ᠲᠦᠴᠢᠦᠸᠠᠨ ᠰᠢᠶᠠᠨ ᠤ《 ᠲᠦᠴᠢᠦᠸᠠᠨ ᠰᠢᠶᠠᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠱᠠᠩᠨᠠᠵᠤ ᠲᠣᠷᠭᠠᠬᠤ ᠶᠢᠨ ᠬᠡᠷᠡᠭᠵᠢᠭᠦᠯᠬᠦ ᠠᠷᠭ᠎ᠠ 》 ᠶᠢ ᠳᠠᠷᠤᠮᠠᠯᠯᠠᠨ ᠲᠠᠷᠬᠠᠭᠠᠬᠤ ᠲᠤᠬᠠᠶ ᠠᠷᠠᠳ ᠤᠨ ᠵᠠᠰᠠᠭ  ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/9/3
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠵᠥᠪᠯᠡᠯ᠂ ᠠᠯᠪᠠᠨ ᠭᠡᠷ᠂ ᠲᠣᠪᠴᠢᠶ᠎ᠠ᠄     ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ 《 ᠲᠦᠴᠢᠦᠸᠠᠨ ᠰᠢᠶᠠᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠱᠠᠩᠨᠠᠵᠤ ᠲᠣᠷᠭᠠᠬᠤ ᠶᠢᠨ ᠬᠡᠷᠡᠭᠵᠢᠭᠦᠯᠬᠦ ᠠᠷᠭ᠎ᠠ 》 ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ  ᠃                                               2024 ᠣᠨ ᠤ 8 ᠰᠠᠷ᠎ᠠ ᠶᠢᠨ 29 ᠤ ᠡᠳᠦᠷ      ᠲᠦᠴᠢᠦᠸᠠᠨ ᠰᠢᠶᠠᠨ ᠤ ᠲᠠᠯ᠎ᠠ ᠨᠤᠲᠤᠭ ᠤᠨ ᠠᠮᠢ ᠠᠬᠤᠶ ᠶᠢᠨ ᠱᠠᠩᠨᠠᠨ ᠲᠣᠷᠭᠠᠬᠤ ᠬᠡᠷᠡᠭᠵᠢᠭᠦᠯᠬᠦ ᠠᠷᠭ᠎ᠠ ᠨᠢᠭᠡᠳᠦᠭᠡᠷ ᠪᠦᠯᠦᠭ    ᠶᠡᠷᠦᠩᠬᠡᠢ ᠳᠦᠷᠢᠮ    ᠨᠢᠭᠡᠳᠦᠭᠡᠷ ᠵᠦᠶᠯ    ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ᠂ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠤᠰᠠᠳᠠ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ 》 ᠪᠣᠯᠤᠨ 《 2024 ᠣᠨ ᠤ ᠨᠤᠲᠤᠭ ᠪᠡᠯᠴᠢᠭᠡᠷ ᠤᠨ ᠮᠠᠯᠵᠢᠬᠤ ᠠᠰᠠᠭᠤᠳᠠᠯ ᠢ ᠰᠢᠶᠳᠪᠦᠷᠢᠯᠡᠬᠦ ᠬᠠᠮᠢᠶ᠎ᠠ ᠪᠦᠬᠦᠢ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ ᠮᠡᠳᠡᠭᠳᠡᠯ 》 ( ᠰᠢᠩ ᠵᠠᠬᠢᠷᠭ᠎ᠠ ᠦᠰᠦᠭ 202497 ᠳ᠋ᠤᠭᠠᠷ ᠲᠣᠭᠠᠲᠤ ) ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ  ᠶᠢᠨ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠤᠰ ᠬᠡᠷᠡᠭᠵᠢᠭᠦᠯᠬᠦ ᠠᠷᠭ᠎ᠠ ᠶᠢ ᠲᠣᠭᠲᠠᠭᠠᠪᠠ  ᠃    ᠬᠤᠶᠠᠳᠤᠭᠠᠷ ᠵᠦᠶᠯ    ᠲᠤᠰ ᠠᠷᠭ᠎ᠠ ᠨᠢ ᠲᠦᠴᠢᠦᠸᠠᠨ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠥᠷᠢ ᠱᠠᠩᠨᠠᠯ ᠢ ᠬᠠᠤᠯᠢ ᠶᠣᠰᠣᠭᠠᠷ ᠬᠦᠷᠲᠡᠵᠦ ᠪᠠᠶᠢᠭ᠎ᠠ ᠲᠠᠷᠢᠶᠠᠴᠢᠨ ᠮᠠᠯᠴᠢᠳ ᠲᠤ ᠲᠣᠬᠢᠷᠠᠨ᠎ᠠ  ᠃  ᠭᠤᠷᠪᠠᠳᠤᠭᠠᠷ ᠵᠦᠶᠯ    ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠬᠢᠭᠡᠳ ᠲᠤᠰᠠᠯᠠᠵᠤ ᠱᠠᠩᠨᠠᠬᠤ ᠪᠡᠯᠡ ᠮᠥᠩᠭᠦ ᠶᠢᠨ ᠬᠤᠪᠢᠶᠠᠷᠢᠯᠠᠯᠲᠠ ᠶᠢ ᠬᠤᠯᠪᠣᠭᠳᠠᠭᠤᠯᠵᠤ ᠤᠷᠮᠠᠰᠢᠭᠤᠯᠬᠤ ᠪᠠ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠭᠴᠢ ᠂ ᠬᠤᠬᠢᠷᠠᠭᠤᠯᠤᠭᠰᠠᠳ ᠢ ᠱᠠᠩᠨᠠᠵᠤ ᠲᠣᠷᠭᠠᠬᠤ ᠳᠦᠷᠢᠮ ᠢ ᠴᠢᠩᠭ᠎ᠠ ᠬᠡᠷᠡᠭᠵᠢᠭᠦᠯᠦᠨ᠎ᠡ  ᠃ ᠬᠤᠶᠠᠳᠤᠭᠠᠷ ᠪᠦᠯᠦᠭ  ᠲᠤᠰᠠᠯᠠᠵᠤ ᠱᠠᠩᠨᠠᠬᠤ ᠬᠠᠮᠢᠶᠠᠷᠤᠯᠲᠠ ᠶᠢᠨ ᠲᠣᠭᠲᠠᠴᠠ   ᠳᠥᠷᠪᠡᠳᠦᠭᠡᠷ ᠵᠦᠶᠯ    ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ ᠰᠠᠶᠢᠲᠤᠷ ᠬᠢᠬᠦ ᠬᠡᠷᠡᠭᠲᠡᠶ︔ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ  ᠨᠢ ᠪᠡᠯᠡ ᠮᠥᠩᠭᠦ ᠣᠯᠭᠤᠬᠤ ᠡᠬᠡ ᠳᠠᠩᠰᠠ ᠪᠠᠶᠢᠭᠤᠯᠬᠤ ᠶᠢ ᠬᠠᠷᠢᠭᠤᠴᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠦᠨ᠎ᠡ︔ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠡᠯᠡ ᠮᠥᠩᠭᠦ ᠣᠯᠭᠤᠬᠤ ᠪᠠ ᠠᠮᠵᠢᠯᠲᠠ ᠪᠦᠲᠦᠮᠵᠢ ᠶᠢ ᠬᠠᠮᠢᠶᠠᠷᠬᠤ ᠠᠵᠢᠯ ᠢ ᠬᠠᠷᠢᠭᠤᠴᠠᠨ᠎ᠠ︔ ᠡᠯ᠎ᠡ ᠰᠢᠶᠠᠩ ᠪᠠᠯᠭᠠᠰᠤ ᠬᠠᠷᠢᠶ᠎ᠠ ᠣᠷᠣᠨ ᠤ  ᠪᠠᠨ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ  ᠢ ᠰᠡᠷᠭᠦᠭᠡᠬᠦ ᠠᠵᠢᠯ ᠢ ᠪᠣᠳᠠᠲᠠᠶ ᠬᠠᠷᠢᠭᠤᠴᠠᠨ᠎ᠠ  ᠃   ᠲᠠᠪᠤᠳᠤᠭᠠᠷ ᠵᠦᠶᠯ    ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠤ ᠨᠥᠬᠦᠪᠥᠷᠢ ᠱᠠᠩᠨᠠᠯ ᠬᠦᠷᠲᠡᠵᠦ ᠪᠠᠶᠢᠭ᠎ᠠ ᠲᠠᠷᠢᠶᠠᠴᠢᠨ ᠮᠠᠯᠴᠢᠳ ᠪᠣᠯ ᠨᠤᠲᠤᠭ ᠪᠡᠯᠴᠢᠭᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠪᠠ ᠵᠦᠶ ᠵᠣᠬᠢᠰᠲᠠᠶ ᠠᠰᠢᠭᠯᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ  ᠢ ᠵᠢᠷᠤᠮᠯᠠᠨ᠂ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠪᠠᠨ ᠭᠦᠶᠴᠡᠳᠬᠡᠬᠦ ᠬᠡᠷᠡᠭᠲᠡᠶ  ᠃    ᠵᠢᠷᠭᠤᠳᠤᠭᠠᠷ ᠵᠦᠶᠯ    ᠨᠤᠲᠤᠭ ᠪᠡᠯᠴᠢᠭᠡᠷ ᠤᠨ ᠨᠥᠬᠦᠪᠥᠷᠢ ᠥᠭᠴᠦ ᠱᠠᠩᠨᠠᠬᠤ ᠲᠣᠷᠭᠠᠬᠤ ᠲᠣᠭᠲᠠᠴᠠ ᠶᠢ ᠪᠦᠬᠦ ᠰᠢᠶᠠᠨ ᠤ ᠣᠨ ᠤ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠢᠨᠠᠨ ᠰᠢᠯᠭᠠᠬᠤ ᠠᠭᠤᠯᠭ᠎ᠠ ᠳᠤ ᠣᠷᠣᠭᠤᠯᠤᠨ᠎ᠠ︔ ᠠᠵᠢᠯ ᠢᠶᠠᠨ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠪᠠᠶᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠦᠰ ᠵᠢᠴᠢ ᠨᠢᠭᠡᠴᠡ ᠠᠴᠠ ᠬᠠᠷᠢᠭᠤᠴᠠᠯᠭ᠎ᠠ ᠨᠡᠬᠡᠮᠵᠢᠯᠡᠨ᠎ᠡ  ᠃ ᠭᠤᠷᠪᠠᠳᠤᠭᠠᠷ ᠪᠦᠯᠦᠭ    ᠣᠷᠣᠨ ᠬᠤᠪᠢᠶᠠᠷᠢᠯᠠᠬᠤ     ᠳᠣᠯᠣᠳᠤᠭᠠᠷ ᠵᠦᠶᠯ    ᠪᠦᠬᠦ ᠰᠢᠶᠠᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ  ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠡᠭᠦᠷᠭᠡ ᠪᠣᠯ 209 . 33 ᠲᠦᠮᠡᠨ ᠮᠦ ᠪᠣᠯᠤᠨ᠎ᠠ᠂ ᠲᠦᠴᠢᠦᠸᠠᠨ ᠰᠢᠶᠠᠨ ᠤ ᠬᠢᠯᠢ ᠳᠣᠲᠣᠷᠠᠬᠢ ᠨᠤᠲᠤᠭ ᠪᠡᠯᠴᠢᠭᠡᠷ ᠢ ᠪᠦᠬᠦᠨ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢᠶᠠᠷ ᠲᠣᠭᠲᠠᠭᠠᠪᠠ  ᠃ ᠪᠣᠳᠠᠲᠠᠶ ᠬᠡᠷᠡᠭᠵᠢᠭᠦᠯᠬᠦ ᠨᠥᠬᠦᠪᠥᠷᠢ ᠱᠠᠩᠨᠠᠯ ᠳᠤ ᠲᠦᠴᠢᠦᠸᠠᠨ ᠪᠠᠯᠭᠠᠰᠤ᠂ ᠵᠢᠷᠭᠤᠭᠠᠨ ᠡᠷᠦᠬᠡ ᠶᠢᠨ ᠪᠠᠯᠭᠠᠰᠤ᠂ ᠵᠡᠭᠦᠨ ᠳᠥᠷᠪᠡᠳ ᠪᠠᠯᠭᠠᠰᠤ᠂ ᠪᠦ᠋ᠦ ᠱᠢ ᠪᠠᠯᠭᠠᠰᠤ᠂ ᠱᠦᠶ ᠴᠢᠤᠸᠠᠨ ᠪᠠᠯᠭᠠᠰᠤ᠂ ᠶᠦᠩ ᠠᠨ ᠪᠠᠯᠭᠠᠰᠤ᠂ ᠰᠢᠤᠸᠠᠢ ᠲᠢᠶᠠᠨ ᠰᠢᠶᠠᠩ᠂ ᠲᠠᠶᠢᠫᠢᠩ ᠰᠢᠶᠠᠩ᠂ ᠵᠢᠦ ᠯᠦᠩ ᠰᠢᠶᠠᠩ ᠵᠡᠷᠭᠡ 9 ᠰᠢᠶᠠᠩ ᠪᠠᠯᠭᠠᠰᠤ ᠪᠠᠭᠲᠠᠨ᠎ᠠ  ᠃ ᠳᠥᠷᠪᠡᠳᠦᠭᠡᠷ ᠪᠦᠯᠦᠭ   ᠲᠤᠰᠠᠯᠠᠵᠤ ᠱᠠᠩᠨᠠᠬᠤ ᠬᠡᠪᠴᠢᠶ᠎ᠡ ᠬᠢᠭᠡᠳ ᠱᠠᠩᠨᠠᠵᠤ ᠲᠣᠷᠭᠠᠬᠤ ᠲᠣᠭᠲᠠᠭᠠᠯ    ᠨᠠᠶᠮᠠᠳᠤᠭᠠᠷ ᠵᠦᠶᠯ   ᠪᠡᠯᠴᠢᠭᠡᠷᠯᠡᠭᠦᠯᠬᠦ ᠶᠢ ᠴᠠᠭᠠᠵᠠᠯᠠᠬᠤ ᠪᠠᠷ ᠢᠯᠭᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠡᠭᠦᠷᠭᠡ ᠶᠢ ᠭᠦᠶᠴᠡᠳᠬᠡᠭᠰᠡᠨ ᠲᠠᠷᠢᠶᠠᠴᠢᠨ ᠮᠠᠯᠴᠢᠳ ᠲᠤ ᠲᠤᠰᠠᠯᠠᠵᠤ ᠱᠠᠩᠨᠠᠬᠤ ᠪᠠᠷᠢᠮᠵᠢᠶ᠎ᠠ ᠬᠢᠭᠡᠳ ᠪᠠᠶᠢᠭ᠎ᠠ ᠲᠣᠰᠬᠤᠨ ᠤ ᠨᠤᠲᠤᠭ ᠪᠡᠯᠴᠢᠭᠡᠷ ᠤᠨ ᠲᠠᠯᠠᠪᠠᠶ ᠶᠣᠰᠣᠭᠠᠷ ᠲᠤᠰᠠᠯᠠᠵᠤ ᠱᠠᠩᠨᠠᠬᠤ ᠬᠡᠷᠡᠭᠲᠡᠶ  ᠃    ᠶᠢᠰᠦᠳᠦᠭᠡᠷ ᠵᠦᠶᠯ    ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠬᠦᠷᠲᠡᠵᠦ ᠪᠠᠶᠢᠭ᠎ᠠ ᠲᠠᠷᠢᠶᠠᠴᠢᠨ ᠮᠠᠯᠴᠢᠳ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠳᠦᠷᠢᠮ ᠢ ᠵᠢᠷᠤᠮᠯᠠᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠬᠠᠷᠢᠭᠤᠴᠠᠯᠭ᠎ᠠ ᠪᠠᠨ ᠭᠦᠶᠴᠡᠳᠬᠡᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠠᠵᠢᠯ ᠤᠨ ᠱᠠᠭᠠᠷᠳᠠᠯᠭ᠎ᠠ ᠳᠤ ᠬᠦᠷᠦᠭᠰᠡᠨ ᠪᠣᠯ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠪᠦᠬᠦ ᠲᠤᠭ᠎ᠠ ᠪᠠᠷ ᠨᠢ ᠣᠯᠭᠤᠬᠤ ᠬᠡᠷᠡᠭᠲᠡᠶ  ᠃    ᠠᠷᠪᠠᠳᠤᠭᠠᠷ ᠵᠦᠶᠯ     ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠶ᠂ ᠮᠠᠯᠵᠢᠬᠤ ᠶᠢ ᠴᠠᠭᠠᠵᠠᠯᠠᠬᠤ ᠣᠷᠣᠨ ᠳᠤ ᠲᠣᠭᠲᠠᠭᠠᠯ ᠠᠴᠠ ᠵᠥᠷᠢᠴᠡᠨ ᠬᠤᠶᠠᠷ ᠤᠳᠠᠭ᠎ᠠ ᠠᠴᠠ ᠳᠡᠭᠡᠭᠰᠢ ᠮᠠᠯ ᠮᠠᠯᠵᠢᠭᠤᠯᠤᠭᠰᠠᠨ ᠪᠣᠯ ᠲᠤᠰ ᠵᠢᠯ ᠤᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠨᠢ ᠰᠠᠭᠤᠯᠭᠠᠨ ᠠᠪᠬᠤ ᠬᠡᠷᠡᠭᠲᠡᠶ  ᠃    ᠠᠷᠪᠠᠨ ᠨᠢᠭᠡᠳᠦᠭᠡᠷ ᠵᠦᠶᠯ    ᠡᠯ᠎ᠡ ᠰᠢᠶᠠᠩ ᠪᠠᠯᠭᠠᠰᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠮᠠᠯᠴᠢᠨ ᠲᠠᠷᠢᠶᠠᠴᠢᠨ ᠤ ᠲᠠᠷᠢᠵᠤ ᠲᠡᠵᠢᠭᠡᠬᠦ ᠶᠢ ᠤᠶᠠᠯᠳᠤᠭᠤᠯᠬᠤ᠂ ᠬᠠᠰᠢᠶᠠᠯᠠᠨ ᠲᠡᠵᠢᠭᠡᠵᠦ ᠦᠷᠡᠵᠢᠭᠦᠯᠬᠦ᠂ ᠡᠭᠦᠯᠳᠡᠷ ᠰᠠᠶᠢᠵᠢᠷᠠᠭᠤᠯᠬᠤ᠂ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠬᠦ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠬᠤ ᠵᠡᠷᠭᠡ ᠠᠷᠭ᠎ᠠ ᠬᠡᠯᠪᠡᠷᠢ ᠪᠠᠷ ᠲᠠᠯ᠎ᠠ ᠨᠤᠲᠤᠭ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠠᠯ᠎ᠠ ᠨᠤᠲᠤᠭ ᠤᠨ ᠳᠠᠭᠠᠭᠠᠴᠠ ᠶᠢᠨ ᠳᠠᠷᠤᠯᠲᠠ ᠶᠢ ᠬᠥᠩᠭᠡᠷᠡᠭᠦᠯᠬᠦ ᠶᠢ ᠵᠣᠷᠢᠭᠵᠢᠭᠤᠯᠬᠤ ᠬᠡᠷᠡᠭᠲᠡᠶ  ᠃ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠲᠤᠰᠠᠯᠠᠵᠤ ᠱᠠᠩᠨᠠᠬᠤ ᠪᠡᠯᠡ ᠮᠥᠩᠭᠦ ᠶᠢ ᠨᠤᠲᠤᠭ ᠪᠡᠯᠴᠢᠭᠡᠷ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠳᠤ ᠬᠡᠷᠡᠭᠯᠡᠭᠦᠯᠵᠦ᠂ ᠲᠤᠰᠠᠯᠠᠵᠤ ᠱᠠᠩᠨᠠᠬᠤ ᠪᠡᠯᠡ ᠮᠥᠩᠭᠦ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠬᠢ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠶ  ᠃  ᠲᠠᠪᠤᠳᠤᠭᠠᠷ ᠪᠦᠯᠦᠭ    ᠨᠥᠬᠦᠪᠥᠷᠢ ᠱᠠᠩᠨᠠᠯ ᠣᠯᠭᠤᠬᠤ ᠳᠡᠰ ᠳᠠᠷᠠᠭᠠᠯᠠᠯ    ᠠᠷᠪᠠᠨ ᠬᠤᠶᠠᠳᠤᠭᠠᠷ ᠵᠦᠶᠯ   ᠲᠤᠰ ᠲᠣᠰᠬᠤᠨ ᠤ ᠮᠠᠯᠵᠢᠬᠤ ᠶᠢ ᠴᠠᠭᠠᠵᠠᠯᠠᠵᠤ ᠨᠥᠬᠦᠪᠥᠷᠢᠯᠡᠨ ᠱᠠᠩᠨᠠᠬᠤ ᠶᠢ ᠬᠦᠷᠲᠡᠵᠦ ᠪᠠᠶᠢᠭ᠎ᠠ ᠲᠠᠷᠢᠶᠠᠯᠠᠬᠤ ᠮᠠᠯᠵᠢᠬᠤ ᠡᠷᠦᠬᠡ ᠳᠤ ᠪᠣᠯ ᠲᠣᠰᠬᠤᠨ ᠤ ᠠᠷᠠᠳ ᠤᠨ ᠵᠥᠪᠯᠡᠯ ᠠᠴᠠ ᠠᠩᠬ᠎ᠠ ᠬᠢᠨᠠᠵᠤ ᠳᠠᠩᠰᠠᠯᠠᠭᠰᠠᠨ ᠤ ᠳᠠᠷᠠᠭ᠎ᠠ᠂ ᠲᠤᠰ ᠲᠣᠰᠬᠤᠨ ᠳᠤ ᠵᠠᠷᠯᠠᠨ ᠨᠡᠶᠢᠲᠡᠯᠡᠵᠦ᠂ ᠳᠣᠤᠷᠠᠬᠢ ᠭᠤᠤᠯ ᠠᠭᠤᠯᠭ᠎ᠠ ᠶᠢ ᠵᠠᠷᠯᠠᠨ᠎ᠠ᠄ ᠲᠠᠷᠢᠶᠠᠯᠠᠬᠤ ᠮᠠᠯᠵᠢᠬᠤ ᠡᠷᠦᠬᠡ ᠶᠢᠨ ᠣᠪᠣᠭ ᠨᠡᠷ᠎ᠡ᠂ ᠨᠥᠬᠦᠪᠥᠷᠢ ᠱᠠᠩᠨᠠᠯ ᠤᠨ ᠨᠤᠲᠤᠭ ᠪᠡᠯᠴᠢᠭᠡᠷ ᠤᠨ ᠲᠠᠯᠠᠪᠠᠶ᠂ ᠮᠠᠯᠵᠢᠬᠤ ᠶᠢ ᠴᠠᠭᠠᠵᠠᠯᠠᠭᠰᠠᠨ ᠲᠠᠯᠠᠪᠠᠶ᠂ ᠨᠥᠬᠦᠪᠥᠷᠢ ᠱᠠᠩᠨᠠᠯ ᠤᠨ ᠵᠣᠭᠤᠰ ᠤᠨ ᠲᠤᠭ᠎ᠠ ᠶᠢ ᠬᠦᠷᠲᠡᠨ᠎ᠡ  ᠃ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠰᠠᠭᠤᠯᠭᠠᠨ ᠠᠪᠤᠭᠰᠠᠨ ᠮᠠᠯᠵᠢᠬᠤ ᠲᠠᠷᠢᠶᠠᠯᠠᠬᠤ ᠡᠷᠦᠬᠡ ᠳᠤ ᠬᠤᠯᠪᠣᠭᠳᠠᠪᠠᠯ᠂ ᠪᠠᠰᠠ ᠰᠠᠭᠤᠯᠭᠠᠨ ᠠᠪᠤᠭᠰᠠᠨ ᠰᠢᠯᠲᠠᠭᠠᠨ᠂ ᠰᠠᠭᠤᠯᠭᠠᠨ ᠠᠪᠤᠭᠰᠠᠨ ᠪᠠᠷᠢᠮᠵᠢᠶ᠎ᠠ ᠵᠢᠴᠢ ᠰᠠᠭᠤᠯᠭᠠᠨ ᠠᠪᠤᠭᠰᠠᠨ ᠵᠣᠭᠤᠰ ᠤᠨ ᠲᠤᠭ᠎ᠠ ᠵᠡᠷᠭᠡ ᠶᠢ ᠨᠡᠶᠢᠲᠡᠯᠡᠬᠦ ᠬᠡᠷᠡᠭᠲᠡᠶ  ᠃ ᠢᠯᠡ ᠨᠡᠶᠢᠲᠡᠯᠡᠭᠰᠡᠨ ᠳᠣᠯᠣᠭᠠᠨ ᠡᠳᠦᠷ ᠤᠨ ᠳᠠᠷᠠᠭ᠎ᠠ᠂ ᠣᠨᠳᠣᠣ ᠰᠠᠨᠠᠯ ᠦᠭᠡᠶ ᠪᠣᠯ᠂ ᠪᠠᠶᠢᠭ᠎ᠠ ᠭᠠᠵᠠᠷ ᠤᠨ ᠢᠶᠠᠨ ᠰᠢᠶᠠᠩ ᠪᠠᠯᠭᠠᠰᠤ ᠶᠢᠨ ᠠᠷᠠᠳ ᠤᠨ ᠵᠠᠰᠠᠭ  ᠤᠨ ᠣᠷᠳᠣᠨ ᠳᠤ ᠮᠡᠳᠡᠭᠦᠯᠬᠦ ᠬᠡᠷᠡᠭᠲᠡᠶ︔ ᠣᠨᠳᠣᠣ ᠰᠠᠨᠠᠯ ᠲᠠᠢ ᠪᠣᠯ ᠲᠣᠰᠬᠤᠨ ᠤ ᠠᠷᠠᠳ ᠤᠨ ᠵᠥᠪᠯᠡᠯ ᠠᠴᠠ ᠳᠠᠬᠢᠨ ᠬᠢᠨᠠᠨ ᠬᠠᠷᠭᠤᠭᠤᠯᠵᠤ᠂ ᠣᠨᠳᠣᠣ ᠰᠠᠨᠠᠯ ᠨᠢ ᠵᠦᠢ ᠶᠣᠰᠣᠨ ᠳᠤ ᠨᠡᠶᠢᠴᠡᠵᠦ ᠪᠠᠶᠢᠪᠠᠯ ᠳᠡᠭᠡᠭᠰᠢ ᠮᠡᠳᠡᠭᠦᠯᠬᠦ ᠦᠭᠡᠶ ᠪᠠᠶᠢᠬᠤ ᠶᠢᠨ ᠬᠠᠮᠲᠤ ᠤᠴᠢᠷ ᠰᠢᠯᠲᠠᠭᠠᠨ ᠢᠶᠠᠨ ᠪᠢᠴᠢᠭ ᠢᠶᠠᠷ ᠮᠡᠳᠡᠭᠳᠡᠬᠦ ᠬᠡᠷᠡᠭᠲᠡᠶ  ᠃   ᠠᠷᠪᠠᠨ ᠭᠤᠷᠪᠠᠳᠤᠭᠠᠷ ᠵᠦᠶᠯ    ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠡᠯ᠎ᠡ ᠵᠠᠰᠠᠭ ᠵᠠᠬᠢᠷᠭᠠᠨ ᠤ ᠲᠣᠰᠬᠤᠨ ᠤ ᠳᠡᠭᠡᠭᠰᠢ ᠮᠡᠳᠡᠭᠦᠯᠦᠭᠰᠡᠨ ᠨᠡᠷ᠎ᠡ ᠶᠢᠨ ᠪᠦᠷᠢᠳᠬᠡᠯ ᠢ ᠬᠢᠨᠠᠨ ᠬᠠᠷᠭᠤᠭᠤᠯᠵᠤ ᠨᠡᠶᠢᠲᠡᠯᠡᠨ᠂ ᠳᠣᠤᠷᠠᠬᠢ ᠭᠤᠤᠯ ᠠᠭᠤᠯᠭ᠎ᠠ ᠶᠢ ᠨᠡᠶᠢᠲᠡ ᠳᠤ ᠵᠠᠷᠯᠠᠨ᠎ᠠ᠄ ᠮᠠᠯᠵᠢᠬᠤ ᠲᠠᠷᠢᠶᠠᠯᠠᠬᠤ ᠡᠷᠦᠬᠡ ᠶᠢᠨ ᠣᠪᠣᠭ ᠨᠡᠷ᠎ᠡ᠂ ᠨᠥᠬᠦᠪᠥᠷᠢ ᠱᠠᠩᠨᠠᠯ ᠤᠨ ᠨᠤᠲᠤᠭ ᠪᠡᠯᠴᠢᠭᠡᠷ ᠤᠨ ᠲᠠᠯᠠᠪᠠᠶ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠠᠯᠠᠪᠠᠶ᠂ ᠨᠥᠬᠦᠪᠥᠷᠢ ᠱᠠᠩᠨᠠᠯ ᠤᠨ ᠵᠣᠭᠤᠰ ᠤᠨ ᠲᠤᠭ᠎ᠠ ᠶᠢ ᠬᠦᠷᠲᠡᠭᠡᠨ᠎ᠡ  ᠃ ᠨᠥᠬᠦᠪᠥᠷᠢ ᠱᠠᠩᠨᠠᠯ ᠤᠨ ᠮᠥᠩᠭᠦ ᠶᠢ ᠰᠠᠭᠤᠯᠭᠠᠨ ᠠᠪᠤᠭᠰᠠᠨ ᠲᠠᠷᠢᠶᠠᠯᠠᠬᠤ ᠮᠠᠯᠵᠢᠬᠤ ᠡᠷᠦᠬᠡ ᠳᠤ ᠬᠤᠯᠪᠣᠭᠳᠠᠪᠠᠯ᠂ ᠪᠠᠰᠠ ᠰᠠᠭᠤᠯᠭᠠᠨ ᠠᠪᠤᠭᠰᠠᠨ ᠰᠢᠯᠲᠠᠭᠠᠨ᠂ ᠰᠠᠭᠤᠯᠭᠠᠨ ᠠᠪᠤᠭᠰᠠᠨ ᠪᠠᠷᠢᠮᠵᠢᠶ᠎ᠠ ᠵᠢᠴᠢ ᠰᠠᠭᠤᠯᠭᠠᠨ ᠠᠪᠤᠭᠰᠠᠨ ᠵᠣᠭᠤᠰ ᠤᠨ ᠲᠤᠭ᠎ᠠ ᠵᠡᠷᠭᠡ ᠶᠢ ᠨᠡᠶᠢᠲᠡᠯᠡᠵᠦ᠂ ᠢᠯᠡ ᠨᠡᠶᠢᠲᠡᠯᠡᠭᠰᠡᠨ ᠳᠣᠯᠣᠭᠠᠨ ᠡᠳᠦᠷ ᠤᠨ ᠳᠠᠷᠠᠭ᠎ᠠ᠂ ᠣᠨᠳᠣᠣ ᠰᠠᠨᠠᠯ ᠦᠭᠡᠶ ᠪᠣᠯ ᠳᠡᠭᠡᠭᠰᠢ ᠰᠢᠶᠠᠨ  ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠶ︔ ᠣᠨᠳᠣᠣ ᠰᠠᠨᠠᠯ ᠲᠠᠢ ᠪᠣᠯ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠠᠴᠠ ᠳᠠᠬᠢᠨ ᠬᠢᠨᠠᠨ ᠬᠠᠷᠭᠤᠭᠤᠯᠵᠤ᠂ ᠣᠨᠳᠣᠣ ᠰᠠᠨᠠᠯ ᠨᠢ ᠵᠦᠢ ᠶᠣᠰᠣᠨ ᠳᠤ ᠨᠡᠶᠢᠴᠡᠵᠦ ᠪᠠᠶᠢᠪᠠᠯ ᠳᠡᠭᠡᠭᠰᠢ ᠮᠡᠳᠡᠭᠦᠯᠬᠦ ᠦᠭᠡᠶ ᠪᠠᠶᠢᠬᠤ ᠶᠢᠨ ᠬᠠᠮᠲᠤ ᠤᠴᠢᠷ ᠰᠢᠯᠲᠠᠭᠠᠨ ᠢᠶᠠᠨ ᠪᠢᠴᠢᠭ ᠢᠶᠠᠷ ᠮᠡᠳᠡᠭᠳᠡᠬᠦ ᠬᠡᠷᠡᠭᠲᠡᠶ  ᠃    ᠠᠷᠪᠠᠨ ᠳᠥᠷᠪᠡᠳᠦᠭᠡᠷ ᠵᠦᠶᠯ    ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢ ᠡᠯ᠎ᠡ ᠰᠢᠶᠠᠩ ᠪᠠᠯᠭᠠᠰᠤ ᠶᠢᠨ ᠳᠡᠭᠡᠭᠰᠢ ᠮᠡᠳᠡᠭᠦᠯᠦᠭᠰᠡᠨ ᠨᠡᠷ᠎ᠡ ᠶᠢᠨ ᠪᠦᠷᠢᠳᠬᠡᠯ ᠢ ᠣᠯᠤᠭᠰᠠᠨ ᠤ ᠳᠠᠷᠠᠭ᠎ᠠ᠂ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ ᠲᠠᠢ ᠬᠠᠮᠲᠤᠷᠠᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠳᠦᠷᠢᠮ ᠢ ᠬᠡᠷᠡᠭᠵᠢᠭᠦᠯᠦᠭᠰᠡᠨ ᠪᠠᠶᠢᠳᠠᠯ᠂ ᠨᠤᠲᠤᠭ ᠪᠡᠯᠴᠢᠭᠡᠷ ᠤᠨ ᠦᠶᠯᠡᠳᠪᠦᠷᠢᠯᠡᠯ ᠤᠨ ᠬᠦᠴᠦᠨ ᠤ ᠬᠥᠷᠥᠰᠥᠨ ᠳᠡᠭᠡᠷᠡᠬᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠦᠷ᠎ᠡ ᠳ᠋ᠦᠩ ᠲᠠᠢ ᠤᠶᠠᠯᠳᠤᠭᠤᠯᠤᠨ᠂ ᠮᠡᠳᠡᠭᠦᠯᠦᠭᠰᠡᠨ ᠮᠠᠯᠵᠢᠬᠤ ᠲᠠᠷᠢᠶᠠᠯᠠᠬᠤ ᠡᠷᠦᠬᠡ ᠳᠤ ᠬᠠᠤᠯᠢ ᠲᠣᠭᠲᠠᠭᠠᠯ  ᠠᠴᠠ ᠵᠥᠷᠢᠴᠡᠭᠰᠡᠨ ᠡᠰᠡᠬᠦ ᠵᠢᠴᠢ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ᠂ ᠣᠯᠭᠤᠬᠤ ᠱᠠᠭᠠᠷᠳᠠᠯᠭ᠎ᠠ ᠳᠤ ᠬᠦᠷᠦᠭᠰᠡᠨ ᠡᠰᠡᠬᠦ ᠵᠡᠷᠭᠡ ᠶᠢ ᠳᠠᠬᠢᠨ ᠬᠢᠨᠠᠬᠤ ᠬᠡᠷᠡᠭᠲᠡᠶ  ᠃ ᠳᠠᠬᠢᠨ ᠬᠢᠨᠠᠬᠤ ᠪᠠᠷ ᠳᠠᠮᠵᠢᠭᠠᠳ ᠣᠯᠭᠤᠬᠤ ᠱᠠᠭᠠᠷᠳᠠᠯᠭ᠎ᠠ ᠳᠤ ᠬᠦᠷᠦᠭᠰᠡᠨ ᠳᠤᠨᠢ ᠰᠢᠶᠠᠨ ᠤ ᠡᠳ ᠤᠨ ᠵᠠᠰᠠᠭ ᠠᠴᠠ ᠲᠤᠰᠠᠯᠠᠵᠤ ᠱᠠᠩᠨᠠᠬᠤ ᠪᠡᠯᠡ ᠮᠥᠩᠭᠦ ᠶᠢ 《 ᠪᠦᠬᠦᠨ ᠳᠤ ᠲᠣᠬᠢᠷᠠᠬᠤ ᠺᠠᠷᠲ 》 ᠤᠨ ᠠᠷᠭ᠎ᠠ ᠮᠠᠶ ᠢᠭ ᠢᠶᠠᠷ ᠳᠠᠮᠵᠢᠭᠤᠯᠤᠨ ᠣᠯᠭᠤᠨ᠎ᠠ  ᠃ ᠳᠠᠬᠢᠨ ᠬᠢᠨᠠᠬᠤ ᠪᠠᠷ ᠳᠠᠮᠵᠢᠭᠠᠳ ᠰᠠᠭᠤᠯᠭᠠᠨ ᠶᠠᠪᠤᠭᠤᠯᠬᠤ ᠳᠤ ᠬᠤᠯᠪᠣᠭᠳᠠᠭᠰᠠᠨ ᠪᠠᠶᠢᠪᠠᠯ᠂ ᠤᠴᠢᠷ ᠰᠢᠯᠲᠠᠭᠠᠨ ᠢ ᠪᠢᠴᠢᠭ ᠢᠶᠠᠷ ᠮᠡᠳᠡᠭᠳᠡᠬᠦ ᠬᠡᠷᠡᠭᠲᠡᠢ  ᠃  ᠠᠷᠪᠠᠨ ᠲᠠᠪᠤᠳᠤᠭᠠᠷ ᠵᠦᠶᠯ    ᠰᠠᠭᠤᠯᠭᠠᠨ ᠣᠯᠭᠤᠭᠰᠠᠨ ᠲᠤᠰᠠᠯᠠᠵᠤ ᠱᠠᠩᠨᠠᠬᠤ ᠪᠡᠯᠡ ᠮᠥᠩᠭᠦ ᠶᠢ ᠪᠦᠬᠦ ᠲᠤᠭ᠎ᠠ  ᠪᠠᠷ ᠨᠢ ᠰᠢᠶᠠᠨ ᠤ ᠡᠳ᠋ ᠤᠨ ᠵᠠᠰᠠᠭ ᠲᠤ ᠲᠤᠰᠢᠶᠠᠬᠤ ᠶᠢᠨ ᠬᠠᠮᠲᠤ ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ ᠶᠢ ᠴᠢᠩᠭ᠎ᠠ ᠬᠡᠷᠡᠭᠵᠢᠭᠦᠯᠵᠦ᠂ ᠰᠢᠶᠠᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠠᠵᠢᠯ ᠳᠤ ᠲᠤᠰᠬᠠᠶ ᠵᠦᠶᠯ ᠢᠶᠠᠷ ᠬᠡᠷᠡᠭᠯᠡᠬᠦ ᠬᠡᠷᠡᠭᠲᠡᠶ  ᠃ ᠵᠢᠷᠭᠤᠳᠤᠭᠠᠷ ᠪᠦᠯᠦᠭ    ᠳᠠᠭᠠᠯᠳᠤᠭᠤᠯᠤᠭᠰᠠᠨ ᠳᠦᠷᠢᠮ    ᠠᠷᠪᠠᠨ ᠵᠢᠷᠭᠤᠳᠤᠭᠠᠷ ᠵᠦᠶᠯ    ᠲᠤᠰ ᠠᠷᠭ᠎ᠠ ᠶᠢ ᠬᠡᠷᠡᠭᠵᠢᠭᠦᠯᠬᠦ ᠶᠠᠪᠤᠴᠠ ᠳᠠᠬᠢ ᠪᠣᠳᠠᠲᠠᠶ ᠠᠰᠠᠭᠤᠳᠠᠯ ᠢ ᠲᠦᠴᠢᠦᠸᠠᠨ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ  ᠃ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠳᠤ ᠠᠰᠲᠠᠭᠠᠨ ᠰᠢᠨ᠎ᠡ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠶ  ᠃     ᠠᠷᠪᠠᠨ ᠳᠣᠯᠣᠳᠤᠭᠠᠷ ᠵᠦᠶᠯ    ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠤᠨ᠎ᠠ  ᠃              ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                     2024 ᠣᠨ ᠤ 8 ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号