ᠤᠴᠠᠭᠠᠷ ᠪᠤᠬᠢᠨᠢᠳᠤᠯ ᠲᠠᠢ ᠬᠤᠭᠤᠯᠠ ᠢᠳᠡᠬᠦ ᠨᠢ ᠵᠢᠷᠦᠬᠡᠨ ᠳᠤ ᠬᠠᠯᠠᠲᠠᠢ
ᠨᠡᠶᠢᠲᠡᠯᠡᠭᠰᠡᠨ ᠴᠠᠭ᠄
2024/9/25
   ︽ᠧᠦ᠋ᠷᠣᠫᠠ ᠶᠢᠨ ᠵᠢᠷᠦᠬᠡᠨ ᠤ ᠡᠪᠡᠳᠴᠢᠨ ᠢ ᠰᠡᠷᠭᠡᠶᠢᠯᠡᠬᠦ ᠤᠬᠠᠭᠠᠨ ᠤ ᠰᠡᠳᠬᠦᠯ ︾ ᠤᠨ ᠨᠡᠶᠢᠲᠡᠯᠡᠭᠰᠡᠨ ᠨᠢᠭᠡᠨ ᠥᠭᠦᠯᠡᠯ ᠳᠤ᠂ ᠢᠳᠡᠭᠡᠨ ᠤᠮᠳᠠᠭᠠᠨ ᠠᠴᠠ ᠪᠣᠯᠤᠭᠰᠠᠨ ᠵᠢᠷᠦᠬᠡᠨ ᠤ ᠭᠡᠮᠳᠦᠯ ᠳᠤ ᠤᠷᠮ᠎ᠠ ᠰᠡᠳᠭᠢᠯᠭᠡ ᠨᠢ ᠴᠢᠬᠤᠯᠠ ᠨᠦᠯᠦᠭᠡᠯᠡᠬᠦ ᠬᠦᠴᠦᠨ ᠪᠤᠯᠵᠤ᠂ ᠤᠷᠲᠦ ᠬᠤᠭᠤᠴᠠᠭ᠎ᠠ ᠪᠠᠷ ᠤᠴᠠᠭᠠᠷ ᠪᠤᠬᠢᠨᠢᠳᠤᠯ ᠲᠠᠢ ᠬᠤᠭᠤᠯᠠ ᠢᠳᠡᠭᠰᠡᠨ ᠡᠷᠡᠭᠦᠯ ᠵᠢᠷᠦᠬᠡ ᠴᠦ ᠬᠡᠮᠲᠦᠵᠦ ᠮᠡᠳᠡᠨ᠎ᠡ ᠭᠡᠪᠡ᠃    ᠰᠤᠳᠤᠯᠭᠠᠨ ᠤ ᠪᠦᠯᠬᠦᠮ ᠤᠨ ᠬᠢᠨ 1109 ᠬᠥᠮᠦᠨ ᠳᠤ ᠪᠠᠶᠢᠴᠠᠭᠠᠯᠲᠠ ᠬᠢᠭᠡᠳ 13 ᠵᠢᠯ ᠪᠣᠯᠤᠭᠰᠠᠨ ᠤ ᠳᠠᠷᠠᠭ᠎ᠠ᠂ ᠤᠷᠮ᠎ᠠ ᠰᠡᠳᠬᠢᠯᠭᠡ ᠶᠢᠨ ᠨᠦᠯᠦᠭᠡᠯᠡᠯ ᠲᠠᠢ ᠬᠤᠭᠤᠯᠠ ᠢᠳᠡᠬᠦ ᠨᠢ ᠵᠢᠷᠦᠬᠡᠨ ᠤ ᠲᠡᠯᠡᠯᠲᠡ ᠶᠢᠨ ᠴᠢᠳᠠᠮᠵᠢ ᠶᠢᠨ ᠰᠠᠭᠠᠲᠠᠯ ᠤᠨ ᠲᠦᠭᠰᠢᠭᠦᠷᠢ ᠶᠢᠨ ᠨᠡᠮᠡᠭᠳᠡᠯ ᠲᠠᠢ ᠬᠤᠯᠪᠣᠭ᠎ᠠ ᠲᠠᠢ ︔ ᠬᠡᠳᠦᠢ ᠶᠡᠭᠡ ᠤᠴᠠᠭᠠᠷ ᠪᠤᠬᠢᠨᠢᠳᠤᠯ ᠲᠠᠢ ᠬᠤᠭᠤᠯᠠ ᠢᠳᠡᠪᠡᠯ ᠬᠦᠵᠦᠭᠦᠦ ᠭᠤᠶᠠᠨ ᠤ ᠯᠤᠭᠰᠢᠭᠤᠨ ᠰᠤᠳᠠᠯ ᠤᠨ ᠯᠤᠭᠰᠢᠯᠲᠠ ᠶᠢᠨ ᠬᠤᠷᠳᠤᠴᠠ ᠨᠢ ᠴᠦ ᠲᠡᠳᠦᠶ ᠲᠦᠷᠭᠡᠨ ᠪᠠᠶᠢᠵᠤ᠂ ᠴᠢᠰᠤᠨ ᠰᠤᠳᠠᠯ ᠤᠨ ᠬᠠᠲᠠᠭᠤᠷᠠᠯ ᠤᠨ ᠬᠡᠮᠵᠢᠶ᠎ᠡ ᠨᠢ ᠲᠡᠳᠦᠶ ᠥᠨᠳᠥᠷ ᠪᠤᠯᠤᠨ᠎ᠠ ᠭᠡᠳᠡᠭ ᠢ ᠤᠯᠵᠤ ᠮᠡᠳᠡᠵᠡᠢ᠃    ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠬᠠᠷᠢᠶᠠᠲᠤ ᠶᠢᠰᠦᠳᠦᠭᠡᠷ ᠠᠷᠠᠳ ᠤᠨ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ ᠭᠤᠤᠯᠯᠠᠭᠴᠢ ᠡᠮᠴᠢ ᠰᠢᠥᠸᠠᠢ ᠴᠤᠤ ᠶᠢᠨ ᠲᠠᠶᠢᠯᠪᠤᠷᠢᠯᠠᠭᠰᠠᠨ ᠢᠶᠠᠷ᠂ ᠳᠠᠷᠤᠭᠠᠰᠦ᠂ ᠪᠤᠬᠢᠨᠢᠳᠤᠯ᠂ ᠠᠭᠤᠷ ᠬᠢᠯᠢᠩ᠂ ᠡᠮᠭᠡᠨᠢᠯ ᠵᠡᠷᠭᠡ ᠨᠠᠵᠠᠭᠠᠶ ᠤᠷᠮ᠎ᠠ ᠰᠡᠳᠭᠢᠯᠭᠡ ᠨᠢ ᠶᠡᠭᠡ ᠲᠠᠷᠢᠬᠢ ᠶᠢ ᠲᠠᠷᠤᠭᠠᠰᠦ ᠲᠠᠢ ᠪᠠᠶᠢᠳᠠᠯ ᠳᠤ ᠣᠷᠣᠭᠤᠯᠵᠤ᠂ ᠬᠥᠮᠦᠰ ᠤᠨ ᠢᠳᠡᠭᠡᠨ ᠤ ᠳᠤᠷᠠᠰᠢᠯ ᠢ ᠶᠡᠭᠡ ᠪᠠᠷ ᠨᠡᠮᠡᠭᠳᠡᠭᠦᠯᠦᠨ᠂ ᠥᠨᠳᠥᠷ ᠡᠨᠧᠷᠭᠢᠲᠦ ᠢᠳᠡᠭᠡᠨ ᠢ ᠴᠦ ᠨᠠᠩ ᠠᠷᠪᠢᠨ ᠢᠳᠡᠭᠦᠯᠳᠡᠭ᠃ ᠬᠡᠲᠦᠷᠡᠲᠡᠯ᠎ᠡ ᠢᠳᠡᠵᠦ ᠤᠤᠭᠤᠬᠤ ᠨᠢ ᠳᠠᠷᠤᠭᠠᠰᠦ ᠶᠢ ᠲᠦᠷ ᠬᠥᠩᠭᠡᠷᠡᠭᠦᠯᠵᠦ᠂ ᠬᠥᠮᠦᠰ ᠲᠤ ᠤᠬᠤᠷᠬᠠᠨ ᠬᠤᠭᠤᠴᠠᠭᠠᠨ ᠤ ᠲᠠᠭᠠᠯᠠᠮᠵᠢᠲᠠᠶ ᠪᠠᠶᠢᠳᠠᠯ ᠢ ᠡᠳ᠋ᠯᠡᠭᠦᠯᠳᠡᠭ ᠪᠤᠯᠪᠠᠴᠦ ᠬᠤᠶᠢᠰᠢᠳᠠ ᠶᠢᠨ ᠬᠤᠣᠷ ᠬᠥᠨᠥᠭᠡᠯ ᠨᠢ ᠮᠠᠰᠢ ᠶᠡᠭᠡ ᠪᠠᠶᠢᠳᠠᠭ᠂ ᠵᠢᠱᠢᠶᠡᠯᠡᠪᠡᠯ ᠮᠠᠷᠢᠶᠠᠯᠠᠬᠤ᠂ ᠳᠣᠲᠣᠭᠠᠳᠤ ᠱᠦᠭᠦᠷᠡᠯᠳᠡ ᠶᠢ ᠰᠠᠮᠠᠭᠤᠷᠠᠭᠤᠯᠬᠤ᠂ ᠴᠢᠰᠤᠨ ᠤ ᠥᠭᠡᠬᠦ ᠣᠯᠠᠰᠢᠷᠠᠬᠤ ᠵᠡᠷᠭᠡ ᠪᠠᠶᠢᠳᠠᠯ ᠢ ᠡᠭᠦᠰᠭᠡᠵᠦ᠂ ᠡᠴᠦᠰ ᠲᠡᠭᠡᠨ ᠵᠢᠷᠦᠬᠡᠨ ᠤ ᠡᠷᠡᠭᠦᠯ ᠮᠡᠨᠳᠦ ᠶᠢ ᠨᠥᠯᠥᠭᠡᠯᠡᠨ᠎ᠡ᠃    ᠨᠠᠵᠠᠭᠠᠢ ᠤᠷᠮ᠎ᠠ ᠰᠡᠳᠭᠢᠯᠭᠡ ᠨᠢ ᠬᠤᠭᠤᠯᠠ ᠢᠳᠡᠬᠦ ᠪᠠᠷ ᠳᠠᠮᠵᠢᠭᠤᠯᠤᠨ ᠵᠢᠷᠦᠬᠡ ᠶᠢ ᠨᠥᠯᠥᠭᠡᠯᠡᠬᠦ ᠪᠠᠷ ᠪᠠᠷᠠᠬᠤ ᠥᠬᠡᠶ ᠪᠠᠰᠠ ᠪᠤᠰᠤᠳ ᠮᠠᠭᠤ ᠨᠦᠯᠦᠭᠡ ᠶᠢ ᠳᠠᠭᠠᠭᠤᠯᠳᠠᠭ᠃ ᠵᠢᠱᠢᠶᠡᠯᠡᠪᠡᠯ᠂ ᠵᠣᠪᠠᠨᠢᠬᠤ᠂ ᠪᠤᠬᠢᠨᠢᠳᠤᠬᠤ ᠬᠥᠮᠦᠨ ᠠᠮᠠᠷᠬᠠᠨ ᠲᠠᠮᠠᠬᠢ ᠲᠠᠲᠠᠬᠤ᠂ ᠠᠷᠢᠬᠢ ᠤᠤᠭᠤᠬᠤ᠂ ᠤᠨᠲᠠᠵᠤ ᠭᠦᠢᠴᠡᠬᠦ ᠦᠭᠡᠢ ᠨᠦᠢᠷ ᠮᠠᠭᠤ᠂ ᠲᠠᠮᠢᠷ ᠤᠨ ᠬᠥᠳᠡᠯᠭᠡᠭᠡᠨ ᠳᠤᠲᠠᠭᠳᠠᠬᠤ ᠵᠡᠷᠭᠡ ᠡᠷᠡᠭᠦᠯ ᠪᠤᠰᠤ ᠠᠮᠢᠳᠤᠷᠠᠯ ᠤᠨ ᠳᠠᠳᠬᠠᠯ ᠲᠠᠢ ᠪᠤᠯᠳᠠᠭ ᠠᠴᠠ ᠡᠨᠡ ᠨᠢ ᠪᠦᠷ ᠵᠢᠷᠦᠬᠡᠨ ᠡᠪᠡᠳᠴᠢᠨ ᠤ ᠲᠦᠭᠰᠢᠭᠦᠷᠢ ᠶᠢ ᠨᠡᠮᠡᠭᠳᠡᠭᠦᠯᠳᠡᠭ᠃ ᠪᠠᠰᠠ ᠪᠠᠴᠢᠮᠳᠠᠬᠤ᠂ ᠠᠶᠤᠬᠤ ᠵᠡᠷᠭᠡ ᠤᠷᠮ᠎ᠠ ᠰᠡᠳᠭᠢᠯᠭᠡ ᠨᠢ ᠪᠥᠭᠡᠷ᠎ᠡ ᠶᠢᠨ ᠳᠡᠭᠡᠳᠦ ᠪᠤᠯᠴᠢᠷᠬᠠᠶ ᠶᠢᠨ ᠡᠳ᠋ ᠢ ᠣᠯᠠᠰᠢᠷᠠᠭᠤᠯᠵᠦ᠂ ᠴᠢᠰᠤᠨ ᠰᠤᠳᠠᠯ ᠢ ᠦᠷᠭᠦᠯᠵᠢᠯᠡᠨ ᠠᠪᠴᠢᠭᠤᠯᠵᠤ᠂ ᠥᠨᠳᠥᠷ ᠰᠥᠰᠥᠨ ᠤ ᠴᠢᠯᠠᠭᠤᠯᠢᠭ ᠠᠯᠺᠣᠣᠯ ᠨᠢ ᠨᠡᠩ ᠠᠮᠠᠷᠬᠠᠨ ᠴᠢᠰᠤᠨ ᠰᠤᠳᠠᠯ ᠤᠨ ᠬᠠᠨ᠎ᠠ ᠶᠢ ᠢᠳᠡᠭᠳᠡᠭᠦᠯᠵᠦ᠂ ᠯᠤᠭᠰᠢᠭᠤᠨ ᠰᠤᠳᠠᠯ ᠢ ᠥᠭᠡᠬᠦᠯᠡᠬᠦᠯᠦᠨ ᠬᠠᠲᠠᠭᠤᠷᠠᠭᠤᠯᠵᠤ᠂ ᠴᠢᠰᠤᠨ ᠳᠠᠷᠤᠯᠲᠠ ᠥᠨᠳᠥᠷ᠂ ᠵᠢᠷᠦᠬᠡᠨ ᠲᠢᠲᠢᠮ ᠤᠨ ᠡᠪᠡᠳᠴᠢᠨ ᠵᠡᠷᠭᠡ ᠶᠢ ᠡᠭᠦᠰᠭᠡᠳᠡᠭ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号