ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/9/28
   9 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ ᠪᠠᠶᠢᠷᠢᠯᠠᠭᠤᠯᠵᠤ᠂ ᠡᠯ᠎ᠡ ᠳᠡᠳ᠋ ᠲᠡᠷᠢᠭᠦᠯᠡᠭᠴᠢ ᠶᠢᠨ ᠲᠦᠷᠦᠭᠦᠦ 9 ᠰᠠᠷ᠎ᠠ ᠶᠢᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ︽ᠵᠠᠭᠤᠨ ᠡᠳᠦᠷ ᠤᠨ ᠰᠢᠢᠳᠪᠦᠷᠢᠲᠦ ᠢᠯᠠᠯᠲᠠ ᠶᠢ ᠣᠯᠬᠤ ︾ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠤᠳᠤᠷᠢᠳᠬᠤ ᠨᠥᠬᠦᠳ ᠤᠨ ᠴᠣᠬᠤᠯᠠᠪᠤᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠰᠣᠨᠣᠰᠴᠤ᠂ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠰᠣᠨᠣᠰᠴᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠱᠠᠯᠠᠪᠳᠠᠨ ᠲᠦᠷᠭᠡᠨ ᠭᠦᠢᠴᠡᠳᠬᠡᠵᠦ᠂ ᠪᠦᠭᠦ ᠵᠢᠯ ᠤᠨ ᠬᠠᠷᠠᠯᠲᠠ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠢ ᠲᠣᠪᠤᠶᠢᠮ᠎ᠠ ᠰᠠᠶᠢᠲᠤᠷ ᠠᠳᠬᠤᠵᠤ᠂ ᠠᠵᠢᠯ ᠢᠶᠠᠨ ᠡᠬᠢᠯᠡᠭᠦᠯᠦᠭᠡᠳᠦᠢ ᠶᠢ ᠨᠢ ᠵᠢᠯ ᠤᠨ ᠳᠣᠲᠣᠷ᠎ᠠ ᠠᠵᠢᠯ ᠢᠶᠠᠨ ᠡᠬᠢᠯᠡᠭᠦᠯᠬᠦ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠨᠢᠭᠡᠨᠲᠡ ᠠᠵᠢᠯ ᠢᠶᠠᠨ ᠡᠬᠢᠯᠡᠭᠦᠯᠦᠭᠰᠡᠨ ᠨᠢ ᠠᠬᠢᠴᠠ ᠪᠠᠨ ᠱᠠᠯᠠᠪᠳᠠᠨ ᠠᠳᠬᠤᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠪᠦᠭᠦ ᠬᠦᠴᠦᠨ ᠢᠶᠠᠷ ᠢᠶᠠᠨ ᠥᠷᠭᠡᠳᠬᠡᠵᠦ᠂ ᠨᠠᠩ ᠣᠯᠠᠨ ᠪᠣᠳᠠᠲᠤ ᠠᠵᠢᠯ ᠤᠨ ᠬᠡᠮᠵᠢᠶ᠎ᠡ ᠶᠢ ᠪᠦᠷᠢᠯᠳᠦᠭᠦᠯᠵᠦ᠂ ᠪᠤᠶ ᠪᠦᠬᠦᠢ ᠲᠥᠷᠥᠯ ᠵᠦᠢᠯ ᠢ ᠨᠢᠭᠡᠳᠬᠡᠪᠡᠯ ᠵᠣᠬᠢᠬᠤ ᠶᠢ ᠨᠢ ᠪᠦᠭᠦᠨ ᠢ ᠨᠢᠭᠡᠳᠬᠡᠬᠦ ᠪᠠᠷ ᠴᠢᠷᠮᠠᠶᠢᠬᠤ ᠬᠡᠷᠡᠭᠲᠡᠢ᠃ ᠭᠤᠣᠯᠳᠠᠯᠭ᠎ᠠ ᠲᠠᠢ ᠢᠨᠵᠧᠨᠧᠷᠢᠩ ᠢ ᠰᠠᠶᠢᠲᠤᠷ ᠠᠳᠬᠤᠵᠤ᠂ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ︽ᠵᠢᠷᠭᠤᠭᠠᠨ ᠢᠨᠵᠧᠨᠧᠷᠢᠩ ︾ ᠤᠨ ᠣᠨ ᠤ ᠡᠭᠦᠷᠭᠡ ᠶᠢᠨ ᠰᠡᠭᠦᠯ ᠬᠤᠷᠢᠶᠠᠬᠤ ᠳᠠᠶᠢᠯᠠᠯᠳᠤᠭᠠᠨ ᠢ ᠪᠦᠭᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠤᠯᠤᠰ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠢᠳᠡᠪᠬᠢᠲᠡᠢ ᠲᠡᠮᠡᠴᠡᠨ ᠣᠯᠵᠤ᠂ ᠨᠢᠭᠡ ᠪᠦᠯᠦᠭ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠪᠴᠢᠯᠡᠨ ᠭᠠᠷᠭᠠᠵᠤ᠂ ᠬᠥᠭᠵᠢᠯᠲᠡ ᠶᠢᠨ ᠳᠤᠮᠳᠠᠬᠢ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠬᠦ ᠬᠡᠷᠡᠭᠲᠡᠢ᠃ ᠲᠠᠩᠰᠠ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠡᠯ᠎ᠡ ᠲᠥᠷᠥᠯ ᠤᠨ ᠬᠢᠨᠠᠯᠲᠠ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠵᠦ᠂ ᠠᠶᠤᠯᠭᠦᠢ ᠦᠢᠯᠡᠳᠪᠦᠷᠢᠯᠡᠯ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠠᠮᠤᠷ ᠤᠨ ᠬᠤᠷᠢᠶᠠᠯᠲᠠ ᠶᠢᠨ ᠠᠵᠢᠯ ᠢ ᠰᠠᠶᠢᠲᠤᠷ ᠬᠢᠵᠦ᠂ ᠮᠥᠬᠦᠯᠢᠭ ᠠᠮᠤ ᠶᠢ ᠴᠤ ᠬᠥᠮᠥᠷᠭᠡ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠡᠭᠡᠳᠦ ᠬᠢᠵᠠᠭᠠᠷ ᠢ ᠴᠢᠩᠭ᠎ᠠ ᠰᠠᠬᠢᠵᠤ᠂ ᠠᠷᠪᠢᠲᠠᠢ ᠡᠷᠴᠢᠮᠯᠢᠭ᠌ ᠠᠰᠢᠭᠯᠠᠬᠤ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠬᠤ ᠢᠯᠠᠩᠭᠤᠶ᠎ᠠ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠵᠦ᠂ ᠣᠨᠴᠠᠯᠢᠭᠲᠤ ᠳᠠᠪᠠᠭᠤᠯᠢᠭ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠷᠬᠡ ᠶᠢ ᠲᠠᠯᠪᠢᠬᠤ ᠰᠠᠨᠠᠯ ᠢ ᠬᠢᠨᠠᠨ ᠵᠥᠪᠯᠡᠵᠦ ᠪᠠᠲᠤᠯᠠᠨ᠂ ᠲᠥᠷᠥᠯ ᠵᠦᠢᠯ ᠤᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠩᠰᠠ ᠲᠠᠶᠢᠯᠬᠤ ᠲᠠᠰ ᠳᠠᠷᠠᠭᠠᠯᠠᠯ ᠢ ᠳᠥᠭᠦᠮᠴᠢᠯᠡᠨ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠰᠠᠶᠢᠵᠢᠷᠠᠭᠤᠯᠤᠨ᠂ ᠲᠥᠷᠥ ᠶᠢᠨ ᠪᠣᠳᠣᠯᠭ᠎ᠠ ᠶᠢᠨ ᠳᠥᠭᠦᠮ ᠳᠥᠲᠡ ᠴᠢᠨᠠᠷ ᠢᠶᠠᠷ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠨᠠᠩ ᠶᠡᠭᠡ ᠡᠵᠡᠨ ᠮᠡᠳᠡᠬᠦ ᠡᠷᠬᠡ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠠᠵᠤ ᠠᠬᠤᠶᠢᠯᠠᠯ ᠤᠨ ᠥᠷᠢ ᠰᠢᠷᠢ ᠥᠷᠢᠲᠦᠬᠦ ᠠᠰᠠᠭᠤᠳᠠᠯ ᠢ ᠰᠢᠢᠳᠪᠦᠷᠢᠯᠡᠬᠦ᠂ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠠᠵᠢᠯ ᠢ ᠰᠤᠳᠤᠯᠵᠤ᠂ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号