠣᠩᠭᠤᠬᠤ᠂ ᠰᠢᠯᠵᠢᠭᠦᠯᠦᠨ ᠵᠠᠶᠢᠯᠠᠬᠤ᠂ ᠪᠣᠷᠲᠣᠭᠤᠷ ᠣᠷᠣᠭᠤᠯᠬᠤ᠂ ᠳᠠᠬᠢᠭᠠᠳ ᠰᠠᠯᠠᠭ᠎ᠠ ᠨᠠᠮᠠᠭ᠎ᠠ ᠶᠢ ᠵᠠᠰᠠᠬᠤ᠂ ᠬᠤᠷᠣᠬᠠᠶ ᠶᠢ ᠰᠡᠷᠭᠡᠶᠢᠯᠡᠬᠦ᠂ ᠵᠢᠮᠢᠰ ᠢ ᠰᠡᠶᠢᠷᠡᠭᠵᠢᠭᠦᠯᠬᠦ ᠬᠦᠷᠲᠡᠯ᠎ᠡ ᠲᠡᠷᠡ ᠪᠦᠷ ᠦᠪᠡᠷ ᠢᠶᠠᠨ ᠬᠢᠵᠦ᠂ ᠢᠮᠠᠬᠤ ᠶᠢᠨ ᠵᠢᠵᠢᠭ ᠬᠦᠷᠢᠶᠡᠨ ᠳᠤ ᠪᠥᠬᠦ ᠣᠶᠤᠨ ᠴᠢᠳᠠᠯ ᠢᠶᠠᠨ ᠰᠢᠪᠬᠠᠪᠠ᠃ ᠠᠷᠪᠠ ᠭᠠᠷᠤᠶ ᠵᠢᠯ ᠤᠨ ᠡᠵᠡᠩᠨᠡᠯᠲᠡ ᠪᠠᠷ ᠳᠠᠮᠵᠢᠨ᠂ ᠲᠡᠷᠡ ᠦᠵᠦᠮ ᠲᠠᠷᠢᠭᠠᠳ ᠦᠷ᠎ᠡ ᠠᠰᠢᠭ ᠣᠯᠵᠤ᠂ ᠵᠢᠵᠢᠭ ᠬᠦᠷᠢᠶᠡᠨ ᠤ ᠠᠰᠢᠭ ᠣᠷᠣᠯᠭ᠎ᠠ ᠨᠢ ᠴᠦ ᠤᠯᠠᠮ ᠠᠴᠠ ᠤᠯᠠᠮ ᠰᠠᠶᠢᠨ ᠪᠣᠯᠵᠠᠶ᠃ 2023 ᠣᠨ  ᠳᠤ ᠬᠦᠷᠢᠶ᠎ᠡ ᠬᠠᠰᠢᠶᠠᠨ ᠤ ᠠᠵᠤ ᠠᠬᠤᠶ ᠶᠢᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢᠨ ᠳᠡᠮᠵᠢᠯᠭᠡ ᠳᠣᠤᠷ᠎ᠠ᠂ ᠮᠧᠩ ᠹᠠᠨ ᠰᠢᠶᠠᠩ ᠬᠦᠷᠢᠶ᠎ᠡ ᠬᠠᠰᠢᠶᠠᠨ ᠳᠠᠭᠠᠨ ᠬᠦᠶᠲᠡᠨ ᠰᠠᠷᠠᠪᠴᠢ ᠪᠠᠶᠢᠭᠤᠯᠤᠨ ᠦᠵᠦᠮ ᠳᠠᠷᠢᠪᠠ᠃
   ︽ᠥᠩᠭᠡᠷᠡᠭᠰᠡᠨ ᠳᠤ ᠡᠨᠡ ᠬᠡᠰᠡᠭ ᠭᠠᠵᠠᠷ ᠲᠤ ᠦᠭᠡᠷ᠎ᠡ ᠲᠠᠷᠢᠶ᠎ᠠ ᠳᠠᠷᠢᠵᠤ ᠪᠠᠶᠢᠭᠰᠠᠨ᠂ ᠪᠦᠷ ᠥᠪᠡᠷ ᠢᠶᠠᠨ ᠬᠡᠷᠡᠭᠯᠡᠵᠦ ᠪᠠᠶᠢᠭᠰᠠᠨ ᠪᠣᠯᠬᠤᠷ ᠦᠷ᠎ᠡ ᠠᠰᠢᠭ ᠥᠬᠡᠶ ᠪᠠᠶᠢᠪᠠ᠃ ᠰᠡᠭᠦᠯᠡᠷ ᠨᠢ ᠲᠣᠰᠬᠤᠨ ᠤ ᠣᠯᠠᠨ ᠬᠥᠮᠦᠨ ᠦᠵᠦᠮ ᠲᠠᠷᠢᠵᠦ ᠪᠠᠶᠢᠬᠤ ᠶᠢ ᠦᠵᠡᠭᠡᠳ᠂ ᠪᠢ ᠪᠠᠰᠠ ᠬᠠᠰᠢᠶᠠᠨ ᠳᠠᠭᠠᠨ ᠦᠵᠦᠮ ᠲᠠᠷᠢᠬᠤ ᠪᠠᠷ ᠲᠤᠷᠰᠢᠵᠠᠢ᠂ ᠦᠷ᠎ᠡ ᠠᠰᠢᠭ ᠨᠢ ᠪᠠᠰᠠ ᠨᠡᠯᠢᠶᠡᠳ ᠰᠠᠶᠢᠨ᠂ ᠣᠳᠣ ᠬᠦᠢᠲᠡᠨ ᠰᠠᠷᠠᠪᠴᠢ ᠪᠠᠷᠢᠵᠤ᠂ ᠦᠷ᠎ᠡ ᠠᠰᠢᠭ ᠨᠢ ᠪᠠᠰᠠ ᠤᠤᠯ  ᠤᠨ ᠬᠢ ᠠᠴᠠ ᠳᠠᠬᠢᠨ ᠨᠡᠮᠡᠭᠳᠡᠪᠡ᠃︾ ᠭᠡᠵᠦ ᠲᠠᠷᠢᠮᠠᠯ ᠤᠨ ᠡᠷᠦᠬᠡ ᠮᠧᠩ ᠹᠠᠨ ᠰᠢᠶᠠᠩ ᠬᠡᠯᠡᠪᠡ᠃    ᠦᠵᠦᠮ ᠤᠨ ᠵᠠᠬ᠎ᠠ ᠳᠡᠯᠭᠡᠭᠦᠷ ᠳᠡᠭᠡᠷ᠎ᠡ ᠳᠠᠪᠠᠭᠤᠯᠢᠭ ᠪᠠᠶᠢᠷᠢ ᠶᠢ ᠡᠵᠡᠯᠡᠬᠦ ᠶᠢᠨ ᠲᠥᠯᠥᠭᠡ᠂ ᠮᠧᠩ ᠹᠠᠨ ᠰᠢᠶᠠᠩ ᠣᠷᠭᠠᠨᠢᠭ ᠪᠤᠷᠳᠤᠭᠤᠷ ᠪᠠᠷ ᠲᠠᠷᠢᠬᠤ ᠵᠠᠭᠪᠤᠷ ᠢ ᠬᠡᠷᠡᠭᠯᠡᠵᠦ᠂ ᠲᠠᠷᠢᠭᠰᠠᠨ ᠦᠵᠦᠮ ᠤᠨ ᠤᠨᠠᠯᠲᠠ ᠥᠨᠳᠥᠷ ᠢᠶᠠᠷ ᠪᠠᠷᠠᠬᠤ ᠦᠭᠡᠢ᠂ ᠶᠠᠰᠤ ᠴᠢᠨᠠᠷ ᠰᠠᠶᠢᠨ ᠪᠠᠶᠢᠵᠤ᠂ ᠬᠡᠷᠡᠭᠯᠡᠭᠴᠢᠳ ᠤᠨ ᠬᠦᠷᠢᠶᠡᠯᠡᠯ ᠢ ᠣᠯᠵᠤ ᠪᠠᠶᠢᠨ᠎ᠠ᠂ ᠡᠯᠪᠡᠭ ᠬᠤᠷᠢᠶᠠᠯᠲᠠ ᠶᠢᠨ ᠤᠯᠠᠷᠢᠯ ᠪᠣᠯᠬᠤ ᠪᠦᠷᠢ᠂ ᠠᠳᠡ ᠨᠢᠭᠡ ᠪᠦᠯᠦᠭ ᠵᠤᠭᠠᠴᠠᠭᠰᠠᠳ ᠢᠷᠡᠵᠦ ᠲᠡᠭᠦᠵᠦ᠂ ᠲᠣᠭᠤᠷᠢᠨ ᠵᠤᠭᠠᠴᠠᠨ᠎ᠠ᠃
   ︽ᠰᠢᠨ ᠱᠧᠩ ᠤᠨ ᠦᠵᠦᠮ ᠶᠡᠷᠦ ᠨᠢ ᠨᠡᠯᠢᠶᠡᠳ ᠨᠡᠷᠡᠲᠡᠢ᠂ ᠨᠠᠰᠤᠲᠠᠨ ᠪᠠ ᠬᠡᠦᠬᠡᠳ ᠨᠢ ᠪᠦᠷ ᠢᠳᠡᠬᠦ ᠳᠤᠷᠠᠲᠠᠢ᠂ ᠵᠢᠯ ᠪᠦᠷᠢ ᠲᠡᠭᠦᠬᠦ ᠤᠯᠠᠷᠢᠯ ᠪᠣᠯᠬᠤ ᠳᠤ᠂ ᠪᠦᠷ ᠭᠡᠷ ᠤᠨ ᠬᠥᠮᠦᠰ ᠢᠶᠠᠨ ᠳᠠᠭᠠᠭᠤᠯᠵᠤ ᠢᠷᠡᠵᠦ ᠲᠡᠭᠦᠳᠡᠭ᠃︾ ᠭᠡᠵᠦ ᠵᠤᠭᠠᠴᠠᠭᠰᠠᠳ ᠰᠢᠦ ᠽᠢ ᠲᠢᠩ ᠬᠡᠯᠡᠪᠡ᠃    ᠠᠵᠤ ᠦᠢᠯᠡᠰ ᠲᠠᠭᠠᠷᠠᠪᠠᠯ ᠵᠣᠯ ᠵᠢᠷᠭᠠᠯ ᠡᠷᠡᠮᠡᠯᠵᠡᠯ ᠲᠠᠢ ᠪᠣᠯᠤᠨ᠎ᠠ᠃ ᠰᠢᠨ ᠱᠧᠩ ᠲᠣᠰᠬᠤᠨ ᠳᠤ ᠮᠧᠩ ᠹᠠᠨ ᠰᠢᠶᠠᠩ ᠰᠢᠭ ᠲᠠᠷᠢᠶᠠᠴᠢᠨ ᠡᠷᠦᠬᠡ ᠦᠵᠦᠮ ᠲᠠᠷᠢᠬᠤ ᠪᠠᠷ ᠳᠠᠮᠵᠢᠨ ᠣᠷᠣᠯᠭ᠎ᠠ ᠪᠠᠨ ᠨᠡᠮᠡᠭᠳᠡᠭᠦᠯᠵᠡᠶ᠃ ᠰᠢᠨ ᠱᠧᠩ ᠲᠣᠰᠬᠤᠨ ᠪᠠᠰᠠ ᠬᠠᠮᠤᠭ ᠤᠨ ᠠᠩᠬᠠᠨ ᠤ ᠳᠠᠷᠬᠠᠶ ᠪᠤᠳᠠᠷᠬᠠᠢ ᠡᠷᠦᠬᠡ ᠪᠠᠷ ᠳᠠᠷᠢᠵᠤ ᠪᠠᠶᠢᠭᠰᠠᠨ ᠠᠴᠠ ᠪᠠᠨ ᠣᠲᠣ ᠬᠡᠪᠴᠢᠶᠡᠵᠢᠭᠦᠯᠦᠨ ᠳᠠᠷᠢᠵᠤ᠂ ᠦᠵᠦᠮ ᠤᠨ ᠠᠵᠤ ᠦᠶᠯᠡᠰ ᠥᠷᠨᠢᠨ ᠬᠥᠭᠵᠢᠵᠦ᠂ ᠦᠷ᠎ᠡ ᠠᠰᠢᠭ ᠨᠢ ᠢᠯᠡᠳᠲᠡ ᠪᠣᠯᠵᠣ᠂ ᠨᠠᠷᠠᠲᠤ ᠲᠡᠮᠳᠡᠭ ᠤᠨ ᠦᠶᠯᠡᠳᠦᠯ ᠨᠢ ᠡᠳᠦᠷ ᠢᠷᠡᠬᠦᠶ᠎ᠡ ᠲᠣᠪᠣᠶᠢᠮ᠎ᠠ ᠪᠣᠯᠵᠣ᠂ ᠦᠵᠦᠮ ᠳᠠᠷᠢᠬᠤ ᠨᠢ ᠨᠢᠭᠡᠨᠲᠡ ᠪᠥᠬᠦ ᠲᠣᠰᠬᠤᠨ ᠤ ᠲᠤᠯᠭᠠᠭᠤᠷᠢ ᠠᠵᠤ ᠦᠶᠯᠡᠰ ᠪᠣᠯᠤᠭᠰᠠᠨ ᠪᠠᠶᠢᠨ᠎ᠠ᠃
   ︽ᠣᠳᠣᠬᠠᠨ ᠳᠤ ᠰᠢᠨ ᠱᠧᠩ ᠲᠣᠰᠬᠤᠨ ᠳᠤ ᠦᠵᠦᠮ ᠳᠠᠷᠢᠬᠤ ᠡᠷᠦᠬᠡ 60᠂ ᠬᠦᠶᠲᠡᠨ ᠰᠠᠷᠠᠪᠴᠢ 152 ᠪᠠᠶᠢᠵᠤ᠂ ᠳᠠᠷᠢᠬᠤ ᠲᠠᠯᠠᠪᠠᠶ ᠨᠢ 480 ᠮᠥ ᠬᠦᠷᠴᠡᠶ᠃ ᠲᠠᠷᠠᠭᠠᠴᠢ ᠶᠢᠨ ᠠᠯᠬᠤᠮ ᠳᠤ ᠪᠢᠳᠡ ᠦᠵᠦᠮ ᠤᠨ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠵᠤ᠂ ᠦᠵᠦᠮ ᠤᠨ ᠠᠵᠤ ᠦᠶᠯᠡᠰ ᠢ ᠭᠦᠨᠵᠡᠭᠡᠶ ᠨᠠᠷᠢᠯᠢᠭ ᠬᠢᠵᠦ᠂ ᠮᠠᠨ ᠤ ᠰᠢᠨ ᠱᠧᠩ ᠲᠤᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠭᠠᠷᠳᠠᠴᠠ ᠪᠣᠯᠭᠠᠵᠤ᠂ ᠠᠷᠠᠳ ᠣᠯᠠᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃︾ ᠭᠡᠵᠦ ᠲᠦᠴᠢᠦᠸᠠᠨ ᠪᠠᠯᠭᠠᠰᠤᠨ ᠤ ᠰᠢᠨ ᠱᠧᠩ ᠲᠣᠰᠬᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠵᠢᠶᠠ ᠨᠠᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号