ᠢᠦᠢ ᠵᠢᠢ ᠱᠦᠨ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/9/25
   9 ᠰᠠᠷ᠎ᠠ ᠶᠢᠨ 12 ᠠᠴᠠ 13 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠢ ᠵᠢᠶ ᠱᠦᠨ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠵᠡᠢ᠃    ᠢᠦᠢ ᠵᠢᠢ ᠱᠦᠨ ᠤᠷᠢᠳ ᠬᠤᠵᠢᠳ ᠠᠶᠢᠮᠠᠭ ᠬᠤᠳᠠ ᠶᠢᠨ ᠪᠡᠯᠡ ᠣᠷᠣᠭᠤᠯᠤᠯᠲᠠ ᠶᠢᠨ ᠺᠣᠮᠫᠠᠨᠢ᠂ ᠭᠦᠸᠧ ᠷᠦᠩ ᠺᠣᠮᠫᠠᠨᠢ᠂ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ᠂ ᠰᠣᠶᠣᠯ ᠵᠤᠭᠠᠴᠠᠯ ᠤᠨ ᠪᠡᠯᠡ ᠣᠷᠣᠭᠤᠯᠤᠯᠲᠠ ᠶᠢᠨ ᠺᠣᠮᠫᠠᠨᠢ᠂ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠺᠣᠮᠫᠠᠨᠢ ᠵᠡᠷᠭᠡ 5 ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠬᠦᠷᠴᠦ᠂ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠨᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠡᠵᠡᠩᠨᠡᠯᠲᠡ ᠬᠠᠮᠢᠶᠠᠷᠤᠯᠲᠠ᠂ ᠲᠦᠷᠦᠯ ᠵᠦᠢᠯ ᠤᠨ ᠬᠡᠷᠡᠭᠵᠢᠭᠦᠯᠦᠯᠲᠡ ᠵᠡᠷᠭᠡ ᠲᠠᠯ᠎ᠠ ᠪᠠᠷ ᠵᠠᠷᠢᠮ ᠠᠰᠢᠭᠲᠠᠢ ᠰᠦᠪᠡᠭᠴᠢᠯᠡᠯᠳᠡ ᠬᠢᠵᠦ᠂ ᠵᠣᠬᠢᠬᠤ ᠬᠡᠮᠵᠢᠶᠡᠨ ᠤ ᠠᠵᠢᠯ ᠤᠨ ᠦᠷ᠎ᠡ ᠪᠦᠲᠦᠮᠵᠢ ᠣᠯᠵᠠᠢ᠃ ᠲᠠᠷᠠᠭᠠᠴᠢ ᠶᠢᠨ ᠠᠯᠬᠤᠮ ᠳᠤ᠂ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠳᠡᠭᠡᠨ ᠰᠠᠭᠤᠷᠢᠯᠠᠨ᠂ ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠤ ᠦᠢᠯᠡᠰ ᠤᠨ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠬᠤ ᠬᠡᠷᠡᠭᠲᠡᠶ᠃ ᠬᠠᠷᠠᠭ᠎ᠠ ᠪᠠᠨ ᠥᠷᠭᠡᠳᠬᠡᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠬᠦᠯᠵᠦ᠂ ᠪᠦᠲᠦᠴᠡ ᠶᠢ ᠰᠢᠯᠢᠳᠡᠭᠵᠢᠭᠦᠯᠬᠦ᠂ ᠭᠤᠣᠯ ᠠᠵᠢᠯ ᠢ ᠬᠦᠴᠦᠷᠬᠡᠭᠵᠢᠭᠦᠯᠬᠦ ᠳᠤᠮᠳᠠ ᠬᠥᠭᠵᠢᠯᠲᠡ ᠶᠢᠨ ᠶᠠᠰᠤ ᠴᠢᠨᠠᠷ ᠪᠣᠯᠤᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠤᠣᠯᠯᠠᠭᠴᠢ ᠦᠷᠢᠰᠦᠯᠳᠦᠬᠦ ᠬᠦᠴᠦᠨ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠬᠠᠮᠢᠶᠠᠷᠤᠯᠲᠠ ᠪᠠᠨ ᠰᠢᠯᠢᠳᠡᠭᠵᠢᠭᠦᠯᠵᠦ᠂ ᠴᠢᠩᠭ᠎ᠠ ᠬᠦᠴᠦᠲᠡᠢ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠳᠣᠲᠣᠭᠠᠳᠤ ᠶᠢᠨ ᠬᠠᠮᠢᠶᠠᠷᠤᠯᠲᠠ ᠪᠠᠷ ᠤᠯᠤᠰ ᠤᠨ ᠥᠮᠴᠢᠯᠡᠯ ᠤᠨ ᠬᠦᠷᠦᠩᠭᠡ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠠᠬᠢᠭᠤᠯᠵᠤ᠂ ᠪᠦᠬᠦ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号