1. ᠦᠷ᠎ᠡ ᠶᠢ ᠰᠢᠢᠳᠪᠦᠷᠢᠯᠡᠬᠦ | ᠮᠦᠬᠦᠯᠢᠭ ᠳᠦᠭᠦᠷᠡᠩ ᠦᠷ᠎ᠡ ᠶᠢ ᠰᠣᠩᠭᠤᠵᠤ᠂ ᠦᠷ᠎ᠡ ᠶᠢᠨ ᠴᠡᠪᠡᠷᠴᠡ ᠶᠢᠨ ᠬᠡᠮᠵᠢᠶ᠎ᠡ ᠪᠠ ᠵᠢᠭᠳᠡ ᠬᠡᠮᠵᠢᠶ᠎ᠡ ᠶᠢ | ᠪᠠᠲᠤᠯᠠᠬᠤ ᠬᠡᠷᠡᠭᠲᠡᠢ᠃ ᠲᠠᠷᠢᠬᠤ ᠠᠴᠠ ᠡᠮᠦᠨ᠎ᠡ᠂ ᠰᠠᠯᠬᠢ ᠦᠭᠡᠢ ᠲᠤᠩᠭᠠᠯᠠᠭ ᠡᠳᠦᠷ ᠢ ᠰᠣᠩᠭᠤᠵᠤ᠂ 2-3 ᠡᠳᠦᠷ | ᠦᠷ᠎ᠡ ᠪᠠᠨ ᠨᠡᠷᠡᠨ ᠳᠤ ᠡᠭᠡᠭᠡᠨ᠎ᠡ᠃ ᠦᠷ᠎ᠡ ᠶᠢᠨ ᠬᠠᠯᠢᠰᠤᠨ ᠤ ᠬᠡᠢ ᠨᠡᠪᠲᠡᠷᠡᠬᠦ ᠴᠢᠨᠠᠷ ᠪᠠ ᠤᠰᠤᠨ ᠳᠤ ᠵᠣᠬᠢᠴᠠᠬᠤ | ᠴᠢᠨᠠᠷ ᠢ ᠨᠡᠮᠡᠭᠳᠡᠭᠦᠯᠵᠦ᠂ ᠦᠷ᠎ᠡ ᠶᠢᠨ ᠠᠮᠢᠳᠤᠷᠠᠬᠤ ᠴᠢᠳᠠᠪᠤᠷᠢ ᠪᠠ ᠨᠠᠬᠢᠶᠠᠯᠠᠬᠤ ᠨᠤᠷᠮ᠎ᠠ ᠶᠢ ᠳᠡᠭᠡᠭᠰᠢᠯᠡᠭᠦᠯᠵᠦ᠂ | ᠦᠷ᠎ᠡ ᠶᠢᠨ ᠬᠠᠯᠢᠰᠤᠨ ᠤ ᠪᠠᠺᠲ᠋ᠧᠷᠢ ᠶᠢ ᠤᠰᠠᠳᠬᠠᠵᠤ᠂ ᠵᠠᠷᠢᠮ ᠡᠪᠡᠳᠴᠢᠨ ᠤ ᠬᠤᠣᠷ ᠬᠥᠨᠥᠭᠡᠯ ᠢ ᠪᠠᠭᠠᠰᠬᠠᠬᠤ | ᠬᠡᠷᠡᠭᠲᠡᠢ᠃ | 2. ᠲᠠᠷᠢᠬᠤ ᠬᠤᠭᠤᠴᠠᠭ᠎ᠠ | ᠨᠣᠬᠠᠢ ᠶᠢᠨ ᠬᠤᠰᠢᠭᠤ ᠨᠢ ᠥᠨᠳᠥᠷ ᠬᠦᠢᠲᠡᠨ ᠴᠢᠭᠢᠭᠯᠢᠭ ᠣᠷᠣᠨ ᠳᠤ ᠣᠷᠭᠤᠬᠤ ᠳᠤ ᠲᠣᠬᠢᠷᠠᠮᠵᠢᠲᠠᠢ᠂ | ᠳᠤᠯᠠᠭᠠᠨ ᠤ ᠬᠡᠮᠵᠢᠶ᠎ᠡ ᠶᠢᠨ ᠱᠠᠭᠠᠷᠳᠠᠯᠭ᠎ᠠ ᠨᠢ ᠨᠡᠯᠢᠶᠡᠳ ᠳᠣᠣᠷ᠎ᠠ᠂ ᠦᠷ᠎ᠡ ᠶᠢᠨ ᠰᠣᠶᠣᠭᠠᠯᠠᠬᠤ ᠬᠠᠮᠤᠭ ᠤᠨ ᠳᠣᠣᠷ᠎ᠠ | ᠳᠤᠯᠠᠭᠠᠨ ᠤ ᠬᠡᠮᠵᠢᠶ᠎ᠡ ᠨᠢ 3℃︱4℃ ᠪᠠᠶᠢᠳᠠᠭ᠃ ᠨᠣᠬᠠᠢ ᠶᠢᠨ ᠬᠤᠰᠢᠭᠤ ᠥᠨᠳᠥᠷ ᠳᠤᠯᠠᠭᠠᠨ ᠳᠤ ᠨᠡᠯᠢᠶᠡᠳ | ᠰᠣᠷᠭᠤᠭ ᠪᠠᠶᠢᠵᠤ᠂ ᠲᠦᠷᠦᠭᠦᠳᠡᠬᠦ᠂ ᠴᠡᠴᠡᠭ ᠳᠡᠯᠭᠡᠷᠡᠬᠦ᠂ ᠢᠳᠡᠭᠡ ᠬᠤᠷᠠᠬᠤ ᠬᠤᠭᠤᠴᠠᠭᠠᠨ ᠳᠤ ᠥᠨᠳᠥᠷ | ᠳᠤᠯᠠᠭᠠᠨ ᠳᠤ ᠤᠴᠠᠷᠠᠪᠠᠯ ᠦᠷᠡᠯᠡᠬᠦ ᠶᠢ ᠨᠥᠯᠥᠭᠡᠯᠡᠳᠡᠭ᠃ ᠲᠠᠷᠢᠬᠤ ᠬᠤᠭᠤᠴᠠᠭ᠎ᠠ ᠨᠢ ᠮᠠᠰᠢ ᠤᠷᠲᠤ᠂ ᠪᠣᠳᠠᠲᠠᠢ | ᠲᠠᠷᠢᠬᠤ ᠬᠤᠭᠤᠴᠠᠭ᠎ᠠ ᠶᠢ ᠪᠣᠳᠠᠲᠠᠢ ᠦᠢᠯᠡᠳᠪᠦᠷᠢᠯᠡᠯ ᠤᠨ ᠨᠥᠬᠦᠴᠡᠯ ᠢᠶᠠᠷ ᠲᠣᠭᠲᠠᠭᠠᠵᠤ ᠪᠣᠯᠣᠨ᠎ᠠ᠃ | 3. ᠲᠠᠷᠢᠬᠤ ᠬᠡᠮᠵᠢᠶ᠎ᠡ ᠪᠠ ᠲᠠᠷᠢᠬᠤ ᠭᠦᠨ | 150-225kg/hm2 ᠢᠶᠠᠷ ᠠᠰ ᠲᠤᠨᠢ ᠲᠠᠷᠢᠵᠤ᠂ 90-155kg/hm2 ᠢᠶᠠᠷ ᠬᠤᠯᠢᠮᠠᠭ ᠲᠠᠷᠢᠨ᠎ᠠ᠃ | ᠡᠪᠡᠰᠦ ᠪᠣᠷᠳᠤᠭᠠᠨ ᠤ ᠬᠡᠷᠡᠭᠯᠡᠭᠡ ᠶᠢᠨ ᠲᠠᠷᠢᠬᠤ ᠬᠡᠮᠵᠢᠶ᠎ᠡ ᠶᠢ ᠶᠡᠭᠡ ᠰᠢᠭ ᠪᠠᠶᠢᠯᠭᠠᠵᠤ ᠪᠣᠯᠬᠤ ᠪᠥᠭᠡᠳ ᠦᠷ᠎ᠡ ᠳᠤ | ᠬᠡᠷᠡᠭᠯᠡᠬᠦ ᠶᠢ ᠪᠠᠭ᠎ᠠ ᠰᠢᠭ᠋ ᠪᠠᠶᠢᠯᠭᠠᠨ᠎ᠠ᠃ ᠭᠠᠩ ᠬᠠᠭᠤᠷᠠᠢ ᠥᠪᠥᠷ ᠬᠥᠲᠥᠯ ᠤᠨ ᠭᠠᠵᠠᠷ᠂ ᠠᠭᠤᠯᠠᠨ ᠬᠥᠲᠥᠯ ᠤᠨ | ᠭᠠᠵᠠᠷ ᠪᠤᠶᠤ ᠥᠨᠳᠥᠷ ᠬᠦᠢᠲᠡᠨ ᠭᠠᠵᠠᠷ ᠣᠷᠣᠨ ᠤ ᠳᠠᠷᠢᠬᠤ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ | ᠪᠣᠯᠣᠨ᠎ᠠ᠃ ᠲᠠᠷᠢᠬᠤ ᠭᠦᠨ ᠤ ᠬᠡᠮᠵᠢᠶ᠎ᠡ ᠨᠢ ᠶᠡᠷᠦ ᠳᠡᠭᠡᠨ 3-4cm ᠪᠠᠶᠢᠵᠤ᠂ ᠬᠥᠷᠥᠰᠥᠨ ᠤ ᠴᠢᠭᠢᠭ ᠤᠨ | ᠪᠠᠶᠢᠳᠠᠯ ᠪᠠᠷᠤᠭᠲᠠᠢ ᠦᠶ᠎ᠡ ᠳᠤ ᠵᠣᠬᠢᠬᠤ ᠬᠡᠮᠵᠢᠶ᠎ᠡ ᠪᠠᠷ 5-6cm ᠭᠦᠨ ᠳᠠᠷᠢᠵᠤ᠂ ᠳᠠᠷᠢᠭᠰᠠᠨ ᠤ ᠳᠠᠷᠠᠭ᠎ᠠ | ᠳᠠᠷᠤᠰᠢᠭᠤᠯᠤᠨ᠎ᠠ᠃ |