ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/27
   9 ᠳ᠋ᠦ᠋ᠭᠡᠷ ᠰᠠᠷ᠎ᠠ ᠶᠢᠨ 19 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠬᠢᠩᠭᠠᠨ ᠠᠶᠢᠮᠠᠭ ᠤᠨ ᠪᠠᠲᠤᠴᠠᠭᠠᠨ ᠤ ᠰᠣᠶᠣᠯ ᠵᠢᠭᠤᠯᠴᠢᠯᠠᠯ ᠤᠨ ᠤᠯᠠᠷᠢᠯ ᠵᠡᠷᠭᠡ ᠤᠴᠢᠷ ᠶᠠᠪᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠶ ᠣᠶᠢᠯᠠᠭᠠᠯᠲᠠ ᠪᠠ ᠡᠵᠡᠮᠳᠡᠯ ᠢᠶᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠶᠢᠮᠠᠭ ᠤᠨ ᠪᠠᠶᠢᠳᠠᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠲᠡᠷᠢᠭᠦᠨ ᠤ ᠲᠤᠷᠰᠢᠯᠭ᠎ᠠ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠲᠣᠯᠢᠯᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠨ᠂ ᠵᠣᠷᠢᠭᠲᠠᠶ ᠪᠠᠷ ᠰᠠᠶᠢᠨ ᠠᠵᠢᠯᠯᠠᠵᠤ᠂ ᠪᠣᠳᠠᠲᠤ ᠠᠮᠵᠢᠯᠲᠠ ᠪᠦᠲᠦᠮᠵᠢ ᠪᠠ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠᠷ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠰᠢᠯᠭᠠᠨ᠎ᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠢᠰᠲ᠋ᠧᠮ ᠲᠠᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠰᠢᠨ᠎ᠡ ᠴᠠᠭ ᠦᠶ᠎ᠡ ᠶᠢᠨ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠤᠷᠳᠤ ᠬᠤᠭᠤᠴᠠᠭ᠎ᠠ ᠪᠠᠷ ᠰᠠᠶᠢᠲᠤᠷ ᠬᠢᠵᠦ᠂ ᠬᠢᠩᠭᠠᠨ ᠠᠶᠢᠮᠠᠭ ᠤᠨ ᠣᠨᠴᠠᠯᠢᠭ ᠲᠠᠢ ᠠᠮᠢ ᠠᠬᠤᠢ ᠶᠢᠨ ᠪᠦᠲᠦᠭᠡᠭᠳᠡᠬᠦᠨ ᠤ ᠦᠷᠳᠡᠭ ᠢ ᠪᠡᠶᠡᠯᠡᠭᠦᠯᠬᠦ ᠠᠷᠭ᠎ᠠ ᠵᠠᠮ ᠪᠣᠯᠤᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠶᠢᠨ ᠠᠵᠤ ᠦᠢᠯᠡᠰᠵᠢᠯᠲᠡ ᠪᠣᠯᠤᠨ ᠠᠵᠤ ᠦᠢᠯᠡᠰ ᠤᠨ ᠠᠮᠢ ᠠᠬᠤᠶᠢᠵᠢᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠲᠥᠪ ᠤᠨ ᠤᠬᠠᠭᠤᠯᠬᠤ ᠬᠡᠯᠲᠡᠰ ᠤᠨ ᠬᠠᠪᠰᠤᠷᠤᠨ ᠲᠡᠳᠬᠦᠬᠦ ᠪᠠ ᠳᠤᠮᠳᠠᠳᠤ ᠶᠢᠨ ᠬᠠᠷᠢᠶᠠᠲᠤ ᠶᠢᠨ ᠬᠤᠳᠠ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠂ ᠲᠦᠷᠦᠯ ᠳᠡᠮᠳᠡᠭᠴᠢᠯᠡᠨ ᠡᠵᠡᠩᠨᠡᠬᠦ ᠶᠢ ᠪᠠᠷᠢᠮᠲᠠᠯᠠᠵᠤ᠂ ᠵᠤᠭᠠᠴᠠᠭᠰᠠᠳ ᠤᠨ ᠬᠠᠷᠠᠭᠠᠰᠤ ᠪᠠᠷ ᠵᠤᠭᠠᠴᠠᠯ ᠤᠨ ᠦᠢᠯᠡᠰ ᠤᠨ ᠬᠡᠯᠪᠡᠷᠢ ᠶᠢ ᠪᠠᠶᠠᠯᠢᠭᠵᠢᠭᠤᠯᠵᠤ᠂ ᠰᠢᠯᠢᠳᠡᠭ ᠠᠭᠤᠯᠭ᠎ᠠ ᠶᠢ ᠦᠢᠯᠡᠳᠪᠦᠷᠢᠯᠡᠵᠦ᠂ ᠪᠠᠲᠤᠴᠠᠭᠠᠨ ᠤ ᠰᠣᠶᠣᠯ ᠵᠤᠭᠠᠴᠠᠯ ᠤᠨ ᠤᠯᠠᠷᠢᠯ ᠵᠡᠷᠭᠡ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠬᠢᠩᠭᠠᠨ ᠠᠶᠢᠮᠠᠭ ᠤᠨ ᠨᠠᠮᠤᠷ ᠡᠪᠦᠯ ᠤᠨ ᠤᠯᠠᠷᠢᠯ ᠤᠨ ᠵᠤᠭᠠᠴᠠᠯ ᠳᠤ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ᠃ ᠬᠤᠭᠤᠯᠠᠶ ᠲᠣᠤᠷ ᠲᠤ ᠤᠰᠤ ᠣᠷᠣᠭᠤᠯᠬᠤ᠂ ᠲᠣᠨᠤᠭ ᠲᠥᠬᠦᠭᠡᠷᠦᠮᠵᠢ ᠶᠢ ᠲᠤᠷᠰᠢᠨ ᠲᠣᠬᠢᠷᠠᠭᠤᠯᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠵᠡᠷᠭᠡ ᠳᠤᠯᠠᠭᠠᠯᠠᠭ᠎ᠠ ᠶᠢᠨ ᠪᠡᠯᠡᠳᠬᠡᠯ ᠠᠵᠢᠯ ᠢ ᠲᠦᠷᠭᠡᠳᠬᠡᠨ ᠪᠡᠶᠡᠯᠡᠭᠦᠯᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号