ᠲᠦᠴᠢᠦᠸᠠᠨ ᠪᠠᠯᠭᠠᠰᠤ ︽︿ᠰᠣᠶᠣᠯ﹀ ᠢᠶᠠᠷ ᠤᠮᠠᠷᠠᠲᠤ ᠬᠢᠯᠢ ᠶᠢ ᠲᠤᠯᠠᠭᠠᠯᠠᠵᠦ ᠨᠤᠭᠤᠭ᠎ᠠ ᠶᠢᠨ ᠬᠦᠷᠢᠶᠡᠯᠡᠩ ᠳᠤ ᠪᠦᠵᠢᠭᠯᠡᠬᠦ︾ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/3
   ︽ᠵᠠᠯᠭᠠᠭᠠᠳ᠂ ᠮᠣᠩᠭᠤᠯ ᠪᠥᠵᠢᠭ ︿ᠥᠯᠵᠡᠶ ᠪᠡᠯᠭᠡ ᠲᠠᠢ ᠠᠮᠤᠷ ᠠᠮᠤᠭᠤᠯᠠᠩ﹀ ᠢ ᠰᠣᠨᠢᠷᠬᠠᠭᠠᠷᠠᠶ᠂ ᠣᠯᠠᠨ  ᠢᠶᠠᠷ ᠢᠶᠠᠨ ᠠᠯᠠᠭ᠎ᠠ ᠲᠡᠰᠢᠵᠦ ᠪᠠᠶᠠᠷᠯᠠᠨ ᠤᠭᠲᠤᠶ᠎ᠠ︾᠃ ᠣᠶᠢᠷ᠎ᠠ ᠳᠤ᠂ ᠲᠦᠴᠢᠦᠸᠠᠨ ᠪᠠᠯᠭᠠᠰᠤᠨ ᠤ ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠳᠤ᠂ ᠬᠥᠲᠥᠯᠥᠭᠴᠢ ᠵᠢᠶᠠ ᠴᠢᠦ ᠰᠢᠤᠸᠠᠢ ᠴᠣᠸᠠᠩ ᠶᠧ ᠲᠣᠰᠬᠤᠨ ᠤ ︽ᠠᠨᠠᠷ ᠤᠨ ᠦᠷ᠎ᠡ︾ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠶᠢᠨ ᠬᠥᠷ ᠬᠥᠭᠵᠢᠶᠡᠨᠲᠦ ᠪᠥᠵᠢᠭ ᠢ ᠲᠠᠨᠢᠯᠴᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠬᠢᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠶᠢᠨ ᠲᠥᠯᠥᠭᠡ᠂ 8 ᠰᠠᠷ᠎ᠠ ᠠᠴᠠ ᠨᠠᠰᠢ᠂ ᠲᠦᠴᠢᠦᠸᠠᠨ ᠪᠠᠯᠭᠠᠰᠤ ᠨᠢᠭᠡᠨᠲᠡ ︽︿ᠰᠣᠶᠣᠯ﹀ ᠢᠶᠠᠷ ᠤᠮᠠᠷᠠᠲᠤ ᠬᠢᠯᠢ ᠶᠢ ᠲᠤᠯᠠᠭᠠᠯᠠᠵᠦ ᠨᠤᠭᠤᠭ᠎ᠠ ᠶᠢᠨ ᠬᠦᠷᠢᠶᠡᠯᠡᠩ ᠳᠤ ᠪᠦᠵᠢᠭᠯᠡᠬᠦ︾ ᠰᠢᠷᠢᠰ ᠠᠵᠢᠯᠯᠠᠭ᠎ᠠ ᠶᠢ 6 ᠬᠤᠭᠤᠴᠠᠭ᠎ᠠ ᠥᠷᠨᠢᠭᠦᠯᠵᠦ᠂ ᠡᠷᠬᠢᠨ ᠲᠣᠭᠤᠷᠢᠨ ᠤ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠤᠯᠪᠠ᠃
   ᠨᠠᠮᠤᠷ ᠤᠨ ᠡᠬᠢᠨ ᠤ ᠦᠳᠡᠰᠢ᠂ ᠠᠯᠭᠤᠷ ᠤᠨᠠᠬᠤ ᠦᠳᠡᠰᠢ ᠶᠢᠨ ᠨᠠᠷᠠ᠂ ᠥᠩᠭᠡᠲᠦ ᠲᠤᠶᠠᠭ᠎ᠠ ᠲᠠᠲᠠᠭᠰᠠᠨ ᠦᠳᠡᠰᠢ ᠶᠢᠨ ᠲᠤᠶᠠᠭ᠎ᠠ ᠰᠢᠯᠦᠭ ᠤᠨ ᠠᠶ᠎ᠠ ᠪᠠᠷ ᠪᠢᠯᠬᠠᠨ᠎ᠠ᠃ ᠨᠠᠨ ᠰᠢᠶᠠᠩ ᠬᠤᠳᠠ ᠶᠢᠨ ᠨᠣᠭᠤᠭ᠎ᠠ ᠶᠢᠨ ᠬᠦᠷᠢᠶᠡᠯᠡᠩ ᠳᠤ᠂ ᠵᠤᠭᠠᠴᠠᠭᠰᠠᠳ ᠵᠣᠭᠰᠣᠨ ᠰᠣᠨᠢᠷᠬᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠭᠤᠶᠢᠳᠠ ᠰᠠᠶᠢᠬᠠᠨ ᠪᠥᠵᠢᠭ ᠤᠨ ᠲᠣᠭᠯᠠᠯᠲᠠ ᠶᠢ ᠰᠣᠨᠢᠷᠬᠠᠨ᠎ᠠ᠃    ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠠᠭᠤᠳᠠᠮ ᠲᠠᠯᠠᠪᠠᠢ ᠶᠢᠨ ᠪᠥᠵᠢ᠊ ︽ᠬᠥᠭᠵᠢᠯ ᠪᠠᠳᠠᠷᠠᠯᠲᠤ ᠳᠤᠮᠳᠠᠳᠤ ᠤᠯᠤᠰ︾᠂ ᠪᠥᠮᠪᠥᠷ ᠤᠨ ᠪᠥᠵᠢᠭ ︽ᠰᠠᠶᠢᠨ ᠡᠬᠢᠯᠡᠯᠲᠡ︾᠂ ᠮᠣᠩᠭᠤᠯ ᠪᠥᠵᠢᠭ  ︽ᠰᠢᠨ᠎ᠡ ᠲᠠᠯ᠎ᠠ ᠨᠤᠲᠤᠭ ᠤᠨ ᠬᠠᠶᠢᠷ᠎ᠠ ᠰᠡᠳᠬᠢᠯᠭᠡ︾ ᠵᠡᠷᠭᠡ ᠪᠠᠶᠠᠷ ᠬᠦᠷ ᠲᠠᠢ ᠪᠥᠵᠢᠭ ᠤᠳ ᠦᠵᠡᠭᠴᠢᠳ ᠤᠨ ᠡᠮᠦᠨ᠎ᠡ ᠤᠳᠠᠭ᠎ᠠ ᠳᠠᠷᠠᠭᠠᠯᠠᠨ ᠢᠯᠡᠷᠡᠵᠦ ᠪᠠᠶᠢᠯ᠎ᠠ᠃ ᠵᠤᠭᠠᠴᠠᠭᠰᠠᠳ ᠲᠣᠭᠯᠠᠭᠴᠢᠳ ᠤᠨ ᠤᠷ᠎ᠠ ᠮᠡᠷᠭᠡᠵᠢᠯ ᠪᠣᠯᠤᠨ ᠬᠠᠯᠠᠭᠤᠨ ᠰᠡᠳᠬᠢᠯᠭᠡ ᠳᠤ ᠨᠥᠯᠥᠭᠡᠯᠡᠭᠳᠡᠵᠦ᠂ ᠲᠤᠬᠠᠢ ᠶᠢᠨ ᠲᠠᠯᠠᠪᠠᠢ ᠳᠤ ᠠᠯᠠᠭ᠎ᠠ ᠲᠠᠰᠢᠵᠤ᠂ ᠪᠠᠶᠠᠷ ᠬᠦᠷ ᠢᠶᠠᠷ ᠪᠢᠯᠬᠠᠵᠤ ᠪᠠᠶᠢᠯ᠎ᠠ᠃
   ︽ᠲᠣᠰ ᠲᠣᠭᠯᠠᠯᠲᠠ ᠶᠢᠨ ᠠᠵᠢᠯᠲᠠᠨ ᠪᠣᠯᠤᠭᠰᠠᠨ ᠤ ᠬᠤᠪᠢ ᠳᠤ᠂ ᠪᠢ ᠮᠠᠰᠢ ᠪᠠᠶᠠᠷᠲᠠᠶ ᠪᠠᠶᠢᠨ᠎ᠠ᠃ ᠡᠨᠡ ᠰᠡᠷᠢᠭᠦᠨ ᠰᠥᠨᠢ ᠳᠤ᠂ ᠪᠢᠳᠡᠨ ᠤ ᠲᠣᠭᠯᠠᠯᠲᠠ ᠪᠠᠷ ᠳᠠᠮᠵᠢᠨ᠂ ᠰᠡᠯᠡᠭᠦᠴᠡᠨ ᠲᠣᠭᠤᠷᠢᠬᠤ ᠵᠤᠭᠠᠴᠠᠭᠰᠠᠳ ᠲᠤ ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠤᠨ ᠬᠠᠯᠠᠭᠤᠨ ᠰᠡᠳᠬᠢᠯᠭᠡ ᠪᠠ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠮᠡᠳᠡᠭᠦᠯᠬᠦ ᠶᠢ ᠬᠦᠰᠡᠵᠦ ᠪᠠᠶᠢᠨ᠎ᠠ᠃︾ ᠭᠡᠵᠦ ᠴᠤᠸᠠᠩ ᠶᠧ ᠲᠣᠰᠬᠤᠨ ᠤ ︽ᠠᠨᠠᠷ ᠤᠨ ᠦᠷ᠎ᠡ︾ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠳᠠᠷᠤᠭ᠎ᠠ ᠬᠠᠨ ᠹᠸᠢ ᠬᠡᠯᠡᠪᠡ    ᠲᠦᠴᠢᠦᠸᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠰᠠᠶᠢᠨ ᠳᠤᠷ᠎ᠠ  ᠶᠢᠨ ᠦᠶᠯᠡᠴᠢᠯᠡᠭᠡᠨ ᠤ ᠡᠩᠨᠡᠭᠡ ᠶᠢᠨ ᠦᠶᠯᠡᠳᠦᠯ ᠢ ᠢᠳᠡᠪᠬᠢᠲᠡᠶ ᠪᠠᠳᠠᠷᠠᠭᠤᠯᠵᠤ᠂ ᠰᠤᠷᠤᠯᠴᠠᠬᠤ ᠠᠴᠢᠶᠠᠯᠠᠪᠤᠷᠢ ᠶᠢ ᠪᠠᠶᠠᠯᠢᠭᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠤᠳᠬ᠎ᠠ ᠤᠷᠠᠯᠢᠭ ᠤᠨ ᠠᠵᠢᠯᠯᠠᠭ᠎ᠠ ᠲᠠᠢ ᠤᠶᠠᠯᠳᠤᠭᠤᠯᠵᠤ᠂ ︽ᠵᠢᠵᠢᠭ ᠤᠳᠬ᠎ᠠ ᠤᠷᠠᠯᠢᠭ︾ ᠢ ᠬᠡᠷᠡᠭᠯᠡᠨ ︽ᠶᠡᠭᠡ ᠶᠣᠰᠣ︾ ᠶᠢ ᠰᠠᠶᠢᠲᠤᠷ ᠶᠠᠷᠢᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠣᠭᠯᠠᠯᠲᠠ  ᠪᠠᠷ ᠳᠠᠮᠵᠢᠭᠤᠯᠤᠨ ᠡᠳᠦᠷ ᠲᠤᠲᠤᠮ ᠤᠨ ᠠᠮᠢᠳᠤᠷᠠᠯ ᠳᠤ ᠠᠭᠤᠰᠬᠠᠵᠤ᠂ ᠣᠯᠠᠨ ᠲᠦᠮᠡᠨ ᠤ ᠦᠵᠡᠯ ᠰᠠᠨᠠᠭᠠᠨ ᠤ ︽ᠲᠥᠭᠡᠷᠢᠭᠳᠡᠯ︾ ᠢ ᠠᠷᠢᠯᠭᠠᠵᠤ᠂ ᠣᠶᠤᠨ ᠰᠠᠨᠠᠭᠠᠨ ᠤ ︽ᠳᠠᠷᠤᠯᠲᠠ︾ ᠶᠢ ᠠᠷᠢᠯᠭᠠᠪᠠ᠃
   ᠲᠣᠰ ᠤᠳᠠᠭᠠᠨ ᠤ ᠰᠢᠷᠢᠰ ᠤᠳᠬ᠎ᠠ ᠤᠷᠠᠯᠢᠭ ᠤᠨ ᠠᠵᠢᠯᠯᠠᠭ᠎ᠠ ᠨᠢ ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠤᠨ ᠰᠣᠶᠣᠯ ᠤᠨ ᠠᠭᠤᠷ ᠠᠮᠢᠰᠬᠤᠯ ᠢ ᠪᠦᠲᠦᠮᠵᠢᠲᠡᠶ ᠨᠡᠮᠡᠭᠳᠡᠭᠦᠯᠵᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠡᠯᠪᠡᠭ ᠪᠠᠶᠠᠯᠢᠭ ᠦᠷ᠎ᠡ ᠪᠦᠲᠦᠭᠡᠯ ᠢ ᠠᠮᠢᠳᠤᠯᠢᠭ ᠢᠶᠠᠷ ᠢᠯᠡᠷᠡᠭᠦᠯᠪᠡ᠃ ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠤᠨ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠲᠦᠴᠢᠦᠸᠠᠨ ᠪᠠᠯᠭᠠᠰᠤ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠢᠶᠠᠨ ᠦᠷᠭᠦᠯᠵᠢᠯᠡᠨ ᠪᠠᠳᠠᠷᠠᠭᠤᠯᠵᠤ᠂ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠲᠥᠯᠥᠪᠯᠡᠨ ᠥᠷᠨᠢᠭᠦᠯᠵᠦ᠂ ᠣᠯᠠᠨ ᠲᠦᠮᠡᠨ ᠤ ᠥᠪᠡᠷ ᠢᠶᠠᠨ ᠨᠠᠶᠢᠷᠠᠭᠤᠯᠵᠤ ᠥᠪᠡᠷ ᠢᠶᠠᠨ ᠲᠣᠭᠯᠠᠬᠤ ᠤᠷᠠᠨ ᠰᠠᠶᠢᠬᠠᠨ ᠤ ᠲᠣᠭᠯᠠᠯᠲᠠ ᠪᠠᠷ ᠳᠡᠮᠵᠢᠨ ᠣᠯᠠᠨ ᠢ ᠳᠠᠭᠤᠯᠠᠭᠤᠯᠵᠤ᠂ ᠪᠥᠵᠢᠭᠯᠡᠭᠦᠯᠵᠦ᠂ ᠬᠥᠳᠡᠯᠭᠡᠵᠦ᠂ ᠤᠮᠠᠷᠠᠲᠤ ᠬᠢᠯᠢ ᠶᠢᠨ ᠰᠣᠶᠣᠯ ᠤᠨ ᠶᠡᠷᠦ ᠪᠤᠰᠤ ᠶᠢᠨ ᠷᠢᠳᠢ ᠰᠢᠳᠢ ᠶᠢ ᠢᠯᠡᠷᠡᠭᠦᠯᠬᠦ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号