ᠰᠦᠬᠡ ᠢᠦᠶ ᠵᠢᠶ ᠱᠦᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/9/27
   9 ᠳ᠋ᠦ᠋ᠭᠡᠷ ᠰᠠᠷ᠎ᠠ ᠶᠢᠨ 21 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠵᠠᠯᠠᠶᠢᠳ ᠬᠤᠰᠢᠭᠤᠨ ᠳᠤ ᠬᠦᠷᠴᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠹᠧᠩ ᠠᠶ ᠰᠢᠶᠠ᠂ ᠴᠢᠨ ᠬᠤᠸᠠ ᠵᠧᠨ ᠵᠡᠷᠭᠡ ᠠᠶᠢᠮᠠᠭ ᠤᠨ ᠤᠳᠤᠷᠢᠳᠤᠯᠭ᠎ᠠ ᠪᠠ ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃    ᠰᠦᠬᠡ᠂ ᠣᠳᠣᠬᠠᠨ ᠳᠤ ᠤᠳᠠᠯ ᠥᠬᠡᠶ ᠳᠥᠷᠪᠡᠳᠦᠭᠡᠷ ᠤᠯᠠᠷᠢᠯ ᠳᠤ ᠣᠷᠣᠬᠤ ᠭᠡᠵᠦ ᠪᠠᠶᠢᠨ᠎ᠠ᠂ ᠡᠯ᠎ᠡ ᠵᠦᠢᠯ ᠤᠨ ᠠᠵᠢᠯ ᠨᠢᠭᠡᠨᠲᠡ ᠰᠡᠭᠦᠯ ᠬᠤᠷᠢᠶᠠᠬᠤ ᠰᠢᠪᠲᠤᠯᠤᠯᠲᠠ ᠶᠢᠨ ᠱᠠᠲᠤᠨ ᠳᠤ ᠣᠷᠣᠭᠠᠳ ᠪᠠᠶᠢᠨ᠎ᠠ᠃ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤᠨ ᠤ ᠬᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ ︾ ᠤᠨ ᠳᠠᠬᠢᠨ ᠰᠢᠪᠲᠤᠯᠤᠯᠲᠠ ᠶᠢ ᠬᠡᠷᠡᠭᠵᠢᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠵᠢᠭᠤᠯᠴᠢᠯᠠᠯ ᠤᠨ ᠬᠥᠭᠵᠢᠯᠲᠡ ᠵᠡᠷᠭᠡ ᠭᠤᠷᠪᠠᠨ ︽ᠰᠢᠪᠲᠤᠯᠤᠯᠲᠠ ᠶᠢᠨ ᠠᠵᠢᠯᠯᠠᠭ᠎ᠠ ︾ ᠶᠢᠨ ᠲᠣᠭᠤᠷᠢᠨ ᠳᠤ ᠳᠠᠬᠢᠨ ᠰᠢᠪᠲᠤᠯᠤᠯᠲᠠ ᠬᠢᠵᠦ᠂ ᠢᠲᠡᠭᠡᠯ ᠵᠣᠷᠢᠭ ᠢᠶᠠᠨ ᠪᠠᠲᠤᠳᠬᠠᠨ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠲᠡᠷᠡ ᠬᠡᠪ ᠢᠶᠠᠷ ᠨᠢ ᠪᠡᠶᠡᠯᠡᠭᠦᠯᠬᠦ ᠬᠡᠷᠡᠭᠲᠡᠶ᠃ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠳᠡᠭᠡᠭᠰᠢ ᠪᠠᠨ ᠳᠡᠮᠵᠢᠯᠭᠡ ᠤᠯᠬᠤ ᠪᠠᠷ ᠴᠢᠷᠮᠠᠶᠢᠵᠤ᠂ ︽ᠭᠦᠨᠵᠡᠭᠡᠢ ᠰᠦᠪᠡᠭᠴᠢᠯᠡᠬᠦ᠂ ᠴᠢᠷᠮᠠᠶᠢᠨ ᠭᠦᠶᠦᠬᠦ᠂ ᠴᠢᠳᠠᠮᠠᠭᠠᠢ ᠪᠠᠷ ᠲᠡᠮᠡᠴᠡᠬᠦ ︾ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠨᠡᠩ ᠤᠯᠠᠨ ᠲᠦᠷᠦᠯ ᠵᠦᠢᠯ᠂ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠦᠬᠡ᠂ ᠢᠷᠡᠬᠦ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠢᠷᠡᠬᠦ ᠵᠢᠯ ᠤᠨ ᠠᠵᠢᠯ ᠢᠶᠠᠨ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠪᠠᠷ ᠲᠥᠯᠥᠪᠵᠢᠭᠦᠯᠵᠦ ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠭᠠᠷᠳᠠᠮ ᠭᠦᠢᠴᠡᠳᠬᠡᠬᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠬᠠᠪᠤᠷ ᠤᠨ ᠡᠬᠢ ᠪᠠᠷ ᠳᠠᠷᠤᠢ ᠠᠵᠢᠯ ᠡᠬᠢᠯᠡᠬᠦ ᠶᠢ ᠪᠠᠲᠤᠯᠠᠬᠤ ᠬᠡᠷᠡᠭᠲᠡᠢ ᠭᠡᠵᠡᠢ᠃ ᠥᠭᠡᠳᠡᠯᠡᠨ ᠲᠠᠪᠰᠢᠬᠤ ᠠᠵᠢᠯ ᠬᠢᠵᠦ ᠦᠢᠯᠡᠰ ᠪᠤᠰᠬᠠᠬᠤ ᠴᠤᠭ ᠵᠢᠪᠬᠤᠭ᠎ᠠ ᠪᠠᠨ ᠪᠠᠳᠠᠷᠠᠭᠤᠯᠵᠤ᠂ ᠬᠠᠷᠢᠯᠴᠠᠨ ᠰᠤᠷᠤᠯᠴᠠᠬᠤ᠂ ᠬᠠᠷᠢᠯᠴᠠᠨ ᠵᠣᠷᠢᠭᠵᠢᠭᠤᠯᠬᠤ ᠳᠤᠮᠳᠠ ᠠᠳᠠᠯᠢᠳᠬᠠᠬᠤ ᠰᠤᠷᠤᠯᠴᠠᠬᠤ ᠭᠦᠢᠴᠡᠵᠦ ᠳᠠᠪᠠᠭ᠋ᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠪᠦᠬᠦ ᠠᠶᠢᠮᠠᠭ ᠤᠨ ᠡᠯ᠎ᠡ ᠲᠦᠷᠦᠯ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ᠂ ᠲᠠᠬᠢᠨ ᠰᠢᠨ᠎ᠡ ᠠᠭᠤᠷ ᠠᠮᠢᠰᠬᠤᠯ ᠢ ᠡᠭᠦᠳᠬᠦ ᠶᠢ ᠨᠡᠩ ᠰᠡᠳᠬᠢᠯ ᠲᠠᠯᠪᠢᠨ ᠬᠦᠴᠦ ᠣᠷᠣᠭᠤᠯᠤᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号