ᠲᠦᠴᠢᠦᠸᠠᠨ ᠰᠢᠶᠠᠨ ᠤ ᠶᠦᠩ ᠠᠨ ᠪᠠᠯᠭᠠᠰᠤᠨ ᠤ ᠲᠠᠯᠠᠪᠠᠶ ᠶᠢᠨ ᠪᠥᠵᠢᠭ ᠤᠨ ᠤᠷᠤᠯᠳᠤᠭᠠᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠤᠭᠲᠤᠪᠠ
ᠨᠡᠶᠢᠲᠡᠯᠡᠭᠰᠡᠨ ᠴᠠᠭ᠄
2024/9/24
   ᠤᠢᠢᠷ᠎ᠠ ᠳᠤ᠂ ᠲᠦᠴᠢᠦᠸᠠᠨ ᠰᠢᠶᠠᠨ ᠤ ᠶᠦᠩ ᠠᠨ ᠪᠠᠯᠭᠠᠰᠤ ᠲᠠᠩᠰᠤᠭ ᠰᠠᠶᠢᠬᠠᠨ ᠤᠮᠠᠷᠠᠲᠤ ᠬᠢᠯᠢ·ᠰᠤᠶᠤᠯ ᠢᠶᠠᠷ ᠲᠦᠴᠢᠤᠸᠠᠨ ᠢ ᠤᠮᠳᠠᠯᠠᠬᠤ—— ᠤᠯᠤᠰ ᠤᠨ ᠪᠠᠶᠠᠷ ᠢ ᠤᠭᠲᠤᠵᠤ ᠡᠯᠪᠡᠭ ᠬᠤᠷᠢᠶᠠᠯᠲᠠ  ᠶᠢ ᠪᠡᠯᠭᠡᠯᠡᠬᠦ ᠵᠢᠴᠢ ᠶᠦᠩ ᠠᠨ ᠪᠠᠯᠭᠠᠰᠤᠨ ᠤ ᠳᠣᠯᠣᠳᠤᠭᠠᠷ ᠬᠤᠭᠤᠴᠠᠭᠠᠨ ᠤ ᠠᠭᠤᠳᠠᠮ ᠲᠠᠯᠠᠪᠠᠢ ᠶᠢᠨ ᠪᠥᠵᠢᠭ  ᠤᠨ ᠤᠷᠤᠯᠳᠤᠭᠠᠨ ᠥᠷᠨᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠨᠢᠭᠡ ᠲᠠᠩᠬᠢᠮ ᠳᠤ ᠴ᠊‍ᠤᠭᠯᠠᠷᠠᠵᠤ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠬᠠᠮᠲᠤ ᠪᠠᠷ ᠬᠤᠪᠢᠶᠠᠯᠴᠠᠪᠠ᠃
   ᠡᠬᠢᠯᠡᠯᠲᠡ ᠶᠢᠨ ᠪᠥᠵᠢᠭ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠪᠠᠷ ᠢᠷᠡᠭᠡᠳᠦᠢ ᠪᠠᠨ ᠵᠣᠷᠢᠶ᠎ᠠ︾ ᠭᠡᠬᠦ ᠪᠥᠵᠢᠭ ᠡᠬᠢᠯᠡᠬᠦ ᠶᠢ ᠳᠠᠭᠠᠯᠳᠤᠨ᠂ ᠤᠷᠤᠯᠳᠤᠭᠠᠨ ᠬᠥᠰᠢᠭᠡ ᠪᠠᠨ ᠰᠡᠬᠦᠵᠦ᠂ ᠶᠦᠩ ᠠᠨ ᠪᠠᠯᠭᠠᠰᠤᠨ ᠤ 17 ᠲᠣᠰᠬᠤᠨ ᠤ ᠠᠭᠤᠳᠠᠮ ᠲᠠᠯᠠᠪᠠᠢ ᠶᠢᠨ ᠪᠥᠵᠢᠭ ᠤᠨ ᠲᠥᠯᠥᠭᠡᠯᠡᠭᠴᠢᠳ ᠤᠨ ᠠᠩᠭᠢ ᠦᠩᠭᠡ ᠢᠯᠭᠠᠷᠠᠮ᠎ᠠ ᠬᠤᠪᠴᠠᠰᠤ ᠡᠮᠦᠰᠴᠦ᠂ ᠪᠠᠶᠠᠷ ᠬᠦᠷ ᠲᠠᠢ ᠠᠶᠢᠵᠠᠮ ᠴᠣᠬᠢᠯᠭ᠎ᠠ ᠪᠠᠷ ᠲᠠᠶᠢᠰᠠᠨ᠎ᠠ ᠭᠠᠷᠪᠠ᠃ ᠲᠡᠳᠡᠨ ᠤ ᠪᠥᠵᠢᠭ ᠤᠨ ᠬᠥᠳᠡᠯᠦᠯ ᠨᠢ ᠢᠷᠠᠭᠤ ᠰᠠᠶᠢᠬᠠᠨ᠂ ᠬᠥᠳᠡᠯᠭᠡᠭᠡᠨ ᠨᠢ ᠲᠠᠷᠢ ᠲᠡᠭᠰᠢ᠂ ᠲᠠᠯᠠᠪᠠᠢ ᠶᠢᠨ ᠪᠥᠵᠢᠭ ᠤᠨ ᠷᠢᠳᠢ ᠰᠢᠳᠢ ᠶᠢ ᠭᠦᠢᠴᠡᠳ ᠢᠯᠡᠷᠡᠭᠦᠯᠪᠡ᠃ ᠠᠭᠤᠳᠠᠮ ᠲᠠᠯᠠᠪᠠᠢ ᠶᠢᠨ ᠪᠥᠵᠢᠭ ᠤᠨ ᠲᠣᠭᠯᠠᠯᠲᠠ ᠠᠴᠠ ᠭᠠᠳᠠᠨ᠎ᠠ᠂ ᠠᠵᠢᠯᠯᠠᠭ᠎ᠠ ᠶᠢᠨ ᠳᠤᠮᠳᠠ ︽ᠠᠷᠢᠭᠤᠨ ᠲᠤᠩᠭᠠᠯᠠᠭ ᠬᠢᠩᠭᠠᠨ︾ ᠭᠡᠬᠦ ᠳᠠᠭᠤᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠶᠦᠩ ᠠᠨ︾ ᠭᠡᠬᠦ ᠠᠶᠢᠵᠠᠮ ᠴᠣᠬᠢᠯᠭ᠎ᠠ ᠲᠠᠢ ᠴᠠᠷᠭᠢᠯ ᠦᠯᠢᠭᠡᠷ ᠤᠨ ᠲᠣᠭᠯᠠᠯᠲᠠ᠂ ︽ᠡᠬᠡ ᠤᠯᠤᠰ ᠤᠨ ᠮᠠᠭᠲᠠᠭᠠᠯ︾ ᠵᠡᠷᠭᠡ ᠭᠤᠶᠢᠳᠠ ᠰᠠᠶᠢᠬᠠᠨ ᠭᠤᠷᠪᠠᠨ ᠪᠠᠳᠠᠭ ᠲᠣᠭᠯᠠᠯᠲᠠ ᠨᠢ ᠠᠬᠤᠢ ᠲᠠᠯᠠᠪᠠᠢ ᠶᠢᠨ ᠦᠵᠡᠭᠴᠢᠳ ᠤᠨ ᠬᠠᠷᠠᠭ᠎ᠠ ᠶᠢ ᠪᠠᠶᠠᠰᠬᠠᠵᠤ ᠴᠢᠬᠢ ᠶᠢ ᠪᠠᠶᠠᠰᠬᠠᠵᠤ᠂ ᠪᠠᠶᠠᠷ ᠬᠦᠷ ᠢᠶᠠᠷ ᠪᠢᠯᠬᠠᠭᠤᠯᠵᠤ᠂ ᠭᠠᠵᠠᠷ ᠪᠣᠯᠭᠠᠨ ᠳᠤ ᠡᠯᠪᠡᠭ ᠬᠤᠷᠢᠶᠠᠯᠲᠠ ᠶᠢᠨ ᠪᠠᠶᠠᠷ ᠪᠠᠶᠠᠰᠤᠯ ᠪᠠ ᠠᠮᠢᠳᠤᠷᠠᠯ ᠤᠨ ᠰᠠᠶᠢᠨ ᠰᠠᠶᠢᠬᠠᠨ ᠢᠶᠠᠷ ᠪᠢᠯᠬᠠᠭᠤᠯᠵᠠᠢ᠃
   ︽ᠡᠨᠡ ᠡᠳᠦᠷ ᠡᠯᠪᠡᠭ ᠬᠤᠷᠢᠶᠠᠯᠲᠠ ᠶᠢᠨ ᠪᠠᠶᠠᠷ ᠲᠤ ᠣᠷᠣᠯᠴᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠡᠨᠡ ᠪᠣᠯ ᠮᠠᠨ ᠤ ᠲᠠᠷᠢᠶᠠᠴᠢᠳ ᠤᠨ ᠪᠠᠶᠠᠷ ᠤᠨ ᠡᠳᠦᠷ ᠪᠣᠯᠤᠨ᠎ᠠ᠂ ᠡᠨᠡ ᠵᠢᠯ ᠤᠨ ᠬᠤᠷ᠎ᠠ ᠲᠣᠨᠣᠳᠠᠰᠤ ᠨᠡᠯᠢᠶᠡᠳ ᠰᠠᠶᠢᠨ᠂ ᠮᠠᠨ ᠤ ᠬᠢᠨ 200 ᠭᠠᠷᠤᠢ ᠮᠦ ᠲᠠᠷᠢᠶ᠎ᠠ ᠲᠠᠷᠢᠪᠠ᠂ ᠡᠨᠡ ᠵᠢᠯ ᠡᠯᠪᠡᠭ ᠬᠤᠷᠢᠶᠠᠯᠲᠠ ᠣᠯᠵᠠᠢ᠂ ᠢᠷᠡᠬᠦ ᠵᠢᠯ ᠤᠨ ᠬᠤᠷ᠎ᠠ ᠪᠣᠷᠣᠭᠠᠨ ᠲᠡᠭᠰᠢ ᠪᠠᠶᠢᠬᠤ ᠶᠢ ᠬᠦᠰᠡᠵᠦ ᠪᠠᠶᠢᠨ᠎ᠠ᠃︾ ᠭᠡᠵᠦ ᠶᠦᠩ ᠠᠨ ᠪᠠᠯᠭᠠᠰᠤᠨ ᠤ ᠺᠤᠤ ᠱᠠᠨ ᠲᠣᠰᠬᠤᠨ ᠤ ᠠᠷᠠᠳ ᠶᠠᠩ ᠯᠢ ᠵᠢᠤᠸᠠᠨ ᠬᠡᠯᠡᠪᠡ᠃
   ᠠᠵᠢᠯᠯᠠᠭ᠎ᠠ ᠨᠢ ᠡᠶ᠎ᠡ ᠨᠠᠶᠢᠷᠠᠮᠳᠠᠭᠤ ᠬᠥᠳᠡᠭᠡ ᠲᠣᠰᠬᠤᠨ ᠢᠶᠠᠷ ᠭᠤᠤᠯ ᠰᠢᠵᠢᠮ ᠪᠣᠯᠭᠠᠵᠤ᠂ ᠤᠯᠠᠮᠵᠢᠯᠠᠯᠲᠤ ᠰᠣᠶᠣᠯ᠂ ᠬᠥᠳᠡᠭᠡ ᠲᠣᠰᠬᠤᠨ ᠤ ᠠᠮᠲᠠᠲᠤ ᠢᠳᠡᠭᠡᠨ ᠢᠶᠠᠷ ᠠᠴᠢᠶᠠᠯᠠᠪᠤᠷᠢ ᠪᠣᠯᠭᠠᠵᠤ᠂ ᠲᠤᠬᠠᠶ ᠶᠢᠨ ᠲᠠᠯᠠᠪᠠᠶ ᠳᠤ ᠪᠠᠰᠠ ᠠᠮᠲᠠᠲᠤ ᠢᠳᠡᠭᠡᠨ ᠤ ᠦᠵᠡᠭᠦᠯᠭᠡ ᠶᠢᠨ ᠲᠣᠭᠤᠷᠢᠭ᠂ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ ᠢ ᠳᠣᠭᠢᠷᠠᠭᠤᠯᠪᠠ᠃ ᠲᠤᠬᠠᠶ ᠶᠢᠨ ᠭᠠᠵᠠᠷ ᠤᠨ ᠣᠨᠴᠠᠯᠢᠭ ᠲᠠᠢ ᠪᠠᠵᠠᠭᠠᠭᠰᠠᠨ ᠱᠥᠯᠥ᠂ ᠯᠠᠩᠭᠤᠸᠠ ᠵᠢᠩᠨᠡᠬᠦ ᠵᠡᠷᠭᠡ ᠠᠮᠲᠠᠲᠤ ᠢᠳᠡᠭᠡᠨ ᠨᠢ ᠬᠥᠮᠦᠰ ᠤᠨ ᠰᠢᠯᠦᠰᠦ ᠶᠢ ᠭᠤᠭᠤᠵᠢᠭᠤᠯᠵᠤ᠂ ᠪᠠᠰᠠ ᠲᠤᠬᠠᠶ  ᠶᠢᠨ ᠭᠠᠵᠠᠷ ᠤᠨ ᠣᠨᠴᠠ ᠭᠠᠷᠤᠯᠲᠠ ᠪᠠ ᠲᠠᠷᠢᠶᠠᠯᠠᠩ ᠤᠨ ᠪᠦᠲᠦᠭᠡᠭᠳᠡᠬᠦᠨ᠄ ᠶᠦᠩ ᠠᠨ ᠤ ᠲᠣᠮᠣ ᠰᠢᠳ᠂ ᠬᠠᠳᠠᠭᠠᠭᠰᠠᠨ ᠯᠤᠤᠪᠠᠩ᠂ ᠰᠢᠨ᠎ᠡ ᠰᠤᠷᠭᠤᠭ ᠡᠷᠳᠡᠨᠢ ᠰᠢᠰᠢ ᠵᠡᠷᠭᠡ ᠳᠡᠯᠭᠡᠨ ᠦᠵᠡᠭᠦᠯᠬᠦ ᠵᠦᠶᠯᠡᠰ ᠨᠢ ᠬᠥᠮᠦᠰ ᠤᠨ ᠬᠠᠷᠠᠭ᠎ᠠ ᠶᠢ ᠪᠠᠶᠠᠰᠬᠠᠵᠤ᠂ ᠲᠤᠬᠠᠶ ᠶᠢᠨ ᠭᠠᠵᠠᠷ ᠤᠨ ᠲᠠᠷᠢᠶᠠᠯᠠᠩ ᠤᠨ ᠬᠥᠭᠵᠢᠯᠲᠡ ᠶᠢᠨ ᠡᠯᠪᠡᠭ ᠪᠠᠶᠠᠯᠢᠭ ᠦᠷ᠎ᠡ ᠪᠦᠲᠦᠭᠡᠯ ᠪᠠ ᠲᠠᠷᠢᠶᠠᠴᠢᠳ ᠤᠨ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠶᠢ ᠭᠦᠶᠴᠡᠳ ᠢᠯᠡᠷᠡᠭᠦᠯᠪᠡ᠃
    ︽ᠡᠯᠪᠡᠭ ᠬᠤᠷᠢᠶᠠᠯᠲᠠ ᠶᠢᠨ ᠪᠠᠶᠠᠷ ᠪᠣᠯ ᠮᠠᠨ ᠤ ᠲᠠᠷᠢᠶᠠᠴᠢᠳ ᠤᠨ ᠪᠠᠶᠠᠷ ᠤᠨ ᠡᠳᠦᠷ ᠮᠥᠨ᠂ ᠪᠢᠳᠡ ᠠᠳᠡ ᠴᠤᠭᠯᠠᠷᠠᠵᠤ ᠡᠯᠪᠡᠭ ᠬᠤᠷᠢᠶᠠᠯᠲᠠ ᠶᠢ ᠬᠠᠮᠲᠤ ᠪᠠᠷ ᠪᠡᠯᠭᠡᠯᠡᠬᠦ ᠪᠣᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠥᠨᠥᠳᠦᠷ ᠰᠠᠶᠢᠬᠠᠨ ᠲᠠᠯᠠᠪᠠᠢ ᠶᠢᠨ ᠪᠥᠵᠢᠭ ᠢ ᠰᠤᠨᠢᠷᠬᠠᠭᠰᠠᠨ ᠪᠠᠶᠢᠨ᠎ᠠ᠂ ᠪᠠᠰᠠ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠪᠢᠳᠡᠨ ᠳᠤ ᠲᠦᠷᠭᠡᠨ ᠠᠪᠤᠷᠠᠯᠲᠠ ᠶᠢᠨ ᠮᠡᠳᠡᠯᠭᠡ ᠶᠢ ᠶᠠᠷᠢᠵᠤ ᠥᠭᠴᠦ᠂ ᠣᠨᠴᠠᠯᠢᠭ ᠲᠠᠢ ᠠᠮᠲᠠᠲᠤ ᠢᠳᠡᠭᠡᠨ ᠢᠳᠡᠵᠦ ᠲᠤᠩ ᠪᠠᠶᠠᠷᠲᠠᠢ ᠪᠠᠶᠢᠨ᠎ᠠ᠃︾ ᠭᠡᠵᠦ ᠶᠦᠩ ᠠᠨ ᠪᠠᠯᠭᠠᠰᠤᠨ ᠤ ᠶᠦᠩ ᠠᠨ ᠲᠣᠰᠬᠤᠨ ᠤ ᠠᠷᠠᠳ ᠸᠠᠩ ᠰᠢᠶᠤᠤ ᠵᠢᠶᠧ ᠬᠡᠯᠡᠪᠡ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠪᠯᠡᠯ ᠤᠨ ᠰᠢᠶᠠᠨ ᠤ ᠬᠤᠷᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠶᠦᠩ ᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠵᠦ᠂ ᠥᠷᠭᠡᠨ ᠣᠯᠠᠨ ᠲᠦᠮᠡᠨ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠰᠠᠶᠢᠨ ᠳᠤᠷᠠᠴᠤᠳ ᠡᠭᠦᠨ ᠳᠤ ᠣᠷᠣᠯᠴᠠᠵᠤ᠂ ᠠᠵᠢᠯᠯᠠᠭ᠎ᠠ ᠨᠢ ᠡᠴᠦᠰ ᠲᠡᠭᠡᠨ ᠠᠨᠠᠷ ᠤᠨ ᠦᠷ᠎ᠡ ᠶᠢᠨ ᠬᠡᠷ ᠪᠦᠯᠢ᠂ ᠬᠠᠮᠤᠭ ᠤᠨ ᠭᠤᠶᠣ ᠰᠠᠶᠢᠨ ᠳᠤᠷᠠᠴᠤᠳ᠂ ᠲᠠᠯᠠᠪᠠᠶ ᠶᠢᠨ ᠪᠥᠵᠢᠭ ᠤᠨ ᠲᠥᠯᠥᠭᠡᠯᠡᠭᠴᠢᠳ ᠤᠨ ᠠᠩᠭᠢ ᠵᠡᠷᠭᠡ ᠳᠤ ᠢᠷᠠᠭᠤ ᠠᠯᠳᠠᠷ ᠤᠨ ᠦᠨᠡᠮᠯᠡᠯ ᠵᠢᠴᠢ ᠱᠠᠩᠨᠠᠯ ᠤᠨ ᠬᠤᠨᠳᠠᠭ᠎ᠠ ᠣᠯᠭᠤᠵᠠᠶ᠃ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠰᠠᠶᠢᠨ ᠰᠠᠶᠢᠬᠠᠨ ᠵᠢᠷᠤᠭ ᠲᠥᠰᠦᠪ ᠢ ᠬᠠᠷᠠᠭᠤᠯᠤᠭᠰᠠᠨ ᠢᠶᠠᠷ ᠪᠠᠷᠠᠬᠤ ᠦᠬᠡᠢ᠂ ᠪᠠᠰᠠ ᠥᠳᠬᠡᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠠᠭᠤᠰᠬᠠᠵᠤ᠂ ᠬᠥᠮᠦᠰ ᠲᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠬᠦᠷᠲᠡᠭᠡᠬᠦ ᠶᠢᠨ ᠬᠠᠮᠲᠤ᠂ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠤᠢᠢᠯᠠᠭᠠᠭᠤᠯᠪᠠ᠃
    ︽ᠠᠭᠤᠳᠠᠮ ᠲᠠᠯᠠᠪᠠᠢ ᠶᠢᠨ ᠪᠥᠵᠢᠭ ᠤᠨ ᠬᠡᠯᠪᠡᠷᠢ ᠪᠠᠷ ᠡᠯᠪᠡᠭ ᠬᠤᠷᠢᠶᠠᠯᠲᠠ ᠶᠢᠨ ᠪᠠᠶᠠᠷ ᠲᠤ ᠣᠷᠣᠯᠴᠠᠭᠰᠠᠨ  ᠳᠠᠭᠠᠨ ᠮᠠᠰᠢ ᠪᠠᠶᠠᠷᠯᠠᠵᠤ ᠪᠠᠶᠢᠨ᠎ᠠ᠂ ᠡᠨᠡ ᠤᠳᠠᠭ᠎ᠠ ᠮᠠᠨ ᠤ ᠪᠦᠯᠬᠦᠮ ᠨᠢᠭᠡᠳᠦᠭᠡᠷ ᠲᠤ ᠲᠤᠳᠤᠷᠠᠵᠦ᠂ ᠪᠢᠳᠡ ᠲᠠᠷᠢᠶᠠᠴᠢᠨ ᠲᠦᠮᠡᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠭᠦᠨᠵᠡᠭᠡᠢ ᠮᠡᠳᠡᠷᠡᠪᠡ᠂ ᠡᠨᠡ ᠪᠣᠯ ᠮᠠᠰᠢ ᠤᠳᠬ᠎ᠠ ᠠᠭᠤᠯᠭ᠎ᠠ ᠲᠠᠢ ᠠᠵᠢᠯᠯᠠᠭ᠎ᠠ ᠪᠣᠯᠤᠨ᠎ᠠ᠂ ᠢᠷᠡᠭᠡᠳᠦᠢ ᠳᠤ ᠪᠠᠰᠠ ᠨᠡᠩ ᠤᠯᠠᠨ ᠡᠶᠢᠮᠦᠷᠬᠦᠦ ᠠᠵᠢᠯᠯᠠᠭ᠎ᠠ ᠡᠷᠬᠢᠯᠡᠵᠦ᠂ ᠨᠡᠩ ᠤᠯᠠᠨ ᠬᠥᠮᠦᠰ ᠲᠤ ᠲᠠᠷᠢᠶᠠᠯᠠᠬᠤ ᠰᠣᠶᠣᠯ ᠢ ᠤᠢᠢᠯᠠᠭᠠᠭᠤᠯᠵᠤ ᠲᠡᠭᠦᠨ ᠳᠤ  ᠤᠷᠤᠯᠴᠠᠬᠤ ᠶᠢ ᠬᠦᠰᠡᠵᠦ ᠪᠠᠶᠢᠨ᠎ᠠ᠃︾ ᠭᠡᠵᠦ ᠶᠦᠩ ᠠᠨ ᠪᠠᠯᠭᠠᠰᠤᠨ ᠤ ᠶᠦᠩ ᠳ᠋ᠧ ᠲᠣᠰᠬᠤᠨ ᠤ ᠠᠭᠤᠳᠠᠮ ᠲᠠᠯᠠᠪᠠᠢ ᠶᠢᠨ ᠪᠥᠵᠢᠭ ᠤᠨ ᠲᠥᠯᠥᠭᠡᠯᠡᠭᠴᠢᠳ ᠤᠨ ᠠᠩᠬᠢ ᠶᠢᠨ ᠳᠠᠷᠤᠭ᠎ᠠ ᠵᠧᠦ ᠱᠤ᠋ ᠶᠢᠩ ᠬᠡᠯᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号