ᠰᠤᠷᠤᠭᠴᠢᠳ ᠢ ᠠᠯᠪᠠᠳᠠᠵᠤ ᠪᠠᠶᠢᠭᠠᠳ ᠰᠤᠷᠭᠠᠭᠤᠯᠢ ᠶᠢᠨ ᠬᠤᠪᠴᠠᠰᠤ ᠬᠤᠳᠠᠯᠳᠤᠨ ᠠᠪᠤᠭᠤᠯᠵᠤ ᠪᠣᠯᠬᠤ ᠦᠭᠡᠢ᠂ ︽ᠬᠠᠭᠤᠴᠢᠨ ᠢᠶᠠᠷ ᠰᠢᠨ᠎ᠡ ᠶᠢ ᠰᠣᠯᠢᠵᠦ︾᠂ ︽ᠪᠠᠭ᠎ᠠ ᠪᠠᠷ ᠶᠡᠭᠡ ᠶᠢ ᠰᠣᠯᠢᠵᠦ︾ ᠪᠤᠯᠤᠨ᠎ᠠ︕
ᠨᠡᠶᠢᠲᠡᠯᠡᠭᠰᠡᠨ ᠴᠠᠭ᠄
2024/9/23
   ᠲᠦᠷᠦᠭᠦᠬᠡᠨ᠂ ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ᠂ ᠪᠡᠭᠡᠵᠢᠩ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠤᠪᠴᠠᠰᠤᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠤᠪᠴᠠᠰᠤ ᠨᠢ ᠰᠤᠷᠤᠭᠴᠢᠳ ᠤᠨ ᠰᠠᠶᠢᠨ ᠳᠤᠷ᠎ᠠ ᠠᠴᠠ ᠪᠠᠨ ᠬᠤᠳᠠᠯᠳᠤᠨ ᠠᠪᠬᠤ ᠵᠠᠷᠴᠢᠮ ᠢ ᠪᠠᠷᠢᠮᠲᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ ᠠᠴᠠ ᠭᠠᠳᠠᠨ᠎ᠠ᠂ ᠰᠤᠷᠭᠠᠭᠤᠯᠢ ᠨᠤᠭᠤᠳ ᠨᠢ ᠰᠤᠷᠤᠭᠴᠢᠳ ᠤᠨ ᠰᠤᠷᠭᠠᠭᠤᠯᠢ ᠶᠢᠨ ᠬᠤᠪᠴᠠᠰᠤ ᠶᠢ ᠡᠷᠭᠢᠯᠳᠦᠭᠦᠯᠦᠨ ᠬᠡᠷᠡᠭᠯᠡᠬᠦ ᠶᠢ ᠰᠦᠪᠡᠭᠴᠢᠯᠡᠵᠦ᠂ ᠰᠤᠷᠭᠠᠭᠤᠯᠢ ᠶᠢᠨ ᠬᠤᠪᠴᠠᠰᠤ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ᠂ ᠪᠠᠭ᠎ᠠ ᠪᠠᠷ ᠶᠡᠭᠡ ᠶᠢ ᠰᠣᠯᠢᠬᠤ ᠵᠡᠷᠭᠡ ᠡᠭᠡᠭᠦᠯᠦᠨ ᠬᠤᠷᠢᠶᠠᠵᠤ ᠠᠰᠢᠭᠯᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠢ ᠪᠠᠭᠠᠰᠬᠠᠵᠤ ᠪᠣᠯᠤᠨ᠎ᠠ ᠬᠡᠪᠡ᠃    ︽ᠰᠠᠨᠠᠯ︾ ᠳᠤ᠂ ᠳᠤᠮᠳᠠᠳᠤ ᠪᠠᠭ᠎ᠠ ᠰᠤᠷᠭᠠᠭᠤᠯᠢ ᠶᠠᠮᠠᠷᠪᠠ ᠠᠷᠭ᠎ᠠ ᠮᠠᠶ᠋ᠢᠭ ᠢᠶᠠᠷ ᠰᠤᠷᠤᠭᠴᠢ᠂ ᠭᠡᠷ ᠤᠨ ᠠᠬᠠᠮᠠᠳ ᠢ ᠠᠯᠪᠠᠳᠠᠵᠤ ᠪᠠᠶᠢᠭᠠᠳ ᠰᠤᠷᠭᠠᠭᠤᠯᠢ ᠶᠢᠨ ᠬᠤᠪᠴᠠᠰᠤ ᠬᠤᠳᠠᠯᠳᠤᠨ ᠠᠪᠤᠭᠤᠯᠬᠤ ᠪᠤᠶᠤ ᠪᠣᠷᠣᠯᠠᠭᠤᠯᠵᠤ ᠪᠣᠯᠬᠤ ᠦᠭᠡᠢ︔ ᠰᠤᠷᠤᠭᠴᠢᠳ ᠤᠨ ᠪᠠᠶᠢᠭ᠎ᠠ ᠰᠤᠷᠭᠠᠭᠤᠯᠢ ᠶᠢᠨ ᠢᠶᠠᠨ ᠬᠤᠪᠴᠠᠰᠤᠨ ᠤ ᠬᠡᠯᠪᠡᠷᠢ᠂ ᠥᠩᠭᠡ ᠶᠢᠨ ᠶᠣᠰᠣᠭᠠᠷ ᠰᠤᠷᠭᠠᠭᠤᠯᠢ ᠶᠢᠨ ᠬᠤᠪᠴᠠᠰᠤ ᠶᠢ ᠥᠪᠡᠰᠦᠪᠡᠨ ᠰᠣᠩᠭᠤᠨ ᠬᠤᠳᠠᠯᠳᠤᠨ ᠠᠪᠴᠤ᠂ ᠬᠢᠵᠦ ᠡᠮᠦᠰᠬᠦ ᠶᠢ ᠵᠥᠪᠰᠢᠶᠡᠷᠡᠨ᠎ᠡ᠃ ᠡᠯ᠎ᠡ ᠲᠣᠭᠤᠷᠢᠭ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠰᠤᠷᠭᠠᠭᠤᠯᠢ ᠶᠢᠨ ᠬᠤᠪᠴᠠᠰᠤ ᠬᠤᠨᠠᠷ ᠤᠨ ᠬᠠᠮᠢᠶᠠᠷᠤᠯᠲᠠ ᠪᠠ ᠬᠤᠳᠠᠯᠳᠤᠨ ᠠᠪᠬᠤ ᠠᠷᠭ᠎ᠠ ᠶᠢ ᠲᠣᠭᠲᠠᠭᠠᠵᠤ᠂ ᠰᠤᠷᠤᠭᠴᠢᠳ ᠤᠨ ᠰᠠᠶᠢᠨ ᠳᠤᠷ᠎ᠠ ᠶᠢᠨ ᠵᠠᠷᠴᠢᠮ ᠶᠣᠰᠣᠭᠠᠷ᠂ ᠲᠣᠰ ᠲᠣᠭᠤᠷᠢᠭ ᠤᠨ ᠰᠤᠷᠭᠠᠭᠤᠯᠢ ᠶᠢᠨ ᠬᠤᠪᠴᠠᠰᠤ ᠰᠣᠩᠭᠤᠨ ᠬᠡᠷᠡᠭᠯᠡᠬᠦ ᠬᠤᠳᠠᠯᠳᠤᠨ ᠠᠪᠬᠤ ᠵᠢᠷᠤᠮᠵᠢᠯ ᠤᠨ ᠴᠤᠪᠤᠷᠠᠯ ᠢ ᠲᠣᠭᠲᠠᠭᠠᠵᠤ᠂ ᠰᠤᠷᠭᠠᠭᠤᠯᠢ ᠶᠢᠨ ᠬᠤᠪᠴᠠᠰᠤ ᠬᠤᠨᠠᠷ ᠤᠨ ᠪᠠᠷᠢᠮᠵᠢᠶ᠎ᠠ ᠶᠢ ᠬᠡᠷᠡᠭᠵᠢᠭᠦᠯᠬᠦ᠂ ᠬᠤᠳᠠᠯᠳᠤᠨ ᠠᠪᠬᠤ ᠴᠠᠭ ᠤᠨ ᠬᠢᠵᠠᠭᠠᠷ ᠵᠢᠴᠢ ᠢᠵᠢ ᠲᠤᠭ᠎ᠠ᠂ ᠦᠨ᠎ᠡ ᠲᠣᠭᠲᠠᠭᠠᠬᠤ ᠲᠣᠭᠲᠠᠴᠠ᠂ ᠰᠦᠢᠳᠬᠡᠯ ᠬᠤᠷᠢᠶᠠᠬᠤ ᠱᠠᠭᠠᠷᠳᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠬᠤ ᠭᠡᠷᠡᠭᠳᠡᠢ ᠭᠡᠵᠦ ᠲᠤᠳᠤᠷᠬᠠᠢ ᠲᠤᠬᠳᠠᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号