ᠰᠠᠶᠢᠨ ᠴᠢᠮᠡᠭᠡ︕  ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠪᠠᠷ ᠪᠠᠰᠠ ᠰᠢᠨ᠎ᠡ ᠶᠢ ᠰᠣᠯᠢᠵᠤ ᠪᠣᠯᠤᠨ᠎ᠠ︕
ᠨᠡᠶᠢᠲᠡᠯᠡᠭᠰᠡᠨ ᠴᠠᠭ᠄
2024/9/3
   ᠰᠤᠷᠪᠤᠯᠵᠢᠯᠠᠭᠴᠢ 30 ᠤ ᠡᠳᠦᠷ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠮᠤᠷ ᠲᠦᠪᠰᠢᠨ ᠤ ᠳᠠᠯᠳᠠ ᠬᠡᠮ ᠤᠨ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠣᠶᠢᠷ᠎ᠠ ᠳᠤ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠮᠤᠷ ᠲᠦᠪᠰᠢᠨ ᠤ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ ᠲᠥᠰᠦᠯ ᠢ ᠦᠨᠳᠦᠰᠦᠯᠡᠪᠡᠯ᠂ ᠡᠯ᠎ᠡ ᠭᠠᠵᠠᠷ ᠤᠨ ᠬᠢᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠬᠤᠪᠢ ᠬᠥᠮᠦᠨ ᠤ ᠨᠡᠷ᠎ᠡ ᠳᠡᠭᠡᠷᠡᠬᠢ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠪᠠᠷ  ᠢᠶᠠᠨ ᠰᠢᠨ᠎ᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠰᠣᠯᠢᠵᠤ ᠠᠪᠬᠤ ᠬᠡᠷᠡᠭᠯᠡᠭᠴᠢᠳ ᠲᠤ ᠨᠥᠬᠦᠪᠥᠷᠢ ᠥᠭᠴᠦ ᠂ ᠯᠢᠲ᠋ᠢ ᠢᠶᠣᠨ ᠤ ᠬᠡᠯᠬᠢᠶ᠎ᠡ ᠳ᠋ᠢᠶᠠᠨ ᡂᠢ ᠭᠡᠷᠡᠭᠯᠡᠳᠡᠭ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ  ᠪᠠᠷ  ᠢᠶᠠᠨ ᠬᠠᠷ᠎ᠠ ᠲᠤᠭᠤᠯᠭᠠᠨ ᠬᠦᠴᠢᠯ ᠤᠨ ᠬᠡᠯᠬᠢᠶ᠎ᠡ ᠳ᠋ᠢᠶᠠᠨ ᡂᠢ ᠭᠡᠷᠡᠭᠯᠡᠳᠡᠭ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠰᠣᠯᠢᠵᠤ ᠠᠪᠬᠤ ᠬᠡᠷᠡᠭᠯᠡᠭᠴᠢᠳ ᠲᠤ ᠨᠥᠬᠦᠪᠥᠷᠢ ᠥᠭᠬᠦ ᠶᠢ ᠵᠣᠬᠢᠰᠲᠠᠶ ᠪᠠᠷ ᠲᠡᠭᠡᠭᠰᠢᠯᠡᠬᠦᠯᠵᠦ ᠪᠣᠯᠤᠨ᠎ᠠ᠃ ᠨᠥᠬᠦᠪᠥᠷᠢ ᠭᠥᠷᠳᠡᠬᠦ ᠬᠡᠷᠡᠭᠯᠡᠭᠴᠢᠳ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠵᠢᠯ ᠲᠥᠷᠥᠯ ᠤᠨ ᠵᠢᠷᠤᠮᠵᠢᠯ ᠤᠨ ᠨᠥᠬᠦᠴᠡᠯ︾ ᠳᠤ ᠨᠡᠶᠢᠴᠡᠭᠰᠡᠨ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠬᠢᠷᠢ ᠲᠡᠩᠴᠡᠭᠰᠡᠨ ᠴᠠᠬᠢᠯᠭᠠᠨ ᠬᠥᠳᠡᠯᠭᠡᠭᠦᠷᠲᠦ ᠰᠢᠨ᠎ᠡ ᠳᠤᠭᠤᠶ ᠲᠡᠷᠭᠡ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ ᠡᠯ᠎ᠡ ᠭᠠᠵᠠᠷ ᠤᠨ ᠬᠢᠨ ᠪᠣᠳᠠᠲᠠᠶ ᠲᠠᠢ ᠪᠠᠨ ᠤᠶᠠᠯᠳᠤᠭᠤᠯᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠪᠣᠳᠠᠲᠠᠶ ᠳᠡᠮᠵᠢᠬᠦ ᠵᠣᠭᠤᠰ ᠤᠨ ᠲᠤᠭ᠎ᠠ᠂ ᠠᠷᠭ᠎ᠠ ᠮᠠᠶ᠋ᠢᠭ᠂ ᠡᠬᠢᠯᠡᠬᠦ ᠴᠠᠭ ᠬᠤᠭᠤᠴᠠᠭ᠎ᠠ ᠵᠡᠷᠭᠡ ᠶᠢ ᠪᠡᠶ᠎ᠡ ᠪᠠᠨ ᠳᠠᠭᠠᠭᠠᠵᠤ ᠲᠣᠭᠲᠠᠭᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号