ᠬᠠᠪᠤᠷ ᠨᠢᠭᠡ ᠮᠥᠬᠦᠯᠢᠭ ᠲᠠᠷᠢᠪᠠᠯ᠂ ᠨᠠᠮᠤᠷ ᠲᠦᠮᠡᠨ ᠮᠥᠬᠦᠯᠢᠭ ᠬᠤᠷᠢᠶᠠᠨ᠎ᠠ᠃ ᠬᠢᠩᠭᠠᠨ ᠠᠶᠢᠮᠠᠭ ᠤᠨ | ᠲᠦᠴᠢᠦᠸᠠᠨ ᠰᠢᠶᠠᠨ ᠤ 5.32 ᠲᠦᠮᠡᠨ ᠮᠦ ᠨᠠᠷᠢᠮᠤ ᠨᠠᠮᠤᠷ ᠤᠨ ᠬᠤᠷᠢᠶᠠᠯᠲᠠ ᠶᠢᠨ ᠤᠯᠠᠷᠢᠯ ᠢᠶᠠᠨ ᠤᠭᠲᠤᠵᠤ᠂ | ᠲᠠᠷᠢᠶᠠᠴᠢᠳ ᠲᠤᠩᠭᠠᠯᠠᠭ ᠰᠠᠶᠢᠬᠠᠨ ᠴᠠᠭ ᠠᠭᠤᠷ ᠢ ᠵᠠᠪᠳᠤᠨ ᠬᠠᠳᠤᠵᠤ ᠬᠤᠷᠢᠶᠠᠵᠤ᠂ ᠲᠠᠷᠢᠶᠠᠨ ᠠᠵᠢᠯ ᠳᠠᠭᠠᠨ | ᠶᠠᠭᠠᠷᠠᠯᠳᠤᠨ᠎ᠠ᠃ | 9 ᠰᠠᠷ᠎ᠠ ᠶᠢᠨ 9 ᠤ ᠡᠳᠦᠷ᠂ ᠲᠦᠴᠢᠦᠸᠠᠨ ᠰᠢᠶᠠᠨ ᠤ ᠶᠠᠨ ᠯᠢᠶᠠᠩ ᠲᠠᠷᠢᠶᠠᠯᠠᠩ ᠤᠨ ᠮᠠᠰᠢᠨᠴᠢᠯᠠᠭᠰᠠᠨ | ᠲᠠᠷᠢᠮᠠᠯ ᠤᠨ ᠲᠤᠰᠬᠠᠶ ᠬᠤᠷᠰᠢᠶ᠎ᠠ ᠶᠢᠨ ᠨᠠᠶᠢᠳᠠᠨᠬᠠᠮᠢᠶᠠᠷᠵᠤ ᠲᠠᠷᠢᠭᠰᠠᠨ ᠨᠠᠷᠢᠮᠤ ᠶᠢᠨ ᠲᠠᠷᠢᠶᠠᠨ ᠳᠤ᠂ ᠬᠠᠳᠤᠵᠤ | ᠬᠤᠷᠢᠶᠠᠬᠤ ᠮᠠᠰᠢᠨ ᠨᠠᠰᠢ ᠴᠠᠰᠢ ᠰᠦᠯᠵᠢᠯᠳᠦᠵᠦ᠂ ᠨᠠᠷᠢᠮᠤ ᠶᠢᠨ ᠲᠦᠷᠦᠭᠦᠦ ᠰᠠᠯᠬᠢᠨ ᠠᠶ᠎ᠠ ᠪᠠᠷ ᠨᠠᠶᠢᠭᠤᠵᠤ᠂ | ᠡᠯᠪᠡᠭ ᠬᠤᠷᠢᠶᠠᠯᠲᠠ ᠶᠢᠨ ᠠᠭᠤᠷ ᠠᠮᠢᠰᠬᠤᠯ ᠪᠢᠯᠬᠠᠨ᠎ᠠ᠃ | ︽ᠡᠨᠡ ᠵᠢᠯ ᠬᠤᠷᠰᠢᠶ᠎ᠠ ᠠᠴᠠ 1.1 ᠲᠦᠮᠡᠨ ᠮᠥ ᠨᠠᠷᠢᠮᠦ ᠶᠢ ᠪᠦᠬᠦ ᠶᠠᠪᠤᠴᠠ ᠳᠤ ᠨᠠᠶᠢᠳᠠᠨ ᠬᠠᠮᠢᠶᠠᠷᠵᠤ᠂ | ᠠᠮᠤ ᠪᠤᠳᠠᠭ᠎ᠠ ᠶᠢ ᠬᠠᠳᠤᠵᠤ ᠬᠤᠷᠢᠶᠠᠬᠤ ᠳ᠋ᠤ᠋ᠯ 5 ᠲᠣᠮᠣ ᠬᠡᠯᠪᠡᠷᠢ ᠶᠢᠨ ᠮᠠᠰᠢᠨ ᠵᠡᠷᠭᠡ ᠪᠠᠷ ᠠᠵᠢᠯᠯᠠᠵᠤ᠂ ᠡᠳᠦᠷ | ᠪᠦᠷᠢ 1000 ᠮᠥ ᠣᠷᠴᠢᠮ ᠬᠤᠷᠢᠶᠠᠨ᠂ ᠵᠢᠱᠢᠯᠲᠡ ᠪᠠᠷ ᠮᠥ ᠪᠦᠷᠢ ᠶᠢᠨ ᠤᠨᠠᠯᠲᠠ 700 ᠵᠢᠩ ᠣᠷᠴᠢᠮ | ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠶᠠᠨ ᠯᠢᠶᠠᠩ ᠲᠠᠷᠢᠶᠠᠯᠠᠩ ᠤᠨ ᠮᠠᠰᠢᠨᠴᠢᠯᠠᠯᠲᠠ ᠶᠢᠨ ᠲᠠᠷᠢᠮᠠᠯ ᠤᠨ | ᠲᠤᠰᠬᠠᠶ ᠬᠤᠷᠰᠢᠶ᠎ᠠ ᠶᠢᠨ ᠳᠠᠭᠠᠭᠠᠮᠠᠯ ᠭᠤᠤ ᠭᠦᠸᠧ ᠶᠠᠨ ᠲᠠᠨᠢᠯᠴᠠᠭᠤᠯᠪᠠ᠃ | ᠬᠤᠷᠰᠢᠶ᠎ᠠ ᠨᠢ 2016 ᠣᠨ ᠠᠴᠠ ᠡᠬᠢᠯᠡᠨ ᠭᠠᠵᠠᠷ ᠰᠢᠷᠣᠶ ᠶᠢ ᠨᠠᠶᠢᠳᠠᠨ ᠬᠠᠮᠢᠶᠠᠷᠵᠤ ᠵᠠᠭᠪᠤᠷ ᠢ | ᠰᠦᠪᠡᠭᠴᠢᠯᠡᠵᠦ᠂ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠢ ᠲᠥᠪᠯᠡᠷᠡᠭᠦᠯᠦᠨ᠂ ᠬᠤᠷᠰᠢᠶ᠎ᠠ ᠶᠢᠨ | ᠣᠳᠣᠬᠢᠴᠢᠯᠠᠭᠰᠠᠨ ᠮᠠᠰᠢᠨ ᠲᠥᠬᠦᠭᠡᠷᠦᠮᠵᠢ ᠶᠢᠨ ᠲᠥᠷᠥᠯ ᠵᠦᠶᠯ ᠨᠢ ᠪᠦᠷᠢᠨ ᠭᠦᠶᠴᠡᠳ ᠪᠠᠶᠢᠬᠤ ᠳᠠᠪᠠᠭᠤᠯᠢᠭ ᠢ | ᠪᠠᠳᠠᠷᠠᠭᠤᠯᠵᠤ᠂ ᠲᠥᠪᠯᠡᠷᠡᠭᠦᠯᠦᠨ ᠳᠠᠷᠢᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠨᠢᠭᠡᠳᠦᠯᠲᠡᠶ ᠡᠵᠡᠩᠨᠡᠬᠦ ᠪᠠᠷ | ᠳᠡᠮᠵᠢᠨ᠂ ᠲᠠᠷᠢᠮᠠᠯ ᠤᠨ ᠤᠨᠠᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠲᠠᠷᠢᠶᠠᠴᠢᠨ ᠡᠷᠦᠬᠡ ᠶᠢ | ᠨᠠᠩ ᠣᠯᠠᠨ ᠴᠠᠭ ᠪᠠ ᠣᠶᠤᠨ ᠴᠢᠳᠠᠯ ᠢᠶᠠᠨ ᠭᠠᠷᠭᠠᠨ ᠲᠡᠵᠢᠭᠡᠨ ᠦᠷᠡᠵᠢᠭᠦᠯᠬᠦ ᠪᠤᠶᠤ ᠠᠵᠢᠯ ᠬᠢᠬᠦ ᠶᠠᠪᠤᠴᠠ ᠳᠤ | ᠣᠷᠣᠭᠤᠯᠵᠤ᠂ ᠢᠯᠡᠭᠦᠦ ᠨᠢᠭᠡ ᠬᠤᠪᠢ ᠣᠷᠣᠯᠭ᠎ᠠ ᠲᠠᠢ ᠪᠣᠯᠭᠠᠵᠠᠶ᠃ | ᠡᠨᠡ ᠵᠢᠯ ᠪᠣᠯ ᠫᠢᠩ ᠶᠤᠸᠠᠨ ᠲᠣᠰᠬᠤᠨ ᠤ ᠠᠷᠠᠳ ᠵᠢᠩ ᠶᠠᠨ ᠮᠢᠩ ᠭᠠᠵᠠᠷ ᠰᠢᠷᠣᠢ ᠪᠠᠨ ᠲᠦᠴᠢᠦᠸᠠᠨ | ᠰᠢᠶᠠᠨ ᠤ ᠶᠠᠨ ᠯᠢᠶᠠᠩ ᠤᠨ ᠲᠠᠷᠢᠶᠠᠯᠠᠩ ᠤᠨ ᠮᠠᠰᠢᠨᠴᠢᠯᠠᠯᠲᠠ ᠶᠢᠨ ᠲᠠᠷᠢᠮᠠᠯ ᠤᠨ ᠲᠤᠰᠬᠠᠢ ᠬᠤᠷᠰᠢᠶ᠎ᠠ ᠳᠤ | ᠲᠤᠰᠢᠶᠠᠨ ᠥᠭᠴᠦ᠂ ᠨᠠᠶᠢᠳᠠᠨ ᠬᠠᠮᠢᠶᠠᠷᠤᠭᠤᠯᠬᠤ ᠬᠡᠯᠪᠡᠷᠢ ᠪᠠᠷ ᠨᠠᠷᠢᠮᠤ ᠲᠠᠷᠢᠬᠰᠠᠨ ᠲᠠᠪᠤᠳᠤᠭᠠᠷ ᠵᠢᠯ ᠪᠣᠯᠤᠨ᠎ᠠ᠂ | ᠵᠢᠩ ᠶᠠᠨ ᠮᠢᠩ ᠡᠨᠡ ᠵᠢᠯ ᠨᠡᠶᠢᠳᠡ 100 ᠮᠦ ᠨᠠᠷᠢᠮᠦ ᠪᠠᠨ ᠨᠠᠶᠢᠳᠠᠨ ᠬᠠᠮᠢᠶᠠᠷᠤᠭᠤᠯᠵᠤ᠂ ᠠᠯᠳᠠᠨ ᠰᠢᠷᠭᠠᠯ | ᠨᠠᠷᠢᠮᠦ ᠪᠠᠨ ᠬᠠᠷᠠᠭᠠᠳ ᠬᠤᠷᠢᠶᠠᠯᠲᠠ ᠶᠢᠨ ᠪᠠᠶᠠᠷ ᠪᠠᠭ᠋ᠠᠳᠤᠯ ᠢ ᠴᠢᠷᠠᠢ ᠲᠦᠭᠦᠷᠡᠩ ᠢᠯᠡᠷᠡᠵᠦ ᠪᠠᠶᠢᠯ᠎ᠠ᠃ | ︽ᠦᠪᠡᠷ ᠤᠨ ᠲᠠᠷᠢᠶ᠎ᠠ ᠪᠠᠨ ᠪᠦᠷ ᠬᠤᠷᠰᠢᠶ᠎ᠠ ᠳᠤ ᠨᠠᠶᠢᠳᠠᠨ ᠬᠠᠮᠢᠶᠠᠷᠤᠭᠤᠯᠪᠠ᠂ ᠰᠡᠳᠬᠢᠯ ᠠᠮᠤᠷ ᠮᠥᠷᠲᠡᠭᠡᠨ | ᠬᠦᠴᠦ ᠠᠷᠪᠢᠯᠠᠵᠤ᠂ ᠦᠯᠡᠳᠡᠭᠰᠡᠨ ᠴᠠᠭ ᠲᠤ ᠬᠤᠷᠰᠢᠶ᠎ᠠ ᠳᠤ ᠬᠦᠴᠦ ᠶᠠᠪᠤᠵᠤ᠂ ᠵᠢᠯ ᠪᠦᠷᠢ 5 ᠲᠦᠮᠡ ᠭᠠᠷᠤᠢ | ᠲᠥᠭᠦᠷᠢᠭ ᠣᠯᠤᠨ᠎ᠠ᠃︾ᠭᠡᠵᠦ ᠵᠢᠩ ᠶᠠᠨ ᠮᠢᠩ ᠪᠠᠶᠠᠷᠲᠠᠢ ᠬᠡᠯᠡᠨ᠎ᠡ᠃ | ᠣᠯᠠᠨ ᠵᠢᠯ ᠤᠨ ᠲᠤᠷᠰᠢ᠂ ᠬᠤᠷᠰᠢᠶ᠎ᠠ ᠨᠢ ᠲᠠᠩ ᠵᠠᠩᠭᠢᠯᠠᠭ᠎ᠠ ᠪᠠᠷ ᠨᠠᠶᠢᠳᠠᠨ ᠬᠠᠮᠢᠶᠠᠷᠬᠤ᠂ ᠬᠠᠭᠠᠰ ᠨᠠᠶᠢᠳᠠᠨ | ᠬᠠᠮᠢᠶᠠᠷᠬᠤ ᠪᠠ ᠪᠦᠷᠢᠨ ᠨᠠᠶᠢᠳᠠᠨ ᠬᠠᠮᠢᠶᠠᠷᠬᠤ ᠭᠤᠷᠪᠠᠨ ᠵᠦᠶᠯ ᠤᠨ ᠭᠠᠵᠠᠷ ᠰᠢᠷᠣᠶ ᠶᠢ ᠨᠠᠶᠢᠳᠠᠨ ᠬᠠᠮᠢᠶᠠᠷᠬᠤ | ᠬᠠᠮᠲᠤᠷᠠᠯᠴᠠᠭᠠᠨ ᠤ ᠠᠷᠭ᠎ᠠ ᠬᠡᠯᠪᠡᠷᠢ ᠶᠢ ᠰᠦᠪᠡᠭᠴᠢᠯᠡᠨ ᠬᠡᠷᠡᠭᠵᠢᠭᠦᠯᠵᠦ᠂ ︽ᠺᠣᠮᠫᠠᠨᠢ + ᠬᠤᠷᠰᠢᠶ᠎ᠠ + ᠲᠠᠷᠢᠮᠠᠯ | ᠤᠨ ᠲᠣᠮᠣ ᠡᠷᠦᠬᠡ + ᠵᠢᠵᠢᠭ ᠲᠠᠷᠢᠶᠠᠴᠢᠨ ᠡᠷᠦᠬᠡ︾ ᠶᠢᠨ ᠵᠠᠭᠪᠤᠷ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ | ᠮᠡᠷᠭᠡᠵᠢᠯ ᠪᠠ ᠲᠥᠬᠦᠭᠡᠷᠦᠮᠵᠢ ᠶᠢᠨ ᠬᠢᠵᠠᠭᠠᠷᠯᠠᠯ ᠠᠴᠠ ᠪᠣᠯᠤᠭᠰᠠᠨ ᠲᠠᠷᠢᠶᠠᠯᠠᠩ ᠤᠨ ᠦᠶᠯᠡᠳᠪᠦᠷᠢᠯᠡᠯ ᠤᠨ ᠦᠷ᠎ᠡ | ᠪᠦᠲᠦᠮᠵᠢ ᠶᠢ ᠬᠢᠵᠠᠭᠠᠷᠯᠠᠬᠤ ᠪᠣᠭᠤᠮᠢ ᠶᠢ ᠪᠦᠲᠦᠮᠵᠢᠲᠡᠶ ᠰᠢᠶᠳᠪᠦᠷᠢᠯᠡᠪᠡ᠃ ᠬᠤᠷᠰᠢᠬᠰᠠᠨ ᠠᠵᠤ ᠠᠬᠤᠶᠢᠯᠠᠯ ᠤᠨ | ᠭᠦᠨ ᠵᠤᠵᠠᠭᠠᠨ ᠮᠡᠷᠭᠡᠵᠢᠯ ᠤᠨ ᠳᠡᠮᠵᠢᠯᠭᠡ ᠪᠠ ᠲᠤᠰ ᠪᠡᠶ᠎ᠡ ᠶᠢᠨ ᠤᠯᠠᠨ ᠵᠢᠯ ᠤᠨ ᠦᠢᠯᠡᠳᠦᠯᠭᠡ ᠶᠢᠨ ᠲᠤᠷᠰᠢᠯᠭ᠎ᠠ | ᠳᠠᠭᠠᠨ ᠲᠦᠰᠢᠭᠯᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠣᠷᠣᠯᠠᠨ ᠬᠤᠳᠠᠯᠳᠤᠨ ᠠᠪᠬᠤ᠂ ᠭᠠᠵᠠᠷ | ᠲᠡᠭᠰᠢᠯᠡᠬᠦ᠂ ᠲᠠᠷᠢᠬᠤ᠂ ᠬᠥᠷᠥᠰᠥ ᠶᠢ ᠰᠢᠨᠵᠢᠨ ᠪᠤᠷᠳᠤᠭᠤᠷ ᠣᠷᠣᠭᠤᠯᠬᠤ᠂ ᠲᠠᠷᠢᠶᠠᠨ ᠭᠠᠵᠠᠷ ᠢ ᠴᠠᠭᠳᠠᠬᠤ᠂ | ᠨᠠᠪᠴᠢᠨ ᠤ ᠪᠠᠶᠢᠳᠠᠯ ᠢ ᠰᠢᠯᠭᠠᠨ ᠬᠡᠮᠵᠢᠬᠦ᠂ ᠬᠤᠷᠢᠶᠠᠬᠤ᠂ ᠪᠣᠷᠣᠯᠠᠭᠤᠯᠬᠤ ᠵᠡᠷᠭᠡ ᠦᠢᠯᠡᠴᠢᠯᠡᠭᠡ ᠶᠢ ᠬᠠᠩᠭᠠᠬᠤ | ᠵᠡᠷᠭᠡ ᠨᠠᠢᠮᠠᠨ ᠭᠤᠭᠴᠤᠭ᠎ᠠ ᠶᠢᠨ ᠦᠢᠯᠡᠴᠢᠯᠡᠭᠡᠨ ᠤ ᠵᠠᠭᠪᠤᠷ ᠢ ᠪᠤᠢ ᠪᠣᠯᠭᠠᠪᠠ᠃ ᠡᠨᠡ ᠵᠢᠯ᠂ ᠬᠤᠷᠰᠢᠶ᠎ᠠ ᠶᠢᠨ | ᠨᠢᠭᠡᠳᠦᠯᠲᠡᠶ ᠨᠠᠶᠢᠳᠠᠨ ᠬᠠᠮᠢᠶᠠᠷᠤᠭᠰᠠᠨ ᠲᠠᠷᠢᠶᠠᠨ ᠭᠠᠵᠠᠷ ᠤᠨ ᠲᠠᠯᠠᠪᠠᠶ 2.6 ᠲᠦᠮᠡᠨ ᠮᠥ ᠳᠤ ᠬᠦᠷᠴᠡᠶ᠃ | ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠪᠦᠲᠦᠴᠡ | ᠳᠡᠭᠡᠨ ᠢᠳᠡᠪᠬᠢᠲᠡᠢ ᠲᠤᠬᠢᠷᠠᠭᠤᠯᠤᠯᠳᠠ ᠬᠢᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠭᠤᠣᠯᠳᠠᠭᠤᠯᠵᠤ᠂ | ᠲᠠᠷᠢᠶᠠᠴᠢᠳ ᠤᠨ ᠤᠨᠴᠠᠯᠢᠬᠳᠤ ᠲᠠᠷᠢᠮᠠᠯ ᠲᠠᠷᠢᠵᠦ ᠬᠥᠭᠵᠢᠭᠦᠯᠬᠦ ᠶᠢ ᠵᠣᠷᠢᠭᠵᠢᠭᠤᠯᠵᠤ᠂ ᠴᠢᠨᠠᠷ ᠰᠠᠶᠢᠲᠠᠢ ᠨᠠᠷᠢᠮᠤ | ᠶᠢᠨ ᠡᠭᠦᠯᠳᠡᠷ ᠢ ᠣᠷᠣᠭᠤᠯᠤᠨ ᠠᠪᠴᠢᠷᠠᠵᠤ᠂ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠪᠠ᠃ |