ᠤᠳᠤ ᠶᠠᠭ ᠰᠠᠶᠢᠬᠠᠨ ᠨᠣᠭᠤᠭᠠᠨ ᠪᠤᠷᠴᠠᠭ ᠤᠨ ᠪᠣᠯᠪᠠᠰᠤᠷᠠᠬᠤ ᠤᠯᠠᠷᠢᠯ ᠪᠣᠯᠤᠨ᠎ᠠ᠃ ᠱᠦᠢᠴᠢᠤᠸᠠᠨ | ᠪᠠᠯᠭᠠᠰᠤᠨ ᠤ ᠭᠤᠸᠠᠩ ᠬᠤᠢ ᠲᠣᠰᠬᠤᠨ ᠤ 60 ᠭᠠᠷᠤᠢ ᠮᠦ ᠨᠣᠭᠤᠭᠠᠨ ᠪᠤᠷᠴᠠᠭ ᠡᠯᠪᠡᠭ ᠬᠤᠷᠢᠶᠠᠯᠲᠠ ᠣᠯᠵᠠᠢ᠂ | ᠲᠣᠰᠬᠤᠨ ᠤ ᠠᠷᠠᠳ ᠲᠤᠩᠭᠠᠯᠠᠭ ᠰᠠᠶᠢᠬᠠᠨ ᠠᠭᠤᠷ ᠠᠮᠢᠰᠬᠤᠯ ᠢ ᠵᠠᠪᠳᠤᠨ ᠨᠤᠭᠤᠭᠠᠨ ᠪᠤᠷᠴᠠᠭ ᠢ ᠬᠤᠷᠢᠶᠠᠵᠦ᠂ | ᠲᠠᠷᠢᠶᠠᠨ ᠭᠠᠵᠠᠷ ᠲᠠᠭᠠᠨ ᠶᠠᠭᠠᠷᠠᠯᠳᠤᠵᠤ ᠪᠠᠶᠢᠯ᠎ᠠ᠃ | | ᠰᠤᠷᠪᠤᠯᠵᠢᠯᠠᠭᠴᠢ ᠱᠦᠢᠴᠢᠤᠸᠠᠨ ᠪᠠᠯᠭᠠᠰᠤᠨ ᠤ ᠭᠤᠸᠠᠩ ᠬᠤᠢ ᠲᠣᠰᠬᠤᠨ ᠤ ᠲᠠᠷᠢᠶᠠᠨ ᠵᠠᠬ᠎ᠠ ᠳᠤ ᠬᠦᠷᠴᠦ᠂ | ᠠᠭᠤᠯᠠ ᠲᠠᠯ᠎ᠠ ᠳᠦᠭᠦᠷᠡᠩ ᠨᠣᠭᠤᠭᠠᠨ ᠪᠤᠷᠴᠠᠭ ᠬᠥᠬᠡᠷᠡᠨ ᠨᠣᠭᠤᠭᠠᠷᠠᠵᠤ᠂ ᠰᠠᠭᠤᠷᠢ ᠪᠦᠷᠢ ᠨᠢ ᠰᠡᠬᠦᠶᠢᠨ | ᠣᠷᠭᠤᠵᠦ᠂ ᠬᠥᠮᠦᠰ ᠢ ᠪᠠᠶᠠᠷᠯᠠᠭᠤᠯᠵᠤ᠂ ᠵᠤᠷᠪᠤᠰ ᠵᠤᠷᠪᠤᠰ ᠨᠣᠭᠤᠭᠠᠨ ᠪᠤᠷᠴᠠᠭ ᠤᠨ ᠬᠤᠩᠭᠤᠷᠴᠠᠭ ᠨᠢ | ᠨᠣᠭᠤᠭᠠᠨ ᠪᠠᠶᠢᠭᠰᠠᠨ ᠠᠴᠠ ᠪᠠᠨ ᠬᠠᠷᠠᠯᠠᠵᠤ᠂ ᠵᠡᠯ᠎ᠡ ᠳᠦᠭᠦᠷᠲᠡᠯ᠎ᠡ ᠡᠯᠭᠦᠵᠦ᠂ ᠲᠠᠷᠢᠶᠠᠴᠢᠳ ᠲᠤᠩᠭᠠᠯᠠᠭ | ᠰᠠᠶᠢᠬᠠᠨ ᠠᠭᠤᠷ ᠠᠮᠢᠰᠬᠤᠯ ᠢ ᠳᠠᠯᠢᠮᠳᠠᠭᠤᠯᠤᠨ ᠲᠠᠷᠢᠶᠠᠨ ᠳᠤᠮᠳᠠ ᠨᠠᠭᠠᠰᠢ ᠴᠠᠭᠠᠰᠢ ᠰᠦᠯᠵᠢᠯᠳᠦᠵᠦ᠂ ᠨᠣᠭᠤᠭᠠᠨ | ᠪᠤᠷᠴᠠᠭ ᠤᠨ ᠵᠡᠯ᠎ᠡ ᠶᠢ ᠬᠠᠳᠤᠵᠤ ᠬᠤᠷᠢᠶᠠᠬᠤ ᠪᠠᠷ ᠶᠠᠭᠠᠷᠠᠯᠳᠤᠨ᠎ᠠ᠂ ᠲᠡᠳᠡ ᠬᠠᠳᠤᠭᠤᠷ ᠪᠠᠷᠢᠵᠤ᠂ ᠬᠥᠳᠡᠯᠭᠡᠭᠡᠨ ᠨᠢ | ᠪᠣᠯᠪᠠᠰᠤᠷᠠᠩᠭᠤᠢ ᠪᠥᠭᠡᠳ ᠬᠦᠴᠦ ᠳᠣᠷᠪᠢᠲᠠᠢ ᠪᠠᠶᠢᠵᠤ᠂ ᠲᠤᠬᠠᠢ ᠶᠢᠨ ᠲᠠᠯᠠᠪᠠᠢ ᠳᠤ ᠡᠯᠪᠡᠭ ᠬᠤᠷᠢᠶᠠᠯᠲᠠ ᠶᠢᠨ | ᠠᠭᠤᠷ ᠠᠮᠢᠰᠬᠤᠯ ᠢᠶᠠᠷ ᠪᠢᠯᠬᠠᠨ᠎ᠠ᠃ | | ︽ᠡᠨᠡ ᠵᠢᠯ 60 ᠮᠥ ᠨᠣᠭᠤᠭᠠᠨ ᠪᠤᠷᠴᠠᠭ ᠳᠠᠷᠢᠵᠤ᠂ 40 ᠮᠥ ᠭᠠᠵᠠᠷ ᠨᠢ ᠵᠤᠯᠤᠮ᠎ᠠ ᠪᠦᠷᠬᠦᠪᠴᠢ ᠲᠠᠢ | ᠲᠠᠷᠢᠵᠦ᠂ ᠥᠴᠥᠭᠡᠳᠦᠷ 40 ᠮᠥ ᠶᠢ ᠬᠥᠮᠦᠨ ᠤ ᠬᠦᠴᠦ ᠪᠠᠷ ᠦᠭᠲᠡᠭᠡᠵᠦ᠂ ᠪᠠᠰᠠ 20 ᠮᠥ ᠭᠠᠵᠠᠷ ᠢ ᠦᠭᠲᠡᠭᠡ | ᠥᠬᠡᠶ᠂ ᠬᠤᠶᠠᠷ ᠡᠳᠦᠷ ᠤᠨ ᠳᠠᠷᠠᠭ᠎ᠠ ᠮᠠᠰᠢᠨ ᠳᠤ ᠭᠠᠷᠭᠠᠵᠤ᠂ ᠪᠠᠰᠠ ᠬᠡᠳᠦᠨ ᠡᠳᠦᠷ ᠬᠠᠳᠠᠭᠠᠪᠠᠯ ᠪᠣᠯᠴᠢᠬᠠᠨ᠎ᠠ᠂ | ᠡᠨᠡ 60 ᠮᠥ ᠲᠠᠷᠢᠶ᠎ᠠ ᠪᠠᠷᠤᠭ ᠲᠦᠮᠡ ᠭᠠᠷᠤᠶ ᠵᠢᠩ ᠪᠤᠷᠴᠠᠭ ᠬᠤᠷᠢᠶᠠᠵᠦ᠂ ᠦᠨ᠎ᠡ ᠨᠢ ᠰᠠᠶᠢᠨ ᠪᠣᠯᠪᠠᠯ | ᠬᠤᠳᠠᠯᠳᠤᠨ᠎ᠠ᠃︾ ᠭᠡᠵᠦ ᠱᠦᠢᠴᠢᠤᠸᠠᠨ ᠪᠠᠯᠭᠠᠰᠤᠨ ᠤ ᠭᠤᠸᠠᠩ ᠬᠤᠢ ᠲᠣᠰᠬᠤᠨ ᠤ ᠠᠷᠠᠳ ᠡᠦ ᠴᠦᠨ ᠬᠤᠢ | ᠬᠡᠯᠡᠪᠡ᠃ | ᠨᠣᠭᠤᠭᠠᠨ ᠪᠤᠷᠴᠠᠭ ᠤᠨ ᠲᠥᠷᠥᠯ ᠵᠦᠶᠯ ᠠᠳᠠᠯᠢ ᠪᠤᠰᠤ ᠠᠴᠠ ᠪᠣᠯᠵᠣ᠂ ᠡᠨᠡ 40 ᠮᠥ ᠨᠣᠭᠤᠭᠠᠨ ᠪᠤᠷᠴᠠᠭ | ᠤᠨ ᠴᠢᠬᠢ ᠨᠡᠯᠢᠶᠡᠳ ᠶᠡᠭᠡ ᠤᠷᠭᠤᠵᠤ᠂ ᠮᠠᠰᠢᠨ ᠢᠶᠠᠷ ᠲᠡᠭᠦᠵᠦ ᠬᠤᠷᠢᠶᠠᠬᠤ ᠨᠢ ᠬᠤᠷᠣᠭᠳᠠᠯ ᠢ ᠶᠡᠬᠡᠰᠬᠡᠳᠡᠭ᠃ | ᠤᠨᠠᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠶᠢᠨ ᠲᠥᠯᠥᠭᠡ᠂ ᠡᠦ ᠴᠦᠨ ᠬᠤᠶ ᠬᠥᠮᠦᠨ ᠤ | ᠬᠦᠴᠦ ᠪᠠᠷ ᠬᠠᠳᠤᠵᠤ ᠬᠤᠷᠢᠶᠠᠬᠤ ᠠᠵᠢᠯ ᠢ ᠰᠣᠩᠭᠤᠵᠤ᠂ ᠡᠨᠡ ᠬᠡᠳᠦᠨ ᠡᠳᠦᠷ ᠲᠡᠷᠡ ᠡᠷᠬᠢᠨ ᠲᠣᠭᠤᠷᠢᠨ ᠤ | ᠰᠢᠶᠠᠩ ᠪᠠᠯᠭᠠᠰᠤᠨ ᠤ 30 ᠭᠠᠷᠤᠶ ᠲᠣᠰᠬᠤᠨ ᠤ ᠠᠷᠠᠳ ᠢ ᠤᠷᠢᠵᠤ ᠨᠣᠭᠤᠭᠠᠨ ᠪᠤᠷᠴᠠᠭ ᠬᠠᠳᠤᠭᠤᠯᠵᠤ᠂ | ᠬᠠᠳᠤᠵᠤ ᠬᠤᠷᠢᠶᠠᠬᠤ ᠠᠵᠢᠯ ᠢᠶᠠᠨ ᠪᠡᠶᠡᠯᠡᠭᠦᠯᠦᠭᠰᠡᠨ ᠪᠥᠭᠡᠳ ᠡᠷᠬᠢᠨ ᠲᠣᠭᠤᠷᠢᠨ ᠤ ᠲᠣᠰᠬᠤᠨ ᠤ ᠠᠷᠠᠳ ᠤᠨ | ᠣᠷᠣᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ | | ︽ᠪᠢ ᠲᠦᠴᠢᠦᠸᠠᠨ ᠰᠢᠶᠠᠨ ᠤ ᠤᠶᠢᠷᠠᠯᠴᠠᠭ᠎ᠠ ᠰᠠᠭᠤᠵᠤ ᠪᠠᠶᠢᠨ᠎ᠠ᠂ ᠭᠤᠸᠠᠩ ᠬᠤᠢ ᠲᠤᠰᠬᠤᠨ ᠳᠤ | ᠨᠣᠭᠤᠭᠠᠨ ᠪᠤᠷᠴᠠᠭ ᠬᠠᠳᠤᠬᠤ ᠪᠠᠷ ᠢᠷᠡᠵᠡᠢ᠂ ᠨᠢᠭᠡ ᠡᠳᠦᠷ 200 ᠲᠥᠭᠦᠷᠢᠭ᠂ ᠦᠳᠡ ᠳᠤ ᠪᠠᠰᠠ ᠬᠤᠭᠤᠯᠠ | ᠬᠠᠩᠭᠠᠨ᠎ᠠ᠂ ᠭᠡᠷ ᠲᠤ ᠤᠳᠤ ᠠᠵᠢᠯ ᠦᠭᠡᠢ᠂ ᠡᠷᠳᠡᠨᠢ ᠰᠢᠰᠢ ᠪᠠᠰᠠ ᠬᠤᠷᠢᠶᠠᠬᠤ ᠴᠠᠭ ᠪᠤᠯᠤᠭ᠎ᠠ ᠦᠭᠡᠢ᠂ ᠭᠠᠷᠴᠤ | ᠢᠷᠡᠭᠡᠳ ᠵᠢᠭᠠᠬᠠᠨ ᠵᠣᠭᠤᠰ ᠣᠯᠤᠨ᠎ᠠ᠂ ᠡᠨᠡ ᠨᠣᠭᠤᠭᠠᠨ ᠪᠤᠷᠴᠠᠭ ᠤᠨ ᠣᠷᠭᠤᠭᠰᠠᠨ ᠨᠢ ᠪᠠᠰᠠ ᠨᠡᠯᠢᠶᠡᠳ ᠰᠠᠶᠢᠨ᠃ | ︾ ᠭᠡᠵᠦ ᠲᠦᠴᠢᠦᠸᠠᠨ ᠪᠠᠯᠭᠠᠰᠤᠨ ᠤ ᠰᠢ ᠯᠢᠦ ᠲᠣᠰᠬᠤᠨ ᠤ ᠠᠷᠠᠳ ᠴᠧᠨ ᠭᠤᠸᠠᠩ ᠮᠢᠩ ᠬᠡᠯᠡᠪᠡ᠃ | ᠲᠠᠷᠢᠶᠠᠯᠠᠩ ᠤᠨ ᠮᠡᠷᠭᠡᠵᠢᠯ ᠤᠨ ᠲᠠᠰᠤᠷᠠᠯᠲᠠ ᠦᠭᠡᠢ ᠳᠠᠪᠰᠢᠯᠲᠠ ᠪᠠ ᠲᠣᠰᠬᠤᠨ ᠤ ᠠᠷᠠᠳ ᠤᠨ ᠰᠢᠷᠭᠠᠭᠤ | ᠴᠢᠷᠮᠠᠶᠢᠯᠭ᠎ᠠ ᠶᠢ ᠳᠠᠭᠠᠯᠳᠤᠨ᠂ ᠨᠣᠭᠤᠭᠠᠨ ᠪᠤᠷᠴᠠᠭ ᠤᠨ ᠤᠨᠠᠯᠲᠠ ᠪᠠ ᠶᠠᠰᠤ ᠴᠢᠨᠠᠷ ᠴᠥᠮ ᠢᠯᠡᠳᠲᠡ | ᠳᠡᠭᠡᠭᠰᠢᠯᠡᠪᠡ᠃ ᠣᠯᠠᠨ ᠵᠢᠯ ᠲᠠᠷᠢᠭᠠᠳ ᠭᠤᠸᠠᠩ ᠬᠤᠢ ᠲᠣᠰᠬᠤᠨ ᠤ ᠨᠣᠭᠤᠭᠠᠨ ᠪᠤᠷᠴᠠᠭ ᠲᠠᠷᠢᠬᠤ ᠨᠢ ᠲᠣᠰᠬᠤᠨ | ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠵᠤ ᠦᠶᠯᠡᠰ ᠤᠨ ᠨᠢᠭᠡ ᠪᠣᠯᠵᠠᠶ᠃ | ᠣᠶᠢᠷ᠎ᠠ ᠶᠢᠨ ᠵᠢᠯ ᠤᠳ ᠲᠤ᠂ ᠮᠠᠨ ᠤ ᠭᠤᠸᠠᠩ ᠬᠤᠶ ᠲᠣᠰᠬᠤᠨ ᠠᠵᠤ ᠦᠶᠯᠡᠰ ᠤᠨ ᠪᠦᠲᠦᠴᠡ ᠪᠠᠨ | ᠢᠳᠡᠪᠬᠢᠲᠡᠶ ᠲᠣᠬᠢᠷᠠᠭᠤᠯᠵᠤ᠂ ᠨᠣᠭᠤᠭᠠᠨ ᠪᠤᠷᠴᠠᠭ ᠳᠠᠷᠢᠬᠤ ᠶᠢ ᠶᠡᠭᠡ ᠪᠠᠷ ᠬᠥᠭᠵᠢᠭᠦᠯᠵᠦ᠂ ᠪᠥᠬᠦ ᠲᠣᠰᠬᠤᠨ ᠳᠤ | ᠨᠡᠶᠢᠲᠡ 10 ᠲᠦᠮᠡ ᠭᠠᠷᠤᠶ ᠮᠥ ᠲᠠᠷᠢᠶᠠᠨ ᠭᠠᠵᠠᠷ ᠲᠠᠢ᠂ ᠡᠭᠦᠨ ᠳᠤ 120 ᠭᠠᠷᠤᠶ ᠡᠷᠦᠬᠡ 1 ᠲᠦᠮᠡ ᠭᠠᠷᠤᠶ | ᠮᠥ ᠨᠣᠭᠤᠭᠠᠨ ᠪᠤᠷᠴᠠᠭ ᠳᠠᠷᠢᠵᠤ᠂ ᠣᠳᠣᠬᠠᠨ ᠳᠤ ᠶᠠᠭ ᠬᠠᠳᠤᠵᠤ ᠬᠤᠷᠢᠶᠠᠵᠤ ᠪᠠᠶᠢᠨ᠎ᠠ᠂ ᠨᠣᠭᠤᠭᠠᠨ ᠪᠤᠷᠴᠠᠭ ᠤᠨ | ᠮᠥ ᠪᠦᠷᠢ ᠶᠢᠨ ᠳᠤᠮᠳᠠᠴᠢ ᠤᠨᠠᠯᠲᠠ ᠨᠢ 200 ᠭᠠᠷᠤᠶ ᠵᠢᠩ ᠳᠤ ᠬᠦᠷᠴᠦ᠂ ᠵᠢᠱᠢᠭᠰᠡᠨ ᠦᠨ᠎ᠡ ᠨᠢ ᠵᠢᠩ ᠳᠡᠭᠡᠨ | 6.5 ᠲᠥᠭᠦᠷᠢᠭ᠂ ᠮᠥ ᠪᠦᠷᠢ ᠶᠢᠨ ᠤᠨᠠᠯᠲᠠ ᠨᠢ 1300 ᠲᠥᠭᠦᠷᠢᠭ ᠣᠷᠴᠢᠮ ᠬᠦᠷᠴᠦ᠂ ᠵᠠᠯᠭᠠᠭᠠᠳ ᠪᠢᠳᠡ | ᠡᠷᠬᠢᠨ ᠲᠣᠭᠤᠷᠢᠨ ᠤ ᠬᠤᠳᠠᠯᠳᠤᠨ ᠠᠪᠬᠤ ᠠᠵᠤ ᠠᠬᠤᠶᠢᠯᠠᠯ ᠲᠠᠢ ᠢᠳᠡᠪᠬᠢᠲᠡᠶ ᠵᠣᠯᠭᠠᠯᠳᠤᠵᠤ᠂ ᠪᠣᠷᠣᠯᠠᠭᠤᠯᠤᠨ | ᠬᠤᠳᠠᠯᠳᠤᠵᠤ᠂ ᠲᠠᠷᠢᠶᠠᠴᠢᠨ ᠡᠷᠦᠬᠡ ᠳᠤ ᠰᠠᠶᠢᠨ ᠬᠤᠷᠢᠶᠠᠯᠲᠠ ᠣᠯᠭᠤᠵᠤ᠂ ᠨᠣᠭᠤᠭᠠᠨ ᠪᠤᠷᠴᠠᠭ ᠤᠨ ᠠᠵᠤ | ᠦᠶᠯᠡᠰ ᠢ ᠬᠥᠭᠵᠢᠭᠦᠯᠬᠦ ᠶᠢ ᠦᠨᠡᠨ ᠬᠦ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠰᠢᠪᠲᠤᠯᠤᠯᠲᠠ ᠶᠢᠨ ᠴᠡᠭ ᠪᠣᠯᠭᠠᠵᠤ᠂ ᠲᠠᠷᠢᠶᠠᠴᠢᠳ ᠲᠤ ᠪᠠᠶᠠᠵᠢᠯ ᠤᠨ ︽ᠠᠯᠲᠠᠨ | ᠪᠤᠷᠴᠠᠭ︾ ᠪᠤᠯᠭᠠᠨ᠎ᠠ ᠭᠡᠵᠦ ᠱᠦᠢ ᠴᠢᠤᠸᠠᠨ ᠪᠠᠯᠭᠠᠰᠤᠨ ᠤ ᠭᠤᠸᠠᠩ ᠬᠤᠢ ᠲᠣᠰᠬᠤᠨ ᠤ ᠨᠠᠮ ᠤᠨ ᠡᠭᠦᠷ ᠤᠨ | ᠱᠦᠵᠢ ᠯᠢᠨ ᠭᠦᠸᠧ ᠪᠤᠤ ᠬᠡᠯᠡᠨ᠎ᠡ᠃ |