ᠬᠠᠷᠢᠴᠠᠬᠤᠢ ᠴᠢᠳᠠᠪᠤᠷᠢ ᠶᠢᠨ ᠴᠢᠬᠤᠯᠠ ᠴᠢᠨᠠᠷ
ᠨᠡᠶᠢᠲᠡᠯᠡᠭᠰᠡᠨ ᠴᠠᠭ᠄
2024/9/30
   ᠡᠶᠢᠮᠦ ᠲᠤᠬᠢᠶᠠᠯᠳᠤᠯ ᠬᠠᠶᠠ ᠬᠠᠷᠠᠭᠳᠠᠳᠠᠭ ︕ ᠪᠠᠭᠰᠢ ᠠᠬᠠᠮᠠᠳ ᠤᠨ ᠢᠶᠠᠨ ᠢᠳᠡᠭᠡᠯ ᠨᠡᠶᠢᠳᠡᠪᠦᠷᠢ ᠶᠢ ᠬᠦᠯᠢᠶᠡᠵᠤ ᠬᠢᠴᠢᠶᠡᠯ ᠰᠤᠷᠤᠯᠭ᠎ᠠ ᠳᠠᠭᠠᠨ ᠤᠨᠴᠠ ᠰᠢᠯᠢᠳᠡᠭ ᠪᠠᠶᠢᠬᠰᠠᠨ ᠭᠡᠤᠭᠡᠳ ᠨᠡᠶᠢᠭᠡᠮ ᠲᠡᠭᠡᠷ᠎ᠠ ᠭᠠᠷᠤᠭᠠᠳ ᠬᠠᠷᠢᠨ ᠬᠢᠭᠰᠡᠨ ᠪᠦᠳᠦᠬᠡᠭᠰᠡᠨ ᠵᠦᠢᠯ ᠦᠭᠡᠢ ᠡᠬᠡᠯ ᠶᠡᠷᠦᠮᠳᠡᠭ ᠢᠶᠠᠷ ᠰᠢᠷ᠎ᠠ ᠡᠳᠦᠷ ᠪᠤᠷᠤ ᠬᠤᠨᠤᠬ ᠢ ᠦᠡᠭᠭᠡᠷᠡᠬᠦᠯᠵᠤ ᠪᠠᠶᠢᠳᠠᠭ᠃ ᠠᠵᠢᠯ ᠠᠮᠢᠳᠤᠷᠠᠯ ᠤᠨ ᠨᠣᠬᠤᠴᠠᠭᠠᠨ ᠳᠤ ᠵᠠᠷᠢᠮ ᠨᠢ ᠤᠷᠮ᠎ᠠ ᠬᠤᠭᠤᠷᠠᠵᠤ ᠵᠤᠷᠢᠭ ᠬᠠᠷᠢᠵᠤ ᠬᠤᠪᠢ ᠵᠠᠶᠠᠭᠠᠨ ᠳᠠᠭᠠᠨ ᠭᠤᠮᠤᠷᠬᠠᠵᠤ ᠰᠠᠭᠤᠬᠤ ᠳᠤ᠂ ᠵᠠᠷᠢᠮ ᠨᠢ ᠴᠤ ᠰᠢᠨ᠎ᠠ ᠤᠷᠴᠢᠨ ᠳᠠᠭᠠᠨ ᠵᠤᠬᠢᠴᠠᠵᠤ ᠤᠰᠤᠨ ᠳᠠᠭᠠᠨ ᠤᠷᠤᠭᠰᠠᠨ ᠵᠢᠭᠠᠰᠤ ᠮᠡᠳᠦ ᠁ ᠡᠨᠡ ᠬᠦ ᠵᠦᠷᠢᠶ᠎ᠡ ᠶᠢ ᠪᠤᠢ ᠪᠤᠯᠭᠠᠬᠰᠠᠨ ᠤᠴᠢᠷ ᠰᠢᠯᠳᠠᠭᠠᠨ ᠢ ᠶᠠᠷᠢᠪᠠᠯ᠂ ᠡᠨᠡ ᠨᠢ ᠬᠤᠪᠢ ᠬᠦᠮᠦᠨ ᠤ ︽ᠬᠠᠷᠢᠴᠠᠬᠤᠢ ᠴᠢᠳᠠᠪᠤᠷᠢ ︾ ᠶᠢᠨ ᠬᠢᠵᠠᠭᠠᠷᠳᠠᠮᠠᠯ ᠠᠴᠠ ᠪᠤᠯᠤᠬᠰᠠᠨ ᠭᠡᠵᠤ ᠪᠢ ᠬᠤᠪᠢᠨ ᠳᠠᠭᠠᠨ ᠪᠤᠳᠤᠳᠠᠭ᠃    ᠭᠡᠷᠪᠡ ᠤᠢ ᠪᠢᠯᠢᠭ ᠢ ᠲᠦᠷᠦᠯᠬᠢ ᠭᠡᠵᠤ ᠦᠵᠡᠪᠡᠯ᠂ ᠬᠠᠷᠢᠴᠠᠬᠤᠢ ᠴᠢᠳᠠᠪᠤᠷᠢ ᠪᠤᠯ ᠦᠰᠴᠤ ᠲᠦᠷᠦᠭᠰᠡᠨ ᠤᠷᠴᠢᠨ ᠠᠬᠤᠢ ᠦᠡᠭᠭᠡᠷᠡᠬᠦᠯᠵᠤ ᠲᠤᠭᠤᠯᠤᠬᠰᠠᠨ ᠵᠠᠮ ᠮᠦᠷ ᠤᠨ ᠲᠤᠮᠳᠠ ᠠᠭᠠᠵᠢᠮ ᠢᠶᠠᠷ ᠲᠦᠯᠦᠪᠰᠢᠨ ᠲᠤᠬᠳᠠᠳᠠᠬ ᠪᠢᠯᠡ᠃ ᠬᠠᠷᠢᠴᠠᠬᠤᠢ ᠴᠢᠳᠠᠪᠤᠷᠢ ᠨᠢ ᠦᠭᠡᠷ᠎ᠡ ᠪᠤᠰᠤᠳ ᠢ ᠲᠠᠨᠢᠨ ᠮᠡᠳᠡᠷᠡᠬᠦ᠂ ᠭᠡᠷᠡᠭ ᠪᠤᠳᠠᠰ ᠤᠨ ᠬᠦᠭᠵᠢᠯᠳᠡ ᠶᠢᠨ ᠵᠢᠮ᠎ᠠ ᠶᠤᠰᠤ ᠶᠢ ᠤᠶᠢᠯᠠᠭᠠᠨ ᠡᠵᠡᠮᠰᠢᠵᠤ᠂ ᠦᠪᠡᠷ ᠢ ᠪᠠᠨ ᠴᠠᠬ ᠲᠤᠬᠠᠢ ᠳᠤᠨᠢ ᠲᠤᠬᠢᠷᠠᠭᠤᠯᠤᠨ ᠵᠤᠬᠢᠴᠠᠭᠤᠯᠬᠤ ᠲᠠᠯ᠎ᠠ ᠪᠠᠷ ᠢᠯᠡᠷᠡᠳᠡᠭ᠃ ᠡᠶᠢᠮᠦ ᠠᠴᠠ ᠵᠠᠷᠢᠮ ᠪᠠᠶᠢᠳᠠᠯ ᠳᠤ ᠬᠢᠴᠢᠶᠡᠯ ᠰᠤᠷᠤᠯᠭ᠎ᠠ ᠳᠠᠭᠠᠨ ᠤᠷᠦ᠋ᠢᠯᠠᠵᠤ ᠪᠠᠶᠢᠬᠰᠠᠨ ᠭᠡᠤᠭᠡᠳ ᠠᠵᠢᠯ ᠠᠮᠢᠳᠤᠷᠠᠯ ᠳᠠᠭᠠᠨ ᠪᠦᠳᠦᠮᠵᠢ ᠮᠠᠭᠤᠳᠠᠢ ᠪᠤᠯᠬᠤ ᠨᠢ ᠤᠢ ᠪᠢᠯᠢᠭ ᠤᠯᠠᠨ ᠠᠴᠠ ᠬᠡᠳᠦ᠋ᠢᠳᠦᠭᠰᠡᠨ ᠪᠤᠯᠪᠠᠴᠤ ᠬᠦᠮᠦᠰ ᠤᠨ ᠬᠤᠭᠤᠷᠤᠨᠳᠤᠬᠢ ᠬᠠᠷᠢᠯᠴᠠᠭᠠᠨ ᠳᠤ ᠲᠤᠯᠢᠮᠠᠭ ᠪᠠᠶᠢᠵᠤ᠂ ︽ᠬᠦᠮᠦᠨ ᠬᠦᠮᠦᠨ ᠤ ᠬᠦᠴᠦᠨ ᠳᠤ᠂ ᠵᠢᠭᠠᠰᠤ ᠤᠰᠤᠨ ᠤ ᠬᠦᠴᠦᠨ ᠳᠤ ︾ ᠭᠡᠳᠡᠭ ᠢ ᠤᠮᠳᠤᠭᠠᠶᠢᠯᠠᠵᠤ᠂ ᠵᠦᠪᠭᠡᠨ ᠴᠢᠳᠠᠯ ᠴᠢᠳᠠᠪᠬᠢ ᠳᠠᠭᠠᠨ ᠬᠡᠳᠦ ᠢᠳᠡᠭᠡᠵᠦ᠂ ᠴᠢᠨᠠᠬᠰᠢᠯᠠᠭᠠᠳ ᠬᠠᠷᠢᠴᠠᠬᠤᠢ ᠴᠢᠳᠠᠪᠤᠷᠢ ᠠᠨᠠᠢ ᠠᠴᠠ ᠪᠤᠯᠵᠤ ᠵᠢᠵᠢᠭᠭᠡᠨ ᠰᠡᠳᠦᠯᠳᠡ ᠠᠴᠠ ᠪᠤᠯᠵᠤ ᠬᠡᠳᠦᠷᠡᠮᠡᠬᠡᠢ ᠦᠢᠯᠡ ᠶᠠᠪᠤᠳᠡᠯ ᠬᠢᠳᠡᠭ ᠴᠦ ᠪᠤᠢ᠃    ᠤᠳᠤᠬᠠᠨ ᠳᠤ ᠬᠠᠷᠢᠯᠴᠠᠭᠠᠨ ᠤ ᠲᠦᠭᠰᠢᠬᠦᠷᠢ ᠲᠠᠢ ᠬᠦᠮᠦᠨ ᠤᠯᠠᠰᠢᠷᠠᠵᠤ᠂ ᠡᠳᠡᠬᠡᠷ ᠬᠦᠮᠦᠰ ᠭᠡᠷ ᠤᠨ ᠮᠤᠬᠤᠷ ᠲᠠᠭᠠᠨ ᠬᠤᠷᠭᠤᠳᠠᠵᠤ᠂ ᠨᠡᠶᠢᠭᠡᠮ ᠤᠨ ᠬᠠᠷᠢᠯᠴᠠᠭᠠᠨ ᠠᠴᠠ ᠵᠢᠷᠦᠬᠡᠰᠢᠶᠡᠨ ᠵᠠᠶᠢᠳᠠᠳᠠᠭ ᠲᠤᠯᠠ ᠠᠮᠢᠳᠤᠷᠠᠯ ᠨᠢ ᠲᠠᠩ ᠴᠤᠯᠭᠤᠢ ᠤᠳᠬ᠎ᠠ ᠠᠭᠤᠯᠭ᠎ᠠ ᠦᠬᠡᠢ ᠪᠤᠯᠳᠠᠭ᠃ ᠬᠦᠮᠦᠰ ᠤᠨ ᠦᠭᠡ ᠶᠠᠷᠢᠶ᠎ᠠ᠂ ᠦᠢᠯᠡ ᠠᠵᠢᠯᠯᠠᠭ᠎ᠠ᠂ ᠶᠠᠪᠤᠯᠴᠠᠭ᠎ᠠ ᠬᠠᠷᠢᠯᠴᠠᠭ᠎ᠠ ᠶᠢᠨ ᠠᠯᠢ ᠨᠢ ᠴᠤ ᠬᠡᠰᠡᠨ ᠤᠶᠤᠨ ᠮᠡᠳᠡᠷᠡᠮᠵᠢ ᠳᠤ ᠰᠠᠭᠤᠷᠢᠯᠠᠨ ᠬᠠᠷᠢᠴᠠᠬᠤᠢ ᠴᠢᠳᠠᠪᠤᠷᠢ ᠪᠠᠷ ᠲᠡᠮᠵᠢᠨ ᠪᠡᠶᠡᠯᠡᠭᠳᠡᠳᠡᠭ ᠠᠴᠠ ᠡᠳᠡᠭᠡᠷ ᠬᠦᠮᠦᠰ ᠰᠡᠳᠬᠢᠯ ᠤᠨ ᠰᠠᠭᠠᠳ ᠢᠶᠠᠨ ᠲᠠᠪᠠᠵᠤ ᠴᠢᠳᠠᠪᠠᠯ ᠠᠮᠵᠢᠯᠳᠠ ᠶᠢᠨ ᠠᠯᠳᠠᠨ ᠲᠦᠷᠦᠭᠡ ᠠᠴᠠ ᠤᠶᠢᠷᠠᠬᠠᠨ ᠪᠤᠯᠵᠤ ᠴᠢᠳᠠᠬᠤ ᠶᠤᠮ ᠡ᠃ ᠬᠠᠷᠸᠠᠷᠳ᠋ ᠶᠡᠭᠡ ᠰᠤᠷᠭᠠᠭᠤᠯᠢ ᠶᠢᠨ ᠨᠢᠬᠡᠨ ᠪᠠᠶᠢᠴᠠᠭᠠᠯᠳᠠ ᠳᠤ᠂ ᠠᠮᠵᠢᠯᠳᠠ ᠪᠦᠲᠦᠮᠵᠢ ᠤᠯᠬᠤ ᠪᠠ ᠵᠡᠷᠭᠡ ᠵᠢᠩᠰᠡ ᠨᠡᠮᠡᠭᠳᠡᠬᠦ ᠳᠤ 85% ᠨᠢ ᠬᠦᠮᠦᠰ ᠤᠨ ᠵᠦᠪ ᠤᠷᠮ᠎ᠠ ᠰᠡᠳᠬᠢᠯᠬᠡ᠂ ᠲᠠᠷᠤᠢ ᠬᠠᠷᠢᠴᠠᠬᠤᠢ ᠴᠢᠳᠠᠪᠤᠷᠢ ᠠᠴᠠ ᠪᠤᠯᠵᠤ᠂ 15% ᠨᠢ ᠰᠠᠶ᠋ᠢ ᠲᠤᠰᠬᠠᠢ ᠮᠡᠷᠭᠡᠵᠢᠯ ᠤᠨ ᠴᠢᠳᠠᠪᠤᠷᠢ ᠠᠴᠠ ᠪᠤᠯᠤᠭᠰᠠᠨ ᠭᠡᠳᠡᠭ ᠢ ᠢᠯᠡᠷᠡᠬᠦᠯᠪᠡ᠂ ᠡᠨᠡ ᠨᠢ ᠬᠦᠮᠦᠰ ᠤᠨ ᠬᠠᠷᠢᠴᠠᠬᠤᠢ ᠴᠢᠳᠠᠪᠤᠷᠢ ᠨᠢ ᠲᠡᠬᠦᠨ ᠤ ᠨᠡᠶᠢᠬᠡᠮ ᠲᠠᠢ ᠵᠤᠬᠢᠴᠠᠨ ᠠᠮᠵᠢᠯᠳᠠ ᠤᠯᠬᠤ ᠳᠤ ᠴᠢᠬᠤᠯᠠ ᠪᠠᠳᠤᠯᠠᠭ᠎ᠠ ᠪᠤᠯᠬᠤ ᠶᠢ ᠬᠠᠷᠠᠭᠤᠯᠵᠤ ᠪᠤᠢ᠃    ᠡᠳᠦᠷ ᠲᠤᠳᠤᠮ ᠤᠨ ᠠᠮᠢᠳᠤᠷᠠᠯ ᠲᠤᠮᠳᠠ ᠠᠬᠠᠮᠠᠳ ᠲᠤᠮᠤᠭᠠᠳᠠᠨ᠂ ᠠᠶᠢᠯ ᠰᠠᠭᠠᠬᠠᠯᠳᠠ᠂ ᠠᠵᠢᠯ ᠨᠢᠭᠡᠳᠡᠨ᠂ ᠨᠠᠶᠢᠵᠠ ᠨᠦᠬᠦᠳ ᠨᠢ ᠬᠡᠨ ᠨᠢᠬᠡᠨ ᠢ ︽ᠤᠬᠠᠭᠠᠯᠢᠭ ᠬᠦᠮᠦᠨ ︾ ᠭᠡᠬᠦ ᠦᠨᠳᠦᠷ ᠦᠨᠡᠯᠡᠯᠳᠡ ᠦᠭᠭᠦ ᠦᠶᠡᠰ ᠬᠦᠮᠦᠰ ᠶᠡᠬᠡᠳᠡ ᠪᠠᠶᠠᠰᠳᠠᠭ᠃ ᠡᠨᠡ ᠨᠢ ︽ᠤᠬᠠᠭᠠᠯᠢᠭ ᠬᠦᠮᠦᠨ ︾ ᠤ ᠬᠠᠷᠢᠴᠠᠬᠤᠢ ᠴᠢᠳᠠᠪᠤᠷᠢ ᠳᠤ ᠦᠭᠬᠦᠭᠰᠡᠨ ᠦᠨᠡᠯᠡᠯᠳᠡ ᠪᠤᠯᠬᠤ ᠨᠢ ᠲᠠᠮᠵᠢᠭ ᠦᠬᠡᠢ᠃ ᠡᠬᠦᠨ ᠳᠤ ᠪᠢᠳᠡ ᠬᠠᠷᠢᠴᠠᠬᠤᠢ ᠴᠢᠳᠠᠪᠤᠷᠢ ᠶᠢ ᠵᠦᠪᠬᠡᠨ ᠬᠦᠮᠦᠨ ᠬᠦᠮᠦᠨ ᠤ ᠬᠤᠭᠤᠷᠤᠨᠳᠤᠬᠢ ᠡᠪ ᠲᠠᠢ ᠬᠠᠷᠢᠯᠴᠠᠬᠤ ᠴᠢᠳᠠᠪᠤᠷᠢ ᠪᠠᠷ ᠦᠵᠡᠬᠦ ᠠᠴᠠ ᠪᠢᠰᠢ ᠬᠠᠷᠢᠨ ᠪᠢᠯᠳᠠᠦᠴᠢᠯᠠᠬᠤ᠂ ᠡᠷᠬᠦᠨ ᠮᠠᠭᠳᠠᠬᠤ᠂ ᠬᠠᠭᠤᠷᠮᠠᠭ ᠠᠭᠠᠰᠢᠯᠠᠬᠤ ᠬᠡᠮᠡᠨ ᠢᠪᠴᠤᠤ ᠤᠳᠬ᠎ᠠ ᠠᠴᠠ ᠤᠶᠢᠯᠠᠭᠠᠵᠤ ᠪᠤᠯᠬᠤ ᠦᠬᠡᠢ᠃ ᠬᠠᠷᠢᠴᠠᠬᠤᠢ ᠴᠢᠳᠠᠪᠤᠷᠢ ᠨᠢ ᠨᠢᠬᠡ ᠵᠦᠢᠯ ᠤᠨ ᠤᠶᠤᠨ ᠰᠠᠨᠠᠭᠠᠨ ᠤ ᠬᠦᠴᠦᠨ᠂ ᠨᠢᠬᠡ ᠵᠦᠢᠯ ᠤᠨ ᠵᠠᠩ ᠠᠭᠠᠰᠢ ᠶᠢᠨ ᠬᠡᠪ ᠴᠢᠨᠠᠷ ᠪᠤᠯᠬᠤᠷ ᠵᠠᠪᠠᠯ ᠵᠦᠪ ᠲᠠᠯ᠎ᠠ ᠠᠴᠠ ᠤᠶᠢᠯᠠᠭᠠᠬᠤ ᠬᠡᠷᠡᠭᠳᠡᠢ᠃    ᠬᠦᠮᠦᠨ ᠡᠨᠡ ᠶᠢᠷᠳᠢᠨᠴᠦ ᠳᠤ ᠭᠤᠤᠨᠢ ᠪᠡᠶ᠎ᠠ ᠭᠤᠵᠤᠩ ᠲᠤᠯᠤᠭᠠᠢ ᠪᠠᠷ ᠠᠮᠢᠳᠤᠷᠠᠨ ᠤᠷᠤᠰᠢᠬᠤ ᠪᠢᠰᠢ᠂ ᠬᠠᠷᠢᠨ ᠤᠯᠠᠭᠤᠯᠠ ᠨᠡᠶᠢᠯᠡᠵᠤ᠂ ᠨᠡᠶᠢᠳᠡ ᠪᠠᠷ ᠤᠷᠤᠰᠢᠬᠤ ᠵᠠᠩ ᠵᠢᠷᠦᠮ ᠲᠠᠢ ᠪᠤᠯᠬᠤᠷ ᠦᠪᠡᠷ ᠤᠨ ᠬᠠᠷᠢᠴᠠᠬᠤᠢ ᠴᠢᠳᠠᠪᠤᠷᠢ ᠪᠠᠨ ᠲᠡᠭᠡᠭᠰᠢᠯᠡᠬᠦᠯᠵᠤ᠂ ᠦᠭᠬᠢᠶᠡᠮᠦᠷ ᠪᠤᠳᠤᠯ ᠲᠠᠢ᠂ ᠦᠷᠦᠭᠡᠯ ᠳᠤ ᠲᠤᠰᠠᠷᠬᠠᠭ᠂ ᠦᠨᠡᠨᠴᠢ ᠢᠳᠡᠭᠡᠮᠵᠢᠳᠡᠢ ᠶᠠᠪᠤᠪᠠᠯ ᠵᠤᠬᠢᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号