ᠰᠦᠬᠡ ᠤᠯᠠᠭᠠᠨᠬᠤᠲᠠ ᠳᠤ ᠬᠦᠷᠴᠦ ︽ᠳᠤᠯᠠᠭᠠᠯᠠᠬᠤ ᠢᠨᠵᠧᠨᠧᠷᠢᠩ︾ ᠪᠠ ︽ᠬᠤᠶᠠᠷ ᠵᠠᠮ ᠬᠤᠶᠠᠷ ᠬᠥᠭᠦᠷᠭᠡ︾ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/9/27
   9 ᠰᠠᠷ᠎ᠠ ᠶᠢᠨ 19 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠤᠷᠢᠳ ᠬᠤᠵᠢᠳ ᠤᠯᠠᠭᠠᠨᠬᠤᠲᠠ ᠶᠢᠨ ᠬᠤᠳᠠ ᠶᠢ ᠲᠣᠭᠤᠷᠢᠭᠰᠠᠨ ᠪᠠᠷᠠᠭᠤᠨ ᠵᠠᠮ᠂ ᠠᠵᠤ ᠦᠢᠯᠡᠳᠪᠦᠷᠢ ᠶᠢᠨ ᠶᠡᠭᠡ ᠵᠠᠮ᠂ ᠵᠠᠰᠠᠭᠲᠤ ᠲᠣᠭᠤᠷᠢᠭ ᠤᠨ ᠭᠤᠣᠯ ᠢ ᠰᠤᠨᠳᠠᠯᠠᠭᠰᠠᠨ ᠶᠡᠭᠡ ᠬᠥᠭᠦᠷᠭᠡ ᠳᠤ ᠬᠦᠷᠴᠦ᠂ ᠵᠠᠮ ᠬᠥᠭᠦᠷᠭᠡ ᠶᠢᠨ ᠪᠠᠷᠢᠯᠭ᠎ᠠ ᠶᠢᠨ ᠠᠵᠢᠯ ᠨᠡᠪᠲᠡᠷᠡᠬᠦ ᠪᠠ ᠳᠤᠯᠠᠭᠠᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠠᠵᠢᠯᠯᠠᠵᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃    ᠰᠦᠬᠡ᠂ ︽ᠳᠤᠯᠠᠭᠠᠯᠠᠬᠤ ᠢᠨᠵᠧᠨᠧᠷᠢᠩ ︾ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠳᠤᠯᠠᠭᠠᠯᠭ᠎ᠠ ᠶᠢᠨ ᠬᠤᠭᠤᠴᠠᠭ᠎ᠠ ᠬᠦᠷᠴᠦ ᠢᠷᠡᠬᠦ ᠪᠣᠯᠬᠤᠷ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠢᠯᠴᠢ ᠶᠢᠨ ᠡᠬᠢ ᠰᠤᠷᠪᠤᠯᠵᠢ ᠶᠢ ᠪᠠᠲᠤᠯᠠᠬᠤ ᠢᠨᠵᠧᠨᠧᠷᠢᠩ ᠪᠣᠯᠤᠨ ᠢᠯᠴᠢ ᠶᠢᠨ ᠲᠣᠣᠷ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠰᠤ ᠣᠷᠣᠭᠤᠯᠵᠤ ᠲᠤᠷᠰᠢᠨ ᠳᠠᠷᠤᠬᠤ ᠪᠠ ᠲᠤᠨᠤᠭ ᠲᠥᠬᠦᠭᠡᠷᠦᠮᠵᠢ ᠶᠢ ᠲᠤᠷᠰᠢᠨ ᠲᠣᠬᠢᠷᠠᠭᠤᠯᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠡᠯ᠎ᠡ ᠲᠦᠷᠦᠯ ᠤᠨ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠳᠤᠯᠠᠭᠠᠯᠭ᠎ᠠ ᠶᠢᠨ ᠶᠠᠰᠤ ᠴᠢᠨᠠᠷ ᠢ ᠪᠠᠲᠤᠯᠠᠵᠤ᠂ ᠤᠯᠠᠨ ᠲᠦᠮᠡᠨ ᠤ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠪᠡ᠃    ᠰᠦᠬᠡ᠂ ᠵᠠᠮ ᠬᠥᠭᠦᠷᠭᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ᠂ ᠵᠠᠮ ᠤᠨ ᠲᠣᠤᠷ ᠤᠨ ᠶᠠᠰᠤ ᠴᠢᠨᠠᠷ ᠢ ᠰᠠᠶᠢᠵᠢᠷᠠᠭᠤᠯᠬᠤ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠳᠣᠬᠠᠨ ᠤ ᠪᠠᠷᠢᠯᠭ᠎ᠠ ᠶᠢᠨ ᠠᠵᠢᠯ ᠤᠨ ︽ᠰᠢᠵᠢᠷ ᠠᠯᠳᠠᠨ ᠬᠤᠭᠤᠴᠠᠭ᠎ᠠ ︾ ᠶᠢ ᠠᠮᠵᠢᠨ ᠠᠳᠬᠤᠵᠤ᠂ ᠠᠵᠢᠯ ᠤᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠭᠡᠨ ᠠᠵᠢᠯᠯᠠᠬᠤ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠲᠣᠬᠢᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠣᠳᠠᠲᠠᠶ ᠶᠠᠪᠤᠳᠠᠯ ᠢ ᠦᠨᠡᠨ ᠬᠦ ᠪᠣᠳᠠᠲᠠᠶ ᠪᠠᠷ ᠬᠢᠬᠦ ᠬᠡᠷᠡᠭᠲᠡᠶ᠃ ᠲᠦᠷᠦᠯ ᠵᠦᠢᠯ ᠤᠨ ᠲᠥᠯᠥᠪᠵᠢᠭᠦᠯᠭᠡ ᠶᠢ ᠴᠢᠩᠭᠠᠳᠬᠠᠵᠤ᠂ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠪᠣᠯᠤᠨ ᠪᠡᠯᠡ ᠮᠥᠩᠭᠦᠨ ᠤ ᠳᠡᠮᠵᠢᠯᠭᠡ ᠶᠢ ᠤᠯᠬᠤ ᠡᠷᠴᠢᠮ ᠢᠶᠠᠨ ᠴᠢᠩᠭᠠᠷᠠᠭᠤᠯᠵᠤ᠂ ︽ᠪᠠᠶᠢᠭᠤᠯᠵᠤ ᠪᠠᠶᠢᠭ᠎ᠠ ᠵᠠᠮ ︾ ᠢ ᠲᠦᠷᠭᠡᠨ ᠠᠬᠢᠭᠤᠯᠵᠤ᠂ ︽ᠲᠠᠰᠤᠷᠬᠠᠢ ᠵᠠᠮ ︾  ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠵᠦ᠂ ︽ᠰᠢᠨ᠎ᠡ ᠪᠠᠷ ᠵᠠᠮ ᠵᠠᠰᠠᠬᠤ ︾ ᠶᠢ ᠢᠳᠡᠪᠬᠢᠲᠡᠢ ᠲᠥᠯᠥᠪᠵᠢᠭᠦᠯᠵᠦ᠂ ᠬᠤᠳᠠ ᠶᠢᠨ ᠵᠠᠮ ᠤᠨ ᠲᠣᠣᠷ ᠤᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠬᠤᠳᠠ ᠶᠢᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ᠂ ᠤᠯᠠᠨ ᠲᠦᠮᠡᠨ ᠤ ᠶᠠᠪᠤᠵᠤ ᠰᠠᠭᠤᠬᠤ ᠳᠤ ᠲᠦᠬᠦᠮ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠶᠠᠩ ᠵᠢᠢ ᠫᠧᠩ᠂ ᠴᠧᠨ ᠬᠤᠩ ᠪᠥᠸᠧ ᠪᠣᠯᠤᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号