ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/9/3
   ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ ᠪᠠᠶᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠦ᠂ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠨ ᠲᠡᠮᠳᠡᠭᠯᠡᠬᠦ᠂ ᠵᠠᠬ᠎ᠠ ᠳᠡᠯᠭᠡᠭᠦᠷ ᠤᠨ ᠬᠢᠨᠡᠨ ᠬᠠᠮᠢᠶᠠᠷᠬᠤ ᠵᠡᠷᠭᠡ ᠭᠤᠣᠯᠳᠠᠯᠭ᠎ᠠ ᠪᠣᠯᠬᠤ ᠬᠦᠷᠢᠶ᠎ᠡ ᠨᠦᠭᠦᠳ ᠲᠤ ᠠᠩᠬᠠᠷᠤᠯ ᠢᠶᠠᠨ ᠲᠥᠪᠯᠡᠷᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠢ ᠮᠡᠷᠭᠡᠵᠢᠬᠦ ᠶᠢᠨ ᠬᠢᠷᠢ ᠲᠦᠪᠰᠢᠨ ᠥᠨᠳᠥᠷ ᠪᠤᠰᠤ᠂ ᠵᠢᠵᠢᠭ ᠪᠢᠴᠢᠯ ᠠᠵᠤ ᠠᠬᠤᠶᠢᠯᠠᠯ ᠤᠳ ᠲᠠᠬᠢ ᠬᠠᠤᠯᠢ ᠴᠠᠭᠠᠵᠠ ᠶᠢᠨ ᠦᠢᠯᠡᠴᠢᠯᠡᠭᠡ ᠪᠦᠷᠢᠨ ᠲᠡᠭᠦᠯᠳᠡᠷ ᠪᠤᠰᠤ ᠪᠠᠶᠢᠭ᠎ᠠ ᠵᠡᠷᠭᠡ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ 10 ᠲᠦᠷᠦᠯ ᠤᠨ ᠲᠤᠪᠤᠶᠢᠮ᠎ᠠ ᠠᠰᠠᠭᠤᠳᠠᠯ ᠢ ᠬᠦᠴᠦᠲᠡᠢ ᠴᠡᠭᠴᠡᠯᠡᠨ ᠵᠠᠰᠠᠵᠤ ᠪᠠᠶᠢᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽ᠣᠯᠠᠨ ᠬᠡᠮᠵᠢᠨ ᠵᠢᠷᠤᠭᠯᠠᠬᠤ ᠶᠢ ᠨᠢᠭᠡᠳᠬᠡᠬᠦ ︾ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ 1338 ᠪᠦᠲᠦᠭᠡᠨ ᠪᠠᠶᠢᠭᠤᠯᠬᠤ ᠨᠢᠭᠡᠴᠢ ᠶᠢ ᠪᠦᠷᠢᠳᠬᠡᠨ ᠳᠠᠩᠰᠠᠯᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠰᠢᠰᠲ᠋ᠧᠮ ᠢᠶᠠᠷ ᠬᠡᠮᠵᠢᠨ ᠵᠢᠷᠤᠭᠯᠠᠭᠰᠠᠨ ᠦᠷ᠎ᠡ ᠪᠦᠲᠦᠭᠡᠯ ᠤᠳ ᠤᠨ 6436 ᠬᠤᠪᠢ ᠳ᠋ᠠᠶᠢᠲ᠋ᠠ᠂ ᠥᠯᠥ ᠬᠥᠳᠡᠯᠬᠦ ᠬᠥᠷᠥᠩᠭᠡ ᠶᠢᠨ ᠰᠢᠰᠲ᠋ᠧᠮ ᠢᠶᠠᠷ ᠬᠡᠮᠵᠢᠨ ᠵᠢᠷᠤᠭᠯᠠᠭᠰᠠᠨ ᠦᠷ᠎ᠡ ᠪᠦᠲᠦᠭᠡᠯ ᠤᠳ ᠤᠨ 2264 ᠬᠤᠪᠢ ᠳ᠋ᠠᠶᠢᠲ᠋ᠠ ᠶᠢ ᠬᠠᠮᠲᠤ ᠳᠤ ᠪᠠᠨ ᠬᠦᠷᠲᠡᠪᠡ ︔ ᠬᠠᠤᠯᠢ ᠴᠠᠭᠠᠵᠠ ᠶᠢᠨ ᠲᠢᠩᠬᠢᠮ ︽ᠬᠠᠤᠯᠢ ᠪᠠᠷ ᠵᠠᠰᠠᠵᠤ ᠪᠠᠶᠢᠭ᠎ᠠ ᠡᠰᠡᠬᠦ ᠶᠢ ᠨᠢ ᠪᠠᠶᠢᠴᠠᠭᠠᠬᠤ ︾ ᠠᠵᠢᠯᠯᠠᠭᠠᠨ ᠢ 5900 ᠭᠠᠷᠤᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠠᠴᠠ ᠡᠵᠡᠩᠨᠡᠭᠰᠡᠨ 6700 ᠭᠠᠷᠤᠢ ᠠᠵᠤ ᠠᠬᠤᠶᠢᠯᠠᠯ ᠳᠤ ᠬᠠᠤᠯᠢᠴᠢᠳ ᠬᠦᠷᠴᠦ ᠣᠴᠢᠪᠠ ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 15 ᠲᠤᠬᠠᠶᠢᠯᠠᠭᠰᠠᠨ ᠠᠵᠢᠯ ᠤᠨ ᠱᠤᠭᠤᠮ ᠪᠠ 66 ᠵᠦᠢᠯ ᠤᠨ ᠰᠤᠭᠤᠴᠢᠵᠤ ᠰᠢᠯᠭᠠᠨ ᠪᠠᠶᠢᠴᠠᠭᠠᠬᠤ ᠵᠦᠢᠯᠡᠰ ᠢ ︽ᠬᠤᠶᠠᠷ ᠢ ᠲᠠᠰᠢᠷᠠᠮ ᠢᠶᠠᠷ ᠰᠤᠭᠤᠴᠢᠵᠤ᠂ ᠨᠢᠭᠡ ᠶᠢ ᠢᠯᠡ ᠪᠣᠯᠭᠠᠬᠤ ︾ ᠰᠤᠭᠤᠴᠢᠵᠤ ᠰᠢᠯᠭᠠᠨ ᠪᠠᠶᠢᠴᠠᠭᠠᠬᠤ ᠬᠡᠪᠴᠢᠶᠡᠨ ᠳᠤ ᠣᠷᠣᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠠᠯᠪᠠᠳᠠᠯᠭ᠎ᠠ ᠪᠠᠷ ᠭᠤᠶᠤᠴᠢᠯᠠᠭᠴᠢ ᠪᠠ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠨᠠᠶᠢᠳᠠᠵᠤ ᠥᠷᠨᠢᠭᠦᠯᠦᠭᠰᠡᠨ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ ᠵᠦᠢᠯᠡᠰ ᠢ ᠵᠣᠬᠢᠴᠠᠭᠤᠯᠤᠨ ᠡᠮᠬᠢᠯᠡᠵᠦ᠂ 13 ᠵᠦᠢᠯ ᠤᠨ ︽ᠨᠢᠭᠡ ᠠᠵᠢᠯ ᠶᠠᠪᠤᠳᠠᠯ ︾ ᠢ ᠪᠦᠬᠦᠨ ᠢᠶᠠᠷ ᠨᠢ ᠰᠦᠯᠵᠢᠶᠡᠨ ᠳᠤ ᠭᠠᠷᠭᠠᠨ ᠠᠵᠢᠯᠯᠠᠭᠤᠯᠬᠤ ᠶᠢ ᠠᠬᠢᠭᠤᠯᠪᠠ᠄ ᠠᠵᠤ ᠠᠬᠤᠶᠢᠯᠠᠯ ᠢ ᠳᠠᠩᠰᠠᠨ ᠠᠴᠠ ᠬᠠᠰᠤᠵᠤ ᠬᠦᠴᠦᠨ ᠥᠬᠡᠶ ᠪᠣᠯᠭᠠᠬᠤ᠂ ᠬᠡᠦᠬᠡᠳ ᠢᠶᠠᠨ ᠰᠤᠷᠭᠠᠭᠤᠯᠢ ᠳᠤ ᠣᠷᠣᠭᠤᠯᠬᠤ ᠵᠡᠷᠭᠡ ᠠᠵᠢᠯ ᠶᠠᠪᠤᠳᠠᠯ ᠢ ᠨᠡᠶᠢᠲᠡ 314.01 ᠲᠦᠮᠡᠨ ᠬᠤᠪᠢ ︵ᠤᠳᠠᠭ᠎ᠠ ︶ ᠭᠦᠢᠴᠡᠳᠬᠡᠵᠡᠢ ︔ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠨ ᠪᠥᠬᠦ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠨᠡᠶᠢᠲᠡᠯᠡᠬᠦ 4622 ᠵᠦᠢᠯ ᠳᠤ ᠨᠢᠭᠡᠳᠦᠯᠲᠡᠶ ᠬᠡᠷᠡᠭᠵᠢᠭᠦᠯᠦᠨ ᠵᠢᠷᠤᠮᠵᠢᠭᠤᠯᠬᠤ ᠶᠢ ᠠᠬᠢᠭᠤᠯᠤᠭᠰᠠᠨ ᠪᠥᠭᠡᠳ ᠡᠯ᠎ᠡ ᠠᠶᠢᠮᠠᠭ ᠬᠤᠲᠠ ᠨᠡᠶᠢᠲᠡ 45743 ᠵᠦᠢᠯ ᠳᠤ ᠬᠡᠷᠡᠭᠵᠢᠭᠦᠯᠦᠨ ᠵᠢᠷᠤᠮᠯᠠᠭᠰᠠᠨ ᠢ ᠨᠢ ᠨᠤᠲᠠᠯᠠᠵᠤ᠂ ᠨᠡᠶᠢᠲᠡ 37199 ᠵᠦᠢᠯ ᠤᠨ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ 6.3 ᠲᠦᠮᠡ ᠰᠢᠬᠠᠮ ᠭᠠᠷᠴᠠᠭ ᠢ ᠨᠡᠶᠢᠲᠡᠯᠡᠵᠦ᠂ 26 ᠳ᠋ᠦᠩᠰᠢᠭᠤᠷ ᠭᠠᠷᠤᠶ ᠵᠤᠷᠪᠤᠰ ᠳ᠋ᠠᠶᠢᠲ᠋ᠠ ᠶᠢ ᠡᠮᠬᠢᠯᠡᠨ ᠴᠤᠭᠯᠠᠭᠤᠯᠪᠠ᠃ ᠣᠲᠣ ᠪᠣᠯᠲᠠᠯ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ ︾ ︵4.0 ᠲᠥᠰᠦᠯ ︶ ᠶᠢᠨ 2024 ᠠᠴᠠ 2025 ᠣᠨ ᠳᠠᠬᠢ ᠨᠡᠶᠢᠲᠡ 160 ᠡᠭᠦᠷᠭᠡ ᠠᠴᠠ 53 ᠶᠢ ᠨᠢ ᠥᠪᠡᠷ ᠢᠶᠠᠨ ᠦᠨᠡᠯᠡᠨ ᠵᠢᠱᠢᠬᠦ ᠶᠢ ᠦᠨᠳᠦᠰᠦᠨ ᠳᠤ ᠪᠠᠨ ᠪᠡᠶᠡᠯᠡᠭᠦᠯᠪᠡ ︔ ᠡᠯ᠎ᠡ ᠭᠠᠵᠠᠷ ᠣᠷᠣᠨ ᠤ ᠦᠨᠳᠦᠰᠦᠨ ᠱᠠᠲᠤᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠪᠠᠶᠢᠳᠠᠯ ᠢ ᠬᠥᠳᠡᠯᠦᠩᠭᠦᠶ ᠪᠠᠷ ᠥᠪᠡᠰᠦᠪᠡᠨ ᠪᠠᠶᠢᠴᠠᠭᠠᠬᠤ ᠭᠤᠤᠯᠳᠠᠯᠭ᠎ᠠ ᠪᠣᠯᠬᠤ 74 ᠤᠨ ᠠᠰᠠᠭᠤᠳᠠᠯ 58 ᠶᠢ ᠨᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ ︔ 2023 ᠣᠨ ᠳᠤ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠨ ᠵᠢᠱᠢᠯᠲᠡ ᠶᠢᠨ ᠬᠤᠪᠢᠶᠠᠷᠢ ᠭᠦᠢᠴᠡᠳᠬᠡᠯ ᠲᠣᠭᠠᠨ ᠤ ᠮᠡᠳᠡᠭᠦᠯᠦᠯᠲᠡ ᠳᠠᠬᠢ ᠴᠡᠭᠴᠡᠯᠡᠨ ᠰᠠᠶᠢᠵᠢᠷᠠᠭᠤᠯᠬᠤ ᠪᠤᠶᠤ ᠰᠠᠶᠢᠵᠢᠷᠠᠭᠤᠯᠬᠤ ᠡᠭᠦᠷᠭᠡ ᠳᠤ ᠬᠤᠯᠪᠣᠭᠳᠠᠭᠰᠠᠨ 162 ᠵᠦᠢᠯ ᠤᠨ 107 ᠵᠦᠢᠯ ᠢ ᠨᠢ ᠴᠡᠭᠴᠡᠯᠡᠨ ᠰᠠᠶᠢᠵᠢᠷᠠᠭᠤᠯᠪᠠ ︔ 2023 ᠣᠨ ᠳᠤ ᠠᠶᠢᠮᠠᠭ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠨ ᠵᠢᠱᠢᠯᠲᠡ ᠶᠢᠨ ᠮᠡᠳᠡᠭᠦᠯᠦᠯᠲᠡ ᠳᠠᠬᠢ ᠴᠡᠭᠴᠡᠯᠡᠨ ᠰᠠᠶᠢᠵᠢᠷᠠᠭᠤᠯᠬᠤ ᠪᠤᠶᠤ ᠰᠠᠶᠢᠵᠢᠷᠠᠭᠤᠯᠬᠤ ᠡᠭᠦᠷᠭᠡ ᠳᠤ ᠬᠤᠯᠪᠣᠭᠳᠠᠭᠰᠠᠨ 1295 ᠵᠦᠢᠯ ᠤᠨ 967 ᠵᠦᠢᠯ ᠢ ᠨᠢ ᠴᠡᠭᠴᠡᠯᠡᠨ ᠰᠠᠶᠢᠵᠢᠷᠠᠭᠤᠯᠪᠠ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︶
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号