ᠬᠤᠪᠢᠷᠠᠯᠲᠠ ᠭᠠᠷᠪᠠ︕ ︽ᠭᠠᠯᠲᠤ ᠲᠡᠷᠭᠡᠨ ᠤ ᠠᠵᠢᠯᠲᠠᠨ ᠪᠢᠯᠧᠲ ᠨᠥᠬᠦᠬᠦ ᠶᠢ ᠲᠡᠪᠴᠢᠬᠦ ᠡᠷᠬᠡ ᠲᠠᠢ︾ ᠪᠤᠯᠵᠠᠢ︕
ᠨᠡᠶᠢᠲᠡᠯᠡᠭᠰᠡᠨ ᠴᠠᠭ᠄
2024/9/3
   ︽ᠳᠤᠮᠳᠠᠳᠤ ᠤᠯᠤᠰ ᠤᠨ ᠲᠡᠮᠦᠷ ᠵᠠᠮ︾ ᠤᠨ 9 ᠰᠠᠷ᠎ᠠ ᠶᠢᠨ 1 ᠤ ᠡᠳᠦᠷ ᠤᠨ ᠮᠡᠳᠡᠭᠡ ᠶᠢ ᠦᠨᠳᠦᠰᠦᠯᠡᠪᠡᠯ᠂ 9 ᠰᠠᠷ᠎ᠠ ᠶᠢᠨ 1 ᠤ ᠡᠳᠦᠷ᠂ 2024 ᠣᠨ ᠤ ᠬᠡᠪᠯᠡᠯ ᠤᠨ ︽ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠦᠷᠢᠮ︾ ︵ᠳᠣᠷᠣᠭᠰᠢ ︽ᠤᠯᠤᠰ ᠤᠨ ᠲᠡᠮᠦᠷ ᠵᠠᠮ ᠤᠨ ᠪᠦᠯᠦᠭᠯᠡᠯ ᠤᠨ ᠠᠶᠠᠨᠴᠢᠳ ᠤᠨ ᠲᠦᠷᠢᠮ︾ ᠭᠡᠵᠦ ᠲᠣᠪᠴᠢᠯᠠᠨ᠎ᠠ︶ ᠢ ᠵᠢᠩᠬᠢᠨᠢ ᠪᠠᠷ ᠨᠡᠶᠢᠲᠡᠯᠡᠵᠦ᠂ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ ᠬᠤᠪᠢᠷᠠᠯᠲᠠ ᠪᠠ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠲᠠᠢ ᠢᠳᠡᠪᠬᠢᠲᠡᠶ ᠵᠣᠬᠢᠴᠠᠭᠤᠯᠵᠤ᠂ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠤᠯᠪᠣᠭᠳᠠᠯ ᠪᠥᠬᠦᠶ ᠲᠦᠷᠢᠮ ᠢ ᠴᠢᠨᠠᠬᠰᠢᠳᠠ ᠲᠡᠭᠦᠯᠳᠡᠷᠵᠢᠭᠦᠯᠵᠦ᠂ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠠᠶᠠᠨᠴᠢᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ ᠪᠣᠯᠤᠨ᠎ᠠ᠃    2023 ᠤᠨ ᠤ ᠬᠡᠪᠯᠡᠯ ᠤᠨ ︽ᠤᠯᠤᠰ ᠤᠨ ᠲᠡᠮᠦᠷ ᠵᠠᠮ ᠤᠨ ᠪᠦᠯᠦᠭᠯᠡᠯ ᠤᠨ ᠠᠶᠠᠨᠴᠢᠳ ᠤᠨ ᠲᠦᠷᠢᠮ︾  ᠳᠤ᠂ ︽ᠭᠠᠯᠲᠤ ᠲᠡᠷᠭᠡ ᠲᠡᠭᠡᠭᠡᠪᠦᠷᠢᠯᠡᠬᠦ ᠴᠢᠳᠠᠪᠤᠷᠢ ᠲᠠᠢ ᠦᠶ᠎ᠡ ᠳᠤ᠂ ᠬᠡᠷᠪᠡ ᠠᠶᠠᠨᠴᠢᠳ ᠥᠷᠲᠡᠭᠡᠨ ᠳᠤ ᠬᠦᠷᠦᠭᠰᠡᠨ ᠤ ᠳᠠᠷᠠᠭ᠎ᠠ ᠦᠷᠭᠦᠯᠵᠢᠯᠡᠨ ᠠᠶᠠᠯᠠᠬᠤ ᠴᠢᠬᠤᠯᠠᠲᠠᠶ ᠪᠣᠯ᠂ ᠭᠠᠯᠲᠤ ᠲᠡᠷᠭᠡᠨ ᠤ ᠠᠵᠢᠯᠲᠠᠨ ᠲᠡᠭᠦᠨ ᠳᠤ ᠪᠢᠯᠧᠲ ᠨᠥᠬᠦᠵᠦ ᠥᠭᠴᠦ ᠪᠣᠯᠤᠨ᠎ᠠ︾ ᠬᠡᠰᠡᠨ ᠤ ᠰᠠᠭᠤᠷᠢᠨ ᠳᠡᠭᠡᠷ᠎ᠡ᠂ 2024 ᠣᠨ ᠤ ᠬᠡᠪᠯᠡᠯ ᠤᠨ ︽ᠤᠯᠤᠰ ᠤᠨ ᠲᠡᠮᠦᠷ ᠵᠠᠮ  ᠤᠨ ᠪᠦᠯᠦᠭᠯᠡᠯ  ᠤᠨ ᠠᠶᠠᠨᠴᠢᠳ  ᠤᠨ ᠲᠦᠷᠢᠮ︾  ᠳᠤ ︽ᠲᠡᠭᠡᠭᠡᠪᠦᠷᠢᠯᠡᠬᠦ ᠴᠢᠳᠠᠪᠤᠷᠢ ᠥᠬᠡᠶ ᠦᠶ᠎ᠡ ᠳᠤ᠂ ᠭᠠᠯᠲᠤ ᠲᠡᠷᠭᠡᠨ ᠤ ᠠᠵᠢᠯᠲᠠᠨ ᠠᠶᠠᠨᠴᠢᠳ ᠤᠨ ᠪᠢᠯᠧᠲ ᠨᠥᠬᠦᠬᠦ ᠪᠠ ᠦᠷᠭᠦᠯᠵᠢᠯᠡᠨ ᠲᠡᠷᠭᠡᠨ ᠳᠤ ᠰᠠᠭᠤᠬᠤ ᠶᠢ ᠲᠡᠪᠴᠢᠬᠦ ᠡᠷᠬᠡ ᠲᠠᠢ︾ ᠭᠡᠬᠦ ᠲᠣᠭᠲᠠᠭᠠᠯ ᠢ ᠰᠢᠨ᠎ᠡ ᠪᠠᠷ ᠨᠡᠮᠡᠵᠡᠶ᠂ ᠡᠨᠡ ᠨᠢ ᠭᠤᠤᠯᠳᠠᠭᠤ ᠭᠠᠯᠲᠤ ᠲᠡᠷᠭᠡ ᠳᠤ ᠰᠠᠭᠤᠬᠤ ᠬᠥᠮᠦᠨ ᠤ ᠲᠤᠭ᠎ᠠ ᠬᠦᠨᠳᠦ ᠨᠣᠴᠢᠲᠠᠶ ᠬᠡᠲᠦᠷᠡᠭᠰᠡᠨ ᠠᠴᠠ ᠪᠤᠯᠵᠤ ᠡᠯ᠎ᠡ ᠵᠦᠢᠯ ᠤᠨ ᠠᠶᠤᠯ ᠲᠦᠭᠰᠢᠭᠦᠷᠢ ᠡᠭᠦᠰᠬᠦ ᠶᠢ ᠰᠡᠷᠭᠡᠶᠢᠯᠡᠵᠦ᠂ ᠭᠠᠯᠲᠤ ᠲᠡᠷᠭᠡᠨ ᠤ ᠠᠶᠠᠯᠠᠯ ᠤᠨ ᠠᠮᠤᠷ ᠲᠦᠪᠰᠢᠨ ᠡᠮᠬᠢ ᠵᠢᠷᠤᠮ ᠪᠠ ᠠᠶᠠᠨᠴᠢᠳ ᠤᠨ ᠲᠡᠷᠭᠡᠨ ᠳᠤ ᠰᠠᠭᠤᠬᠤ ᠣᠶᠢᠯᠠᠭᠠᠯᠲᠠ ᠶᠢ ᠪᠦᠲᠦᠮᠵᠢᠲᠡᠶ ᠪᠠᠷ ᠪᠠᠲᠤᠯᠠᠬᠤ ᠶᠢ ᠪᠣᠳᠣᠯᠬᠢᠯᠠᠭᠰᠠᠨ ᠶᠤᠮ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号