ᠪᠤᠤ ᠱᠢ ᠪᠠᠯᠭᠠᠰᠤ ︽ᠭᠤᠷᠪᠠ ᠶᠢ ᠨᠡᠮᠡᠬᠦ ᠠᠷᠭ᠎ᠠ︾ ᠪᠠᠷ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠯᠠᠪᠳᠠᠭᠤᠨ ᠪᠠᠳᠤᠳᠠᠢ ᠦᠷᠨᠢᠭᠦᠯᠪᠡ
ᠨᠡᠶᠢᠲᠡᠯᠡᠭᠰᠡᠨ ᠴᠠᠭ᠄
2024/9/24
   ᠨᠠᠮᠤᠷ ᠠᠴᠠ ᠨᠠᠰᠢ᠂ ᠴᠠᠭ ᠠᠭᠤᠷ ᠠᠭᠠᠵᠢᠮ ᠢᠶᠠᠷ ᠭᠠᠩ ᠬᠠᠭᠤᠷᠠᠶ ᠪᠣᠯᠵᠣ᠂ ᠶᠡᠭᠡ ᠰᠠᠯᠬᠢ ᠲᠠᠰᠤᠷᠠᠯᠲᠠ ᠥᠬᠡᠶ ᠨᠡᠮᠡᠭᠳᠡᠬᠦ ᠶᠢ ᠳᠠᠭᠠᠯᠳᠤᠨ᠂ ᠣᠳᠣᠬᠠᠨ ᠳᠤ ᠣᠶ ᠰᠢᠭᠤᠶ ᠶᠢᠨ ᠲᠦᠶᠮᠡᠷ ᠢ ᠰᠡᠷᠭᠡᠶᠢᠯᠡᠬᠦ ᠰᠡᠷᠡᠮᠵᠢ ᠶᠢᠨ ᠳᠣᠬᠢᠶ᠎ᠠ ᠦᠷᠭᠦᠯᠵᠢᠯᠡᠨ ᠳᠡᠭᠡᠭᠰᠢᠯᠡᠵᠦ ᠪᠠᠶᠢᠨ᠎ᠠ᠂ ᠤᠷᠢᠳᠴᠢᠯᠠᠨ ᠮᠡᠳᠡᠵᠦ ᠪᠣᠯᠬᠤ ᠪᠠ ᠤᠷᠢᠳᠴᠢᠯᠠᠨ ᠮᠡᠳᠡᠵᠦ ᠪᠣᠯᠬᠤ ᠥᠬᠡᠶ ᠡᠯ᠎ᠡ ᠵᠦᠶᠯ ᠤᠨ ᠲᠦᠶᠮᠡᠷ ᠤᠨ ᠪᠠᠶᠢᠳᠠᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠪᠤᠤ ᠱᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠭᠡ ᠲᠠᠯ᠎ᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠨᠢᠭᠡᠳᠦᠯᠲᠡᠶ ᠲᠥᠯᠥᠪᠵᠢᠭᠦᠯᠦᠨ ᠰᠤᠳᠤᠯᠤᠨ ᠮᠠᠭᠠᠳᠯᠠᠬᠤ᠂ ᠰᠢᠰᠲ᠋ᠧᠮ ᠲᠠᠢ ᠡᠮᠬᠢᠯᠡᠬᠦ ᠪᠠᠷ ᠳᠠᠮᠵᠢᠭᠤᠯᠤᠨ᠂ ︽ᠭᠤᠷᠪᠠ ᠶᠢ ᠨᠡᠮᠡᠬᠦ ᠠᠷᠭ᠎ᠠ︾ ᠪᠠᠷ ᠨᠠᠮᠤᠷ ᠤᠨ ᠤᠯᠠᠷᠢᠯ ᠤᠨ ᠲᠦᠶᠮᠡᠷ ᠢ ᠰᠡᠷᠭᠡᠶᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠦᠨᠳᠦᠰᠦᠨ ᠣᠶᠢᠯᠠᠭᠠᠭᠳᠠᠬᠤᠨ ᠢ ᠢᠮᠠᠭᠲᠠ ᠦᠶᠯᠡᠳᠦᠯᠭᠡᠵᠢᠭᠦᠯᠪᠡ᠃    ︽ᠵᠣᠬᠢᠶᠠᠨ ᠪᠠᠶᠢᠭᠤᠯᠵᠤ ᠵᠣᠬᠢᠴᠠᠭᠤᠯᠬᠤ + ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠬᠤ︾ ᠨᠢ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠨᠡᠩ ᠲᠣᠳᠣᠷᠬᠠᠢ ᠪᠣᠯᠭᠠᠪᠠ᠃ ᠪᠤᠤ ᠱᠢ ᠪᠠᠯᠭᠠᠰᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠣᠳᠣᠬᠠᠨ ᠤ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠦᠨᠳᠦ ᠨᠣᠴᠢᠲᠠᠶ ᠴᠢᠨᠠᠷ ᠪᠣᠯᠤᠨ ᠪᠠᠴᠢᠮ ᠲᠤᠯᠭᠠᠮ ᠴᠢᠨᠠᠷ ᠢ ᠭᠦᠶᠴᠡᠳ ᠲᠠᠨᠢᠵᠤ᠂ ᠲᠦᠶᠮᠡᠷ ᠢ ᠰᠡᠷᠭᠡᠶᠢᠯᠡᠨ ᠤᠨᠲᠠᠷᠠᠭᠠᠬᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠬᠠᠮᠢᠶ᠎ᠠ ᠪᠥᠬᠦᠶ ᠠᠵᠢᠯ ᠤᠨ ᠵᠣᠷᠢᠭ ᠰᠠᠨᠠᠭ᠎ᠠ ᠵᠢᠭᠠᠪᠤᠷᠢ  ᠶᠢ ᠤᠯᠠᠮᠵᠢᠯᠠᠵᠤ᠂ ᠪᠠᠯᠭᠠᠰᠤᠨ ᠤ ᠺᠠᠳ᠋ᠷ᠂ ᠲᠣᠰᠬᠤᠨ ᠤ ︽ᠬᠤᠶᠠᠷ ᠵᠥᠪᠯᠡᠯ︾᠂ ᠣᠶ ᠰᠢᠭᠤᠶ ᠬᠠᠮᠠᠭᠠᠯᠠᠭᠴᠢ ᠵᠡᠷᠭᠡ 170 ᠭᠠᠷᠤᠶ ᠬᠥᠮᠦᠨ ᠢ ᠵᠣᠬᠢᠶᠠᠨ ᠪᠠᠶᠢᠭᠤᠯᠤᠨ ᠤᠷᠢᠶᠠᠯᠠᠵᠤ᠂ ᠲᠦᠶᠮᠡᠷ ᠢ ᠰᠡᠷᠭᠡᠶᠢᠯᠡᠨ ᠤᠨᠲᠠᠷᠠᠭᠠᠬᠤ 16 ᠪᠠᠭ᠎ᠠ ᠠᠩᠭᠢ ᠪᠠᠶᠢᠭᠤᠯᠵᠤ᠂ ᠡᠩᠨᠡᠭᠡᠨ ᠤ ᠪᠠᠶᠢᠭᠤᠯᠤᠯᠲᠠ ᠶᠢ ᠪᠤᠵᠠᠭᠠᠶᠢᠷᠠᠭᠤᠯᠵᠤ᠂ ᠠᠵᠢᠯᠲᠠᠨ ᠭᠦᠶᠴᠡᠳ ᠪᠠᠶᠢᠬᠤ  ᠶᠢ ᠪᠠᠲᠤᠯᠠᠪᠠ᠃ ᠡᠭᠦᠨ ᠤ ᠬᠠᠮᠲᠤ᠂ ᠬᠤᠷᠠᠯ ᠳᠡᠭᠡᠷ᠎ᠡ ᠭᠠᠯ ᠰᠡᠷᠭᠡᠶᠢᠯᠡᠬᠦ ᠳᠠᠭᠠᠭᠠᠴᠢᠯᠠᠯᠲᠠ ᠶᠢᠨ ᠬᠡᠰᠡᠭ ᠶᠢᠨ ᠬᠠᠷᠢᠯᠴᠠᠬᠤ ᠬᠥᠮᠦᠨ ᠤ ᠨᠡᠷᠡᠰ ᠢ ᠲᠣᠳᠣᠷᠬᠠᠶᠢᠯᠠᠵᠤ᠂ ᠪᠠᠯᠭᠠᠰᠤ᠂ ᠲᠣᠰᠬᠤᠨ᠂ ᠠᠶᠢᠯ ᠭᠤᠷᠪᠠᠨ ᠱᠠᠲᠤ ᠪᠠᠷ ᠳᠠᠭᠠᠭᠠᠴᠢᠯᠠᠬᠤ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯ ᠤᠨ ᠬᠤᠪᠢᠶᠠᠷᠢᠯᠠᠯ ᠢ ᠲᠣᠭᠲᠠᠭᠠᠨ᠎ᠠ᠃ ᠺᠠᠳ᠋ᠷ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ ᠦᠨᠡᠨ ᠬᠦ ᠴᠢᠩᠭᠠᠳᠬᠠᠨ᠎ᠠ᠃
   ︽ᠤᠬᠠᠭᠤᠯᠵᠤ ᠬᠥᠲᠥᠯᠥᠨ ᠵᠢᠯᠣᠭᠤᠳᠬᠤ + ᠣᠨᠣᠯ ᠤᠨ ᠤᠬᠠᠭᠤᠯᠭ᠎ᠠ︾ ᠨᠢ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠨᠠᠩ ᠭᠦᠨᠵᠡᠭᠡᠶᠢᠷᠡᠭᠦᠯᠪᠡ᠃ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠬᠥᠮᠦᠰ  ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠃ ᠪᠤᠤ ᠱᠢ ᠪᠠᠯᠭᠠᠰᠤ ᠨᠢᠭᠡ ᠲᠠᠯ᠎ᠠ ᠪᠠᠷ ︽ᠨᠠᠮ ᠤᠯᠠᠨ ᠲᠦᠮᠡᠨ ᠰᠡᠳᠬᠢᠯ ᠵᠢᠷᠦᠬᠡ ᠪᠠᠨ ᠬᠤᠯᠪᠣᠬᠤ︾ ᠸᠢᠴᠠᠲ ᠶᠢᠨ ᠬᠤᠯᠪᠣᠭ᠎ᠠ᠂ ᠨᠡᠭᠦᠳᠡᠯ ᠤᠬᠠᠭᠤᠯᠭ᠎ᠠ ᠶᠢᠨ ᠲᠡᠷᠭᠡ᠂ ︽ᠲᠣᠰᠬᠤᠨ ᠪᠣᠯᠭᠠᠨ ᠳᠤᠤᠭᠠᠷᠬᠤ︾ ᠲᠤᠮᠤ ᠪᠦᠷᠢᠶ᠎ᠡ ᠵᠡᠷᠭᠡ ᠠᠷᠭ᠎ᠠ ᠬᠡᠯᠪᠡᠷᠢ ᠪᠠᠷ ᠴᠠᠭ ᠠᠭᠤᠷ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠤᠷᠢᠳᠴᠢᠯᠠᠨ ᠰᠡᠷᠡᠮᠵᠢᠯᠡᠭᠦᠯᠬᠦ᠂ ᠢᠯᠡ ᠭᠠᠯ ᠠᠪᠴᠤ ᠶᠠᠪᠤᠬᠤ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠵᠡᠷᠭᠡ ᠮᠡᠳᠡᠭᠡ ᠵᠠᠩᠭᠢ ᠶᠢ ᠤᠬᠠᠭᠤᠯᠤᠨ ᠲᠦᠭᠡᠮᠡᠯᠵᠢᠭᠦᠯᠵᠦ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠵᠤᠬᠢᠰ ᠦᠭᠡᠢ ᠠᠵᠢᠯᠯᠠᠭ᠎ᠠ ᠶᠢ ᠵᠠᠯᠠᠷᠠᠭᠤᠯᠪᠠ᠃ ᠡᠭᠦᠨ ᠤ ᠬᠠᠮᠲᠤ᠂ ᠭᠤᠤᠯᠳᠠᠯᠭ᠎ᠠ ᠲᠠᠢ ᠠᠶᠢᠯ ᠲᠣᠰᠬᠤᠨ ᠤ ᠵᠠᠮ ᠤᠨ ᠠᠭᠤᠯᠵᠠᠷ ᠲᠤ 11 ᠭᠠᠵᠠᠷ ᠲᠤ ᠭᠠᠯ ᠰᠡᠷᠭᠡᠶᠢᠯᠡᠬᠦ ᠬᠥᠨᠳᠡᠯᠡᠨ ᠪᠢᠴᠢᠭᠡᠰᠦ ᠨᠠᠭᠠᠵᠤ᠂ 10 ᠭᠠᠷᠤᠶ ᠭᠠᠯ ᠰᠡᠷᠭᠡᠶᠢᠯᠡᠬᠦ ᠲᠤᠭ ᠢ ᠲᠣᠬᠢᠷᠠᠭᠤᠯᠵᠠᠶ᠃ ᠨᠥᠭᠦᠭᠡ ᠲᠠᠯ᠎ᠠ ᠪᠠᠷ᠂ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢᠨ ᠲᠥᠯᠥᠭᠡ᠂ ᠪᠤᠤ ᠱᠢ ᠪᠠᠯᠭᠠᠰᠤ ᠰᠢᠨ᠎ᠡ ᠴᠠᠭ ᠦᠶ᠎ᠡ  ᠶᠢᠨ ᠪᠣᠯᠪᠠᠰᠤᠨ ᠤ ᠦᠶᠯᠡᠳᠦᠯᠭᠡ ᠳᠤ ᠲᠦᠰᠢᠭᠯᠡᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠬᠤᠷᠠᠯ ᠬᠢᠵᠦ᠂ ᠬᠢᠯᠪᠠᠷ ᠣᠶᠢᠯᠠᠭᠠᠮᠵᠢᠲᠠᠶ ᠬᠡᠷᠡᠭ ᠤᠨ ᠵᠢᠱᠢᠶ᠎ᠡ ᠪᠠ ᠥᠯᠢᠭᠡᠷ ᠢ ᠦᠨᠳᠦᠰᠦᠯᠡᠨ ᠲᠣᠰᠬᠤᠨ ᠤ ᠠᠷᠠᠳ ᠲᠤ ᠲᠦᠶᠮᠡᠷ ᠢ ᠰᠡᠷᠭᠡᠶᠢᠯᠡᠨ ᠤᠨᠲᠠᠷᠠᠭᠠᠬᠤ ᠮᠡᠳᠡᠯᠭᠡ ᠶᠢ ᠤᠯᠠᠮᠵᠢᠯᠠᠵᠤ᠂ ᠣᠲᠣ ᠪᠣᠯᠲᠠᠯ᠎ᠠ ᠨᠡᠶᠢᠲᠡ 7 ᠤᠳᠠᠭ᠎ᠠ ᠥᠷᠨᠢᠭᠦᠯᠵᠦ᠂ 980 ᠭᠠᠷᠤᠶ ᠣᠯᠠᠨ ᠲᠦᠮᠡᠨ ᠳᠤ ᠠᠰᠢᠭ ᠬᠦᠷᠲᠡᠭᠡᠪᠡ᠃
   ︽ᠪᠠᠴᠢᠮ ᠪᠠᠶᠢᠳᠠᠯ ᠢ ᠠᠷᠭᠠᠴᠠᠭᠠᠬᠤ + ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ︾  ᠨᠢ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠨᠠᠩ ᠪᠠᠲᠤᠯᠠᠭ᠎ᠠ ᠲᠠᠢ  ᠪᠤᠯᠭᠠᠪᠠ᠃ ᠭᠠᠯ ᠰᠡᠷᠭᠡᠶᠢᠯᠡᠬᠦ ᠠᠵᠢᠯ ᠨᠠᠩ ᠯᠠᠪᠳᠠᠭᠤᠨ ᠪᠠᠲᠤᠲᠠᠶ᠂ ᠭᠠᠯ ᠰᠡᠷᠭᠡᠶᠢᠯᠡᠬᠦ ᠡᠩᠨᠡᠭᠡ ᠨᠠᠩ ᠲᠤᠰᠬᠠᠶ ᠮᠡᠷᠭᠡᠵᠢᠯ ᠲᠠᠢ ᠪᠣᠯᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠪᠤᠤ ᠱᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠯᠭᠠᠰᠤ ᠲᠣᠰᠬᠤᠨ ᠬᠤᠶᠠᠷ ᠱᠠᠲᠤᠨ ᠤ ᠡᠩᠨᠡᠭᠡ ᠳᠤ ᠰᠢᠰᠲ᠋ᠧᠮᠲᠦ ᠪᠣᠯᠪᠠᠰᠤᠷᠠᠯ ᠬᠢᠵᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠬᠡᠷᠡᠭᠯᠡᠯᠲᠡ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠮᠡᠳᠡᠯᠭᠡ᠂ ᠲᠣᠰ ᠪᠡᠶ᠎ᠡ ᠶᠢᠨ ᠠᠮᠤᠷ ᠲᠦᠪᠰᠢᠨ  ᠤ ᠪᠠᠲᠤᠯᠠᠭ᠎ᠠ ᠵᠡᠷᠭᠡ ᠲᠠᠯ᠎ᠠ ᠶᠢᠨ ᠲᠣᠭᠤᠷᠢᠨ ᠳᠤ ᠨᠠᠷᠢᠨ ᠨᠢᠮᠪᠠᠶ ᠪᠣᠯᠪᠠᠰᠤᠷᠠᠯ ᠥᠷᠨᠢᠭᠦᠯᠵᠦ᠂ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠭᠠᠯ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠬᠤ ᠳᠠᠭᠤᠷᠢᠶᠠᠮᠠᠯ ᠪᠣᠯᠪᠠᠰᠤᠷᠠᠯ ᠥᠷᠨᠢᠭᠦᠯᠵᠦ᠂ ᠦᠷ᠎ᠡ ᠪᠦᠲᠦᠭᠡᠯ ᠢ ᠰᠢᠯᠭᠠᠨ ᠪᠠᠶᠢᠴᠠᠭᠠᠪᠠ᠃ ᠡᠭᠦᠨ ᠠᠴᠠ ᠭᠠᠳᠠᠨ᠎ᠠ᠂ ᠡᠯ᠎ᠡ ᠲᠣᠰᠬᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠵᠢᠵᠢᠭᠦᠷᠯᠡᠬᠦ ᠲᠦᠷᠢᠮ ᠪᠠᠶᠢᠭᠤᠯᠵᠤ᠂ ᠲᠣᠰᠬᠤᠨ ᠤ ᠱᠦᠵᠢ ᠨᠢᠭᠡᠳᠦᠭᠡᠷ ᠬᠠᠷᠢᠭᠤᠴᠠᠯᠭᠠᠲᠠᠨ ᠪᠣᠯᠵᠣ᠂ ᠭᠠᠷᠠᠭ ᠪᠦᠷᠢ ᠪᠠᠶᠢᠩᠭᠤ ᠵᠢᠵᠢᠭᠦᠷᠯᠡᠨ ᠰᠠᠬᠢᠬᠤ ᠶᠢ ᠦᠨᠡᠨ ᠬᠦ ᠪᠠᠲᠤᠯᠠᠬᠤ ᠶᠢᠨ ᠬᠠᠮᠲᠤ ᠲᠣᠰᠬᠤᠨ ᠤ ︽ᠬᠤᠶᠠᠷ ᠵᠥᠪᠯᠡᠯ︾᠂ ᠨᠢᠭᠡᠳᠦᠯ ᠤᠨ ᠳᠠᠷᠤᠭ᠎ᠠ᠂ ᠣᠶ ᠰᠢᠭᠤᠶ ᠬᠠᠮᠠᠭᠠᠯᠠᠭᠴᠢ ᠵᠡᠷᠭᠡ ᠬᠥᠮᠦᠰ ᠢ ᠳᠠᠶᠢᠴᠢᠯᠠᠨ ᠭᠠᠯ ᠰᠡᠷᠭᠡᠶᠢᠯᠡᠬᠦ ᠭᠤᠤᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠨ ᠪᠠᠶᠢᠩᠭᠤ ᠲᠣᠭᠤᠷᠢᠨ ᠴᠠᠭᠳᠠᠵᠤ ᠵᠢᠵᠢᠭᠦᠷᠯᠡᠨ ᠰᠠᠬᠢᠵᠤ᠂ ᠡᠰᠢ ᠰᠦᠷᠡᠯ ᠢ ᠰᠢᠲᠠᠭᠠᠬᠤ ᠵᠢᠴᠢ ᠢᠯᠡ ᠭᠠᠯ ᠠᠪᠴᠤ ᠶᠠᠪᠤᠭ᠎ᠠ ᠲᠣᠰᠬᠤᠨ ᠤ ᠠᠷᠠᠳ ᠢ ᠢᠳᠬᠠᠨ ᠪᠤᠴᠠᠭᠠᠵᠤ᠂ ᠠᠶᠤᠯ ᠲᠦᠭᠰᠢᠭᠦᠷᠢ ᠡᠭᠦᠰᠬᠦ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠨᠠᠮᠤᠷ  ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠨᠠᠩ ᠪᠠᠲᠤᠯᠠᠭ᠎ᠠ ᠲᠠᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号