ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 29 ᠤ ᠴᠠᠭᠢᠯᠭᠠᠨ ᠮᠡᠳᠡᠭᠡ ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ | ᠶᠣᠰᠣᠯᠠᠯ 29 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠲᠠᠨ ᠰᠢᠷᠭᠠᠯ | ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠲᠤ | ᠭᠠᠪᠢᠶᠠᠨ ᠲᠡᠮᠳᠡᠭ ᠱᠠᠩᠨᠠᠯ ᠤᠨ ᠲᠡᠮᠳᠡᠭ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠠᠭᠤᠤ | ᠶᠡᠭᠡ ᠴᠠᠭ ᠦᠶ᠎ᠡ ᠪᠠᠭᠠᠲᠤᠷᠴᠤᠳ ᠢ ᠤᠷᠢᠶᠠᠯᠠᠵᠤ᠂ ᠪᠠᠭᠠᠲᠤᠷᠴᠤᠳ ᠢ ᠪᠤᠢ ᠪᠣᠯᠭᠠᠨ᠎ᠠ᠃ ᠪᠠᠭᠠᠲᠤᠷᠴᠤᠳ ᠴᠣᠯᠭᠤᠷᠠᠨ | ᠭᠠᠷᠪᠠᠯ ᠨᠠᠮ ᠪᠠ ᠠᠷᠠᠳ ᠲᠦᠮᠡᠨ ᠤ ᠦᠢᠯᠡᠰ ᠬᠥᠭᠵᠢᠨ ᠴᠡᠴᠡᠭᠯᠡᠵᠦ᠂ ᠥᠨᠢᠳᠡ ᠮᠠᠨᠳᠤᠨ ᠪᠠᠳᠠᠷᠠᠬᠤ ᠪᠣᠯᠣᠨ᠎ᠠ᠃ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠠᠭᠠᠲᠤᠷ ᠵᠢᠱᠢᠶᠡᠴᠢ ᠶᠢ ᠬᠠᠯᠠᠮᠵᠢᠯᠠᠨ ᠬᠠᠶᠢᠷᠠᠯᠠᠵᠤ᠂ ᠨᠡᠶᠢᠭᠡᠮ | ᠳᠠᠶᠠᠭᠠᠷ ᠪᠠᠭᠠᠲᠤᠷᠴᠤᠳ ᠢ ᠭᠦᠨᠳᠦᠳᠭᠡᠵᠦ᠂ ᠪᠠᠭᠠᠲᠤᠷᠴᠤᠳ ᠠᠴᠠ ᠰᠤᠷᠤᠯᠴᠠᠵᠤ᠂ ᠪᠠᠭᠠᠲᠤᠷ ᠪᠤᠯᠬᠤ ᠪᠠᠷ ᠴᠢᠷᠮᠠᠶᠢᠬᠤ ᠶᠢ | ᠠᠬᠢᠭᠤᠯᠬᠤ ᠬᠡᠷᠡᠭᠲᠡᠢ᠃ ᠬᠥᠬᠢᠭᠦᠯᠦᠭᠳᠡᠨ ᠰᠠᠶᠢᠰᠢᠶᠠᠭᠳᠠᠭᠰᠠᠨ ᠨᠥᠬᠦᠳ ᠲᠤ ᠢᠷᠠᠭᠤ ᠠᠯᠳᠠᠷ ᠢᠶᠠᠨ ᠨᠠᠨᠳᠢᠩᠨᠠᠨ᠂ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠡᠩ ᠶᠡᠭᠡ ᠢᠷᠠᠭᠤ ᠠᠯᠳᠠᠷ ᠢ ᠲᠡᠮᠡᠴᠡᠨ ᠣᠯᠬᠤ ᠶᠢ ᠬᠦᠰᠡᠵᠦ ᠪᠠᠶᠢᠨ᠎ᠠ ᠭᠡᠵᠦ | ᠴᠢᠬᠤᠯᠠᠴᠢᠯᠠᠵᠠᠢ᠃ | | 9 ᠰᠠᠷ᠎ᠠ ᠶᠢᠨ 29 ᠤ ᠡᠳᠦᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠭᠠᠪᠢᠶᠠᠨ ᠲᠡᠮᠳᠡᠭ | ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠠᠯᠲᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ | ᠴᠣᠯᠠ ᠬᠦᠷᠲᠡᠭᠰᠡᠳ ᠲᠤ ᠭᠠᠪᠢᠶᠠᠨ ᠲᠡᠮᠳᠡᠭ ᠱᠠᠩᠨᠠᠯ ᠤᠨ ᠲᠡᠮᠳᠡᠭ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠯᠢ ᠴᠢᠶᠠᠩ᠂ ᠵᠤᠤ ᠯᠧ ᠵᠢᠢ᠂ ᠸᠠᠩ ᠬᠤ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠶᠣᠰᠣᠯᠠᠯ ᠳᠤ | ᠣᠷᠣᠯᠴᠠᠵᠤ᠂ ᠼᠠᠢ ᠴᠢ ᠡᠷᠭᠢᠯᠡᠪᠡ᠃ | 9 ᠴᠠᠭ ᠤᠨ ᠦᠶ᠎ᠡ ᠪᠠᠷ᠂ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ | ᠬᠦᠷᠲᠡᠭᠰᠡᠳ ᠬᠠᠮᠲᠤ ᠪᠠᠷ ᠶᠣᠰᠣᠯᠠᠯ ᠤᠨ ᠲᠡᠷᠭᠡᠨ ᠳᠤ ᠰᠠᠭᠤᠵᠤ᠂ ᠶᠣᠰᠣᠯᠠᠯ ᠤᠨ ᠮᠣᠲ᠋ᠣᠷ ᠲᠡᠷᠭᠡᠨ ᠤ ᠠᠩᠭᠢ ᠶᠢᠨ | ᠬᠠᠮᠠᠭᠠᠯᠠᠯᠲᠠ ᠲᠠᠢ ᠪᠠᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠦᠷᠪᠡ᠃ ᠠᠷᠠᠳ ᠤᠨ ᠶᠡᠭᠡ ᠬᠤᠷᠠᠯ ᠤᠨ | ᠲᠠᠩᠬᠢᠮ ᠤᠨ ᠵᠡᠭᠦᠨ ᠡᠭᠦᠳᠡᠨ ᠤ ᠭᠠᠳᠠᠨ᠎ᠠ᠂ ᠶᠣᠰᠣᠯᠠᠯ ᠤᠨ ᠴᠡᠷᠢᠭ ᠵᠠᠮ ᠤᠨ ᠬᠤᠶᠠᠷ ᠲᠠᠯ᠎ᠠ ᠳᠤ ᠵᠢᠭᠰᠠᠵᠤ᠂ ᠵᠠᠯᠠᠭᠤᠴᠤᠳ | ᠪᠠᠭᠠᠴᠤᠳ ᠬᠠᠯᠠᠭᠤᠨ ᠢᠶᠠᠷ ᠤᠷᠠᠶᠢᠯᠠᠨ ᠮᠡᠨᠳᠦᠴᠢᠯᠡᠪᠡ᠃ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ | ᠠᠯᠳᠠᠷ ᠤᠨ ᠴᠣᠯᠠ ᠬᠦᠷᠲᠡᠭᠰᠡᠳ ᠤᠯᠠᠭᠠᠨ ᠬᠡᠪᠢᠰ ᠳᠡᠭᠡᠭᠦᠷ ᠱᠠᠲᠤ ᠪᠠᠷ ᠠᠯᠬᠤᠵᠤ᠂ ᠠᠷᠠᠳ ᠤᠨ ᠶᠡᠭᠡ ᠬᠤᠷᠠᠯ ᠤᠨ | ᠲᠠᠩᠬᠢᠮ ᠳᠤ ᠣᠷᠣᠪᠠ᠃ ᠨᠠᠮ ᠪᠣᠯᠣᠨ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ | ᠠᠵᠢᠯ ᠤᠨ ᠵᠥᠪᠯᠡᠯ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠠᠮᠲᠤ ᠪᠠᠷ ᠲᠡᠳᠡᠨ ᠢ ᠤᠭᠲᠤᠪᠠ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ᠂ ᠲᠥᠪ ᠬᠢᠴᠢᠶᠡᠩᠭᠦᠢ ᠭᠦᠷ ᠬᠥᠭᠵᠢᠶᠡᠨᠲᠦ | ᠠᠭᠤᠷ ᠠᠮᠢᠰᠬᠤᠯ ᠢᠶᠠᠷ ᠪᠢᠯᠬᠠᠨ᠎ᠠ᠃ ᠠᠷᠤ ᠲᠠᠯ᠎ᠠ ᠶᠢᠨ ᠤᠯᠠᠭᠠᠨ ᠬᠠᠪᠲᠠᠰᠤᠨ ᠳᠡᠭᠡᠷ᠎ᠡ᠂ ᠪᠦᠭᠦᠳᠠ ᠨᠠᠶᠢᠷᠠᠮᠳᠠᠬᠤ | ᠤᠯᠤᠰ ᠤᠨ ᠭᠠᠪᠢᠶᠠᠨ ᠲᠡᠮᠳᠡᠭ᠂ ᠨᠥᠬᠦᠷᠯᠡᠯ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠶᠢᠨ | ᠱᠠᠩᠨᠠᠯ ᠤᠨ ᠲᠡᠮᠳᠡᠭ ᠤᠨ ᠬᠡ ᠤᠭᠠᠯᠵᠠ ᠭᠢᠯᠪᠠᠭ᠎ᠠ ᠰᠠᠴᠤᠷᠠᠭᠤᠯᠤᠨ᠎ᠠ᠃ ᠬᠠᠪᠲᠠᠰᠤᠨ ᠤ ᠡᠮᠦᠨ᠎ᠡ᠂ 18 ᠬᠤᠷᠴᠠ ᠤᠯᠠᠭᠠᠨ | ᠲᠠᠪᠤᠨ ᠣᠳᠣᠲᠤ ᠤᠯᠠᠭᠠᠨ ᠲᠤᠭ ᠢ ᠬᠤᠶᠠᠷ ᠲᠠᠯ᠎ᠠ ᠪᠠᠷ ᠨᠢ ᠵᠢᠭᠰᠠᠭᠠᠵᠤ᠂ 18 ᠶᠣᠰᠣᠯᠠᠯ ᠤᠨ ᠴᠡᠷᠢᠭ ᠫᠤᠤ ᠠᠳᠬᠤᠨ | ᠲᠥᠪ ᠵᠣᠭᠰᠣᠵᠠᠢ᠃ | 9 ᠴᠠᠭ 58 ᠮᠢᠨᠦ᠋ᠲ ᠲᠤ᠂ ᠪᠠᠶᠠᠰᠬᠤᠯᠠᠩᠲᠤ ᠰᠠᠶᠢᠬᠠᠨ ᠠᠶᠠᠰ ᠳᠤᠮᠳᠠ᠂ ᠰᠢ ᠶᠢᠨ ᠫᠢᠩ ᠤᠯᠤᠰ ᠤᠨ ᠭᠠᠪᠢᠶᠠᠨ | ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠲᠠᠢ ᠬᠠᠮᠲᠤ ᠬᠤᠷᠠᠯ ᠤᠨ ᠲᠠᠯᠠᠪᠠᠢ ᠳᠤ ᠠᠯᠬᠤᠨ | ᠣᠷᠣᠬᠤ ᠳᠤ ᠳᠠᠯᠠᠪᠠᠢ ᠳᠠᠶᠠᠭᠠᠷ ᠪᠣᠰᠴᠤ ᠵᠣᠭᠰᠣᠨ ᠨᠢᠵᠢᠭᠢᠨᠡᠲᠡᠯ᠎ᠡ ᠠᠯᠠᠭ᠎ᠠ ᠳᠠᠰᠢᠪᠠ᠃ | 10 ᠴᠠᠭ ᠲᠤ᠂ ᠴᠡᠷᠢᠭ ᠤᠨ ᠬᠥᠭᠵᠢᠮ ᠤᠨ ᠪᠦᠯᠭᠦᠮ ᠤᠨ ᠪᠦᠷᠢᠶᠡᠴᠢᠳ ᠶᠣᠰᠣᠯᠠᠯ ᠤᠨ ᠪᠦᠷᠢᠶ᠎ᠡ ᠦᠯᠢᠶᠡᠵᠦ᠂ ᠱᠠᠩᠨᠠᠯ | ᠣᠯᠭᠤᠬᠤ ᠶᠣᠰᠣᠯᠠᠯ ᠡᠬᠢᠯᠡᠪᠡ᠃ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ ︾ ᠶᠢ ᠬᠥᠭᠵᠢᠮᠳᠡᠵᠦ᠂ | ᠲᠠᠯᠠᠪᠠᠢ ᠳᠠᠶᠠᠭᠠᠷ ᠢᠶᠠᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ | ᠼᠠᠢ ᠴᠢ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠡᠷᠢᠭᠦᠯᠡᠭᠴᠢ ᠶᠢᠨ ᠵᠠᠷᠯᠢᠭ ᠢ ᠤᠩᠰᠢᠨ ᠨᠡᠶᠢᠲᠡᠯᠡᠪᠡ᠃ ᠲᠡᠷᠢᠭᠦᠯᠡᠭᠴᠢ ᠶᠢᠨ ᠵᠠᠷᠯᠢᠭ ᠲᠤ᠂ ᠪᠦᠭᠦᠳᠠ ᠨᠠᠶᠢᠷᠠᠮᠳᠠᠬᠤ | ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠵᠦ᠂ ᠰᠢᠨ᠎ᠡ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠭᠠᠪᠢᠶᠠᠲᠤ ᠵᠢᠱᠢᠶᠡᠴᠢ | ᠬᠥᠮᠥᠰ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠵᠤ᠂ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ | ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠬᠤᠷᠠᠯ ᠤᠨ | ᠲᠣᠭᠲᠠᠭᠠᠯ ᠢ ᠦᠨᠳᠦᠰᠦᠯᠡᠨ᠂ ᠸᠠᠩ ᠶᠦᠩ ᡁᠢ ᠵᠡᠷᠭᠡ 4 ᠬᠥᠮᠥᠨ ᠳᠤ ︽ᠪᠦᠭᠦᠳᠠ ᠨᠠᠶᠢᠷᠠᠮᠳᠠᠬᠤ ᠤᠯᠤᠰ ᠤᠨ | ᠭᠠᠪᠢᠶᠠᠨ ᠲᠡᠮᠳᠡᠭ ︾ ᠣᠯᠭᠤᠵᠤ᠂ ᠳ᠋ᠢᠷᠮᠠ · ᠯᠦᠸᠧᠰᠠᠶᠢᠹ ᠲᠤ ︽ᠨᠥᠬᠦᠷᠯᠡᠯ ᠤᠨ ᠭᠠᠪᠢᠶᠠᠨ ᠲᠡᠮᠳᠡᠭ ︾ ᠣᠯᠭᠤᠵᠤ᠂ | ᠸᠠᠩ ᠰᠢᠶᠣᠣ ᠮᠦᠸᠧ ᠵᠡᠷᠭᠡ 10 ᠬᠥᠮᠥᠨ ᠳᠤ ᠤᠯᠤᠰ ᠤᠨ ᠢᠷᠠᠭᠤ ᠠᠯᠳᠠᠷ ᠤᠨ ᠴᠣᠯᠠ ᠣᠯᠭᠤᠨ᠎ᠠ ᠭᠡᠵᠦ ᠵᠢᠭᠠᠵᠤ | ᠭᠠᠷᠭᠠᠪᠠ᠃ | 2 ᠲᠤᠭᠴᠢ ᠲᠠᠪᠤᠨ ᠣᠳᠣᠲᠤ ᠤᠯᠠᠭᠠᠨ ᠲᠤᠭ ᠢ ᠥᠨᠳᠥᠷ ᠡᠷᠭᠦᠵᠦ᠂ 3 ᠶᠣᠰᠣᠯᠠᠯ ᠤᠨ ᠴᠡᠷᠢᠭ ᠪᠦᠭᠦᠳᠡ | ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ᠂ ᠨᠥᠬᠦᠷᠯᠡᠯ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ | ᠠᠯᠳᠠᠷ ᠤᠨ ᠴᠣᠯᠠ ᠶᠢᠨ ᠱᠠᠩᠨᠠᠯ ᠤᠨ ᠲᠡᠮᠳᠡᠭ ᠢ ᠡᠷᠭᠦᠵᠦ᠂ ᠢᠳᠡᠷᠡᠭᠦᠨ ᠠᠯᠬᠤᠭ᠎ᠠ ᠪᠠᠷ ᠶᠣᠰᠣᠯᠠᠯ ᠤᠨ ᠠᠬᠤᠢ ᠲᠠᠯᠠᠪᠠᠢ ᠳᠤ | ᠠᠯᠬᠤᠨ ᠭᠦᠷᠪᠡ᠃ | ᠰᠦᠷ ᠵᠢᠪᠬᠤᠯᠠᠩᠲᠤ ︽ᠡᠬᠡ ᠤᠯᠤᠰ ᠤᠨ ᠪᠠᠭᠠᠲᠤᠷᠴᠤᠳ ᠲᠠᠭᠠᠨ ᠬᠦᠨᠳᠦᠳᠬᠡᠯ ᠳᠡᠪᠰᠢᠭᠦᠯᠦᠶ᠎ᠡ ︾ ᠭᠡᠬᠦ | ᠬᠥᠭᠵᠢᠮ ᠤᠨ ᠠᠶᠠᠰ ᠳᠤᠮᠳᠠ᠂ ᠰᠢ ᠶᠢᠨ ᠫᠢᠩ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ | ᠴᠣᠯᠠ ᠬᠦᠷᠲᠡᠭᠰᠡᠳ ᠲᠤ ᠭᠠᠪᠢᠶᠠᠨ ᠲᠡᠮᠳᠡᠭ ᠱᠠᠩᠨᠠᠯ ᠤᠨ ᠲᠡᠮᠳᠡᠭ ᠣᠯᠭᠤᠭᠰᠠᠨ ᠪᠥᠭᠡᠳ ᠲᠡᠳᠡᠨ ᠲᠠᠢ ᠳᠣᠲᠣᠨᠣ ᠪᠠᠷ ᠭᠠᠷ | ᠠᠳᠬᠤᠵᠤ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠠᠯᠠᠪᠠᠢ ᠳᠠᠶᠠᠭᠠᠷ ᠬᠠᠯᠠᠭᠤᠨ ᠠᠯᠠᠭ᠎ᠠ ᠲᠠᠰᠢᠪᠠ᠃ | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠭᠠᠪᠢᠶᠠᠲᠤ ᠵᠢᠱᠢᠶᠡᠴᠢ ᠬᠥᠮᠥᠰ ᠲᠤ ᠦᠵᠡᠰᠬᠦᠯᠡᠩᠲᠦ ᠰᠠᠶᠢᠬᠠᠨ | ᠰᠣᠷᠭᠤᠭ ᠴᠡᠴᠡᠭ ᠬᠦᠷᠭᠡᠵᠦ ᠶᠣᠰᠣᠯᠠᠪᠠ᠃ | | 9 ᠰᠠᠷ᠎ᠠ ᠶᠢᠨ 29 ᠤ ᠡᠳᠦᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠭᠠᠪᠢᠶᠠᠨ | ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠤᠨ ᠠᠯᠲᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ ᠫᠢᠩ ᠵᠡᠷᠭᠡ | ᠤᠳᠤᠷᠢᠳᠬᠤ ᠨᠥᠬᠦᠳ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ | ᠬᠦᠷᠲᠡᠭᠰᠡᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠲᠠᠯᠠᠪᠠᠢ ᠳᠠᠶᠠᠭᠠᠷ ᠤᠨ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠲᠡᠷᠡ ᠡᠩ ᠲᠡᠷᠢᠭᠦᠨ ᠳᠤ ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠡᠮᠦᠨ᠎ᠡ ᠠᠴᠠ᠂ ︽ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ ︾ ᠪᠠ ᠤᠯᠤᠰ ᠤᠨ ᠢᠷᠠᠭᠤ | ᠠᠯᠳᠠᠷ ᠤᠨ ᠴᠣᠯᠠ ᠭᠥᠷᠳᠡᠭᠰᠡᠨ ᠪᠠᠭᠠᠲᠤᠷ ᠵᠢᠱᠢᠶᠡᠴᠢ᠂ ︽ᠨᠥᠬᠦᠷᠯᠡᠯ ᠤᠨ ᠭᠠᠪᠢᠶᠠᠨ ᠲᠡᠮᠳᠡᠭ ︾ ᠭᠥᠷᠳᠡᠭᠰᠡᠨ ᠤᠯᠠᠨ | ᠤᠯᠤᠰ ᠤᠨ ᠨᠠᠶᠢᠵᠠ ᠨᠠᠷ ᠲᠤ ᠬᠠᠯᠠᠭᠤᠨ ᠪᠠᠶᠠᠷ ᠬᠦᠷᠭᠡᠵᠦ᠂ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ | ᠰᠢ ᠶᠢᠨ ᠫᠢᠩ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ | ᠬᠠᠮᠲᠤ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠠᠵᠤ | ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ ᠬᠤᠭᠤᠴᠠᠭ᠎ᠠ ᠲᠣᠭᠲᠠᠭᠤᠨ ᠪᠠᠶᠢᠬᠤ ᠬᠤᠶᠠᠷ ᠶᠡᠭᠡ | ᠭᠠᠶᠢᠬᠠᠮᠰᠢᠭ ᠢ ᠡᠭᠦᠳᠴᠦ᠂ ᠠᠭᠤᠤ ᠶᠡᠭᠡ ᠡᠬᠡ ᠤᠯᠤᠰ ᠲᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠤᠴᠠᠰᠢ ᠦᠭᠡᠢ ᠲᠡᠦᠬᠡᠨ ᠠᠬᠢᠴᠠ ᠳᠤ ᠣᠷᠣᠪᠠ᠃ | ᠡᠨᠡ ᠬᠦ ᠰᠦᠷ ᠳᠠᠯᠠᠶᠢᠴᠠᠲᠠᠢ ᠬᠥᠭᠵᠢᠯᠲᠡ ᠶᠢᠨ ᠶᠠᠪᠤᠴᠠ ᠳᠤ᠂ ᠡᠯ᠎ᠡ ᠹᠷᠣᠨᠲ ᠲᠤ ᠮᠠᠰᠢ ᠤᠯᠠᠨ ᠪᠠᠭᠠᠲᠤᠷ ᠵᠢᠱᠢᠶᠡᠴᠢ | ᠴᠣᠯᠭᠤᠷᠠᠨ ᠭᠠᠷᠴᠠᠢ᠃ ᠥᠨᠥᠳᠥᠷ ᠤᠨ ᠬᠥᠬᠢᠭᠦᠯᠦᠭᠳᠡᠨ ᠰᠠᠶᠢᠰᠢᠶᠠᠭᠳᠠᠭᠰᠠᠨ ᠨᠥᠬᠦᠳ ᠪᠣᠯ ᠡᠭᠦᠨ ᠤ ᠳᠣᠲᠣᠷᠠᠬᠢ | ᠭᠠᠷᠮᠠᠭᠠᠢ ᠲᠥᠯᠥᠭᠡᠯᠡᠭᠴᠢ ᠮᠥᠨ᠃ ᠲᠡᠳᠡᠨ ᠤ ᠲᠡᠷᠢᠭᠦᠨ ᠤ ᠦᠢᠯᠡ ᠠᠵᠢᠯᠯᠠᠭ᠎ᠠ ᠪᠠ ᠲᠣᠪᠤᠶᠢᠮ᠎ᠠ ᠬᠤᠪᠢ ᠨᠡᠮᠡᠷᠢ ᠨᠢ | ᠪᠦᠭᠦᠳᠡ ᠨᠠᠶᠢᠷᠠᠮᠳᠠᠬᠤ ᠤᠯᠤᠰ ᠤᠨ ᠲᠡᠦᠬᠡᠨ ᠬᠠᠭᠤᠳᠠᠰᠤᠨ᠎ᠠ ᠥᠨᠢᠳᠡ ᠲᠡᠮᠳᠡᠭᠯᠡᠭᠳᠡᠬᠦ ᠪᠣᠯᠣᠨ᠎ᠠ᠂ ᠲᠡᠳᠡᠨ ᠤ ᠦᠨᠡᠨᠴᠢ | ᠰᠢᠳᠤᠷᠭᠤ᠂ ᠰᠢᠨᠲᠠᠷᠠᠰᠢ ᠦᠭᠡᠢ᠂ ᠪᠣᠷᠣᠭᠵᠢᠭᠤᠨ ᠰᠢᠯᠢᠳᠡᠭ ᠵᠠᠩ ᠰᠤᠷᠲᠠᠯ ᠢ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠰᠤᠷᠤᠯᠴᠠᠭᠤᠰᠢᠲᠠᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠮᠠᠨ ᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠪᠠᠭᠠᠲᠤᠷ ᠵᠢᠱᠢᠶᠡᠴᠢ ᠪᠠᠷ ᠳᠠᠭᠤᠷᠢᠶᠠᠯ ᠪᠤᠯᠭᠠᠵᠤ᠂ ᠪᠦᠯᠬᠦᠮᠳᠡᠨ | ᠤᠷᠤᠭᠰᠢᠯᠠᠵᠤ᠂ ᠡᠷᠡᠮᠡᠬᠡᠶᠢᠯᠡᠨ ᠭᠠᠪᠰᠢᠭᠠᠶᠢᠯᠠᠵᠤ᠂ ᠤᠯᠤᠰ ᠢᠶᠠᠨ ᠬᠦᠴᠦᠷᠬᠡᠭᠵᠢᠭᠦᠯᠬᠦ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠬᠤ ᠬᠡᠷᠡᠭᠲᠡᠢ᠃ ᠬᠡᠬᠦᠳᠡᠭ ᠴᠡᠭᠡᠵᠢᠨ ᠳᠡᠭᠡᠨ ᠤᠯᠤᠰ ᠢᠶᠠᠨ ᠬᠦᠴᠦᠷᠬᠡᠭᠵᠢᠭᠦᠯᠬᠦ ᠵᠣᠷᠢᠭ ᠢ ᠡᠪᠦᠷᠯᠡᠵᠦ᠂ ᠤᠯᠤᠰ | ᠣᠷᠣᠨ ᠢᠶᠠᠨ ᠪᠠᠶᠠᠵᠢᠭᠤᠯᠤᠨ ᠬᠦᠴᠦᠷᠬᠡᠭᠵᠢᠭᠦᠯᠬᠦ ᠪᠠᠷ ᠬᠦᠰᠡᠯ ᠵᠣᠷᠢᠯᠲᠠ ᠪᠠᠨ ᠪᠤᠯᠭᠠᠵᠤ᠂ ᠠᠷᠠᠳ ᠲᠦᠮᠡᠨ ᠤ ᠵᠣᠯ | ᠵᠢᠷᠭᠠᠯ ᠢᠶᠠᠷ ᠬᠦᠰᠡᠯ ᠡᠷᠡᠮᠡᠯᠵᠡᠯ ᠢᠶᠠᠨ ᠪᠤᠯᠭᠠᠵᠤ᠂ ᠦᠨᠡᠨᠴᠢ ᠰᠢᠳᠤᠷᠭᠤ ᠪᠠᠷ ᠤᠯᠤᠰ ᠢᠶᠠᠨ ᠬᠠᠶᠢᠷᠠᠯᠠᠵᠤ᠂ ᠡᠬᠡ | ᠣᠷᠣᠨ ᠤ ᠪᠠᠨ ᠲᠥᠯᠥᠭᠡ ᠵᠢᠳᠬᠦᠬᠦ ᠪᠠᠷ ᠵᠣᠷᠢᠭ ᠰᠢᠭᠤᠳᠤᠨ᠂ ᠥᠪᠡᠷ ᠪᠢ ᠪᠠᠨ ᠤᠯᠤᠰ ᠣᠷᠣᠨ ᠬᠠᠮᠲᠤ ᠨᠡᠶᠢᠳᠡ ᠳᠤ | ᠠᠭᠤᠰᠬᠠᠨ ᠣᠷᠣᠭᠤᠯᠵᠤ᠂ ᠤᠯᠤᠰ ᠣᠷᠣᠨ ᠤ ᠪᠠᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠲᠦᠮᠡᠨ ᠳᠤ | ᠦᠢᠯᠡᠴᠢᠯᠡᠬᠦ ᠳᠤᠮᠳᠠ ᠬᠤᠪᠢ ᠬᠥᠮᠥᠨ ᠤ ᠦᠨ᠎ᠡ ᠦᠷᠲᠡᠭ ᠢᠶᠠᠨ ᠪᠡᠶᠡᠯᠡᠭᠦᠯᠵᠦ᠂ ᠠᠮᠢᠳᠤᠷᠠᠬᠤᠢ ᠶᠢᠨ ᠴᠤᠭ ᠵᠢᠪᠬᠤᠭ᠎ᠠ ᠪᠠᠨ | ᠢᠯᠡᠷᠡᠭᠦᠯᠬᠦ ᠬᠡᠷᠡᠭᠲᠡᠢ᠃ ᠤᠯᠤᠰ ᠢᠶᠠᠨ ᠬᠦᠴᠦᠷᠬᠡᠭᠵᠢᠭᠦᠯᠬᠦ ᠤᠷ᠎ᠠ ᠮᠡᠷᠭᠡᠵᠢᠯ ᠢ ᠳᠠᠪᠲᠠᠨ ᠪᠤᠯᠪᠠᠰᠤᠷᠠᠭᠤᠯᠵᠤ᠂ ᠴᠠᠭ | ᠦᠶ᠎ᠡ ᠶᠢᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠳᠤ ᠵᠣᠬᠢᠴᠠᠵᠤ᠂ ᠰᠢᠨ᠎ᠡ ᠮᠡᠳᠡᠯᠭᠡ ᠶᠢ ᠰᠤᠷᠤᠯᠴᠠᠨ᠂ ᠰᠢᠨ᠎ᠡ ᠤᠷ᠎ᠠ | ᠴᠢᠳᠠᠪᠤᠷᠢ ᠶᠢ ᠡᠵᠡᠮᠰᠢᠵᠦ᠂ ᠵᠢᠩᠬᠢᠨᠢ ᠴᠢᠳᠠᠪᠤᠷᠢ ᠶᠢ ᠪᠣᠯᠪᠠᠰᠤᠷᠠᠭᠤᠯᠤᠨ᠂ ᠨᠢᠭᠡ ᠠᠵᠢᠯ ᠲᠦᠷᠦᠯ ᠢ ᠬᠢᠪᠡᠯ ᠨᠢᠭᠡ ᠠᠵᠢᠯ | ᠲᠦᠷᠦᠯ ᠢᠶᠠᠨ ᠬᠠᠶᠢᠷᠠᠯᠠᠵᠤ᠂ ᠨᠢᠭᠡ ᠠᠵᠢᠯ ᠲᠦᠷᠦᠯ ᠢ ᠰᠤᠳᠤᠯᠪᠠᠯ ᠨᠢᠭᠡ ᠠᠵᠢᠯ ᠲᠦᠷᠦᠯ ᠳᠤ ᠮᠡᠷᠭᠡᠰᠢᠵᠦ᠂ ᠠᠵᠢᠯ ᠬᠢᠵᠦ | ᠦᠢᠯᠡᠰ ᠪᠣᠰᠬᠠᠬᠤ ᠳᠠᠭᠠᠨ ᠴᠢᠳᠠᠮᠠᠭᠠᠢ ᠠᠵᠢᠯ ᠤᠨ ᠪᠠᠶᠢᠷᠢ ᠶᠢᠨ ᠴᠢᠳᠠᠪᠤᠷᠢᠲᠠᠨ᠂ ᠠᠵᠢᠯ ᠳᠠᠭᠠᠨ ᠴᠠᠭᠠᠷᠠᠭᠰᠠᠨ ᠬᠥᠮᠥᠨ | ᠪᠤᠯᠬᠤ ᠪᠠᠷ ᠴᠢᠷᠮᠠᠶᠢᠬᠤ ᠬᠡᠷᠡᠭᠲᠡᠢ᠃ ᠤᠯᠤᠰ ᠢᠶᠠᠨ ᠬᠦᠴᠦᠷᠬᠡᠭᠵᠢᠭᠦᠯᠬᠦ ᠳᠤ ᠵᠣᠷᠢᠭᠲᠠᠢ ᠪᠠᠷ ᠭᠠᠪᠢᠶ᠎ᠠ ᠪᠠᠶᠢᠭᠤᠯᠵᠤ᠂ | ᠥᠷᠯᠥᠭᠡ ᠦᠳᠡᠰᠢ ᠶᠢ ᠲᠡᠮᠡᠴᠡᠬᠦ ᠲᠡᠦᠬᠡ ᠶᠢᠨ ᠰᠠᠨᠠᠭᠠᠴᠢᠯᠠᠭᠠᠲᠤ ᠴᠢᠨᠠᠷ᠂ ᠡᠵᠡᠨ ᠬᠥᠮᠥᠨ ᠤ ᠬᠠᠷᠢᠭᠤᠴᠠᠯᠭ᠎ᠠ | ᠡᠭᠦᠷᠭᠡᠯᠡᠯ ᠢᠶᠠᠷ᠂ ᠰᠡᠳᠬᠢᠯ ᠰᠢᠭᠤᠳᠤᠨ ᠡᠷᠡᠯᠬᠡᠭᠯᠡᠨ ᠤᠷᠤᠭᠰᠢᠯᠠᠵᠤ᠂ ᠬᠦᠴᠢᠷ ᠢ ᠰᠥᠷᠦᠨ ᠤᠷᠤᠭᠰᠢᠯᠠᠵᠤ᠂ | ᠴᠣᠯᠭᠤᠷᠠᠬᠤ ᠶᠢ ᠬᠥᠭᠡᠭᠡᠴᠡᠯᠳᠦᠵᠦ᠂ ᠤᠭᠢ ᠶᠢᠨ ᠳᠣᠲᠣᠷ᠎ᠠ ᠠᠴᠠ ᠰᠣᠳᠣ ᠶᠢ ᠨᠢ ᠡᠷᠢᠯᠬᠢᠯᠡᠵᠦ᠂ ᠡᠭᠡᠯ ᠵᠢᠷ ᠤᠨ ᠠᠵᠢᠯ ᠤᠨ | ᠪᠠᠶᠢᠷᠢ ᠳᠡᠭᠡᠷ᠎ᠡ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ | ᠰᠢᠢᠳᠪᠦᠷᠢᠯᠡᠬᠦ᠂ ᠥᠭᠡᠷᠡᠴᠢᠯᠡᠯᠲᠡ ᠶᠢᠨ ᠪᠡᠷᠬᠡ ᠪᠣᠭᠤᠮᠲᠠ ᠶᠢ ᠰᠢᠪᠲᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ | ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠲᠠᠰᠤᠷᠠᠯᠳᠠ ᠦᠭᠡᠢ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ 75 ᠵᠢᠯ ᠤᠨ ᠲᠤᠷᠰᠢ ᠳᠡᠯᠡᠬᠡᠢ ᠳᠡᠭᠡᠷ᠎ᠡ ᠳᠤᠮᠳᠠᠳᠤ ᠤᠯᠤᠰ ᠤᠨ ᠠᠷᠠᠳ ᠲᠦᠮᠡᠨ ᠤ ᠬᠦᠰᠡᠯ | ᠵᠣᠷᠢᠯᠲᠠ ᠲᠠᠢ ᠰᠡᠳᠬᠢᠯ ᠨᠢᠭᠡᠳᠴᠦ᠂ ᠬᠦᠴᠢᠷ ᠪᠡᠷᠬᠡᠰᠢᠶᠡᠯ ᠢ ᠬᠠᠮᠲᠤ ᠪᠠᠷ ᠳᠤᠭᠤᠯᠤᠬᠰᠠᠨ ᠮᠠᠰᠢ ᠣᠯᠠᠨ ᠬᠠᠭᠤᠴᠢᠨ | ᠨᠠᠶᠢᠵᠠ᠂ ᠰᠠᠶᠢᠨ ᠨᠠᠶᠢᠵᠠ ᠪᠠᠶᠢᠨ᠎ᠠ᠂ ᠥᠨᠥᠳᠥᠷ ᠤᠨ ︽ᠨᠥᠬᠦᠷᠯᠡᠯ ᠤᠨ ᠭᠠᠪᠢᠶᠠᠨ ᠲᠡᠮᠳᠡᠭ ︾ ᠭᠥᠷᠳᠡᠭᠰᠡᠨ ᠳ᠋ᠢᠷᠮᠠ · | ᠯᠦᠸᠧᠰᠠᠶᠢᠹ ᠠᠪᠠᠭ᠋ᠠᠢ ᠪᠣᠯ ᠲᠡᠭᠦᠨ ᠤ ᠳᠣᠲᠣᠷᠠᠬᠢ ᠭᠠᠷᠮᠠᠭᠠᠢ ᠲᠥᠯᠥᠭᠡᠯᠡᠭᠴᠢ ᠪᠣᠯᠣᠨ᠎ᠠ᠃ ᠳᠤᠮᠳᠠᠳᠤ ᠤᠯᠤᠰ ᠤᠨ | ᠬᠥᠭᠵᠢᠯᠲᠡ᠂ ᠳᠤᠮᠳᠠᠳᠤ ᠤᠯᠤᠰ ᠤᠨ ᠠᠷᠠᠳ ᠲᠦᠮᠡᠨ ᠪᠣᠯᠣᠨ ᠡᠯ᠎ᠡ ᠤᠯᠤᠰ ᠤᠨ ᠠᠷᠠᠳ ᠲᠦᠮᠡᠨ ᠤ ᠨᠥᠬᠦᠷᠯᠡᠯ ᠳᠤ | ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠳᠡᠭᠡᠷ ᠤᠯᠠᠨ ᠤᠯᠤᠰ ᠤᠨ ᠨᠥᠭᠦᠷᠰᠡᠭ ᠬᠥᠮᠥᠰ ᠢ ᠳᠤᠮᠳᠠᠳᠤ ᠤᠯᠤᠰ ᠤᠨ | ᠠᠷᠠᠳ ᠲᠦᠮᠡᠨ ᠡᠭᠦᠷᠢᠳᠡ ᠮᠠᠷᠲᠠᠬᠤ ᠦᠭᠡᠢ ᠶᠤᠮ᠃ ᠳᠤᠮᠳᠠᠳᠤ ᠤᠯᠤᠰ ᠤᠨ ᠠᠷᠠᠳ ᠲᠦᠮᠡᠨ ᠳᠤᠷᠠᠲᠠᠶ᠎ᠠ ᠳᠡᠯᠡᠬᠡᠢ ᠶᠢᠨ | ᠡᠯ᠎ᠡ ᠤᠯᠤᠰ ᠤᠨ ᠠᠷᠠᠳ ᠲᠦᠮᠡᠨ ᠲᠠᠢ ᠭᠠᠷ ᠬᠤᠯᠪᠣᠨ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠬᠠᠮᠲᠤ ᠶᠢᠨ | ᠬᠥᠭᠵᠢᠯᠲᠡ ᠶᠢ ᠠᠬᠢᠭᠤᠯᠤᠨ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠵᠤ᠂ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠬᠤ ᠴᠢᠬᠤᠯᠠᠲᠠᠢ᠂ ᠰᠢᠨ᠎ᠡ ᠲᠡᠦᠬᠡ ᠶᠢ ᠬᠠᠮᠲᠤ ᠪᠠᠷ | ᠴᠣᠭᠴᠠᠯᠠᠬᠤ ᠴᠢᠬᠤᠯᠠᠲᠠᠢ᠃ ᠬᠠᠷᠠᠯᠲᠠ ᠪᠠᠨ ᠲᠣᠭᠲᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠠᠮ | ᠨᠡᠭᠡᠭᠡᠨ ᠤᠷᠤᠭᠰᠢᠯᠠᠵᠤ᠂ ᠪᠦᠭᠦᠳᠡ ᠨᠠᠶᠢᠷᠠᠮᠳᠠᠬᠤ ᠠᠷᠠᠳ ᠤᠯᠤᠰ ᠤᠨ ᠨᠡᠩ ᠦᠵᠡᠰᠬᠦᠯᠡᠩᠲᠦ ᠰᠠᠶᠢᠬᠠᠨ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠰᠦᠭᠡᠢ ᠭᠡᠵᠦ ᠴᠢᠬᠤᠯᠠᠴᠢᠯᠠᠪᠠ᠃ | ᠶᠣᠰᠣᠯᠠᠯ ᠳᠡᠭᠡᠷ᠎ᠡ᠂ ︽ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ ︾ ᠭᠦᠷᠲᠡᠭᠴᠢ ᠬᠤᠸᠠᠩ ᠽᠥᠩ | ᠳ᠋ᠧ᠂ ︽ᠨᠥᠬᠦᠷᠯᠡᠯ ᠤᠨ ᠭᠠᠪᠢᠶᠠᠨ ᠲᠡᠮᠳᠡᠭ ︾ ᠭᠦᠷᠲᠡᠭᠴᠢ ᠳ᠋ᠢᠷᠮᠠ · ᠯᠦᠸᠧᠰᠠᠶᠢᠹ ᠤᠯᠤᠰ ᠤᠨ ᠭᠠᠪᠢᠶᠠᠨ ᠲᠡᠮᠳᠡᠭ | ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠭᠦᠷᠲᠡᠭᠴᠢ ᠶᠢ ᠲᠥᠯᠥᠭᠡᠯᠡᠨ ᠦᠭᠡ ᠬᠡᠯᠡᠪᠡ᠃ | ᠶᠣᠰᠣᠯᠠᠯ ᠤᠨ ᠳᠠᠷᠠᠭ᠎ᠠ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠤᠯᠤᠰ ᠤᠨ ᠭᠠᠪᠢᠶᠠᠨ ᠲᠡᠮᠳᠡᠭ ᠪᠣᠯᠣᠨ | ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠡᠰᠡᠭ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ | ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠡᠰᠡᠭ ᠳᠡᠳ᠋ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠭᠡᠰᠢᠭᠦᠨ ᠶᠣᠰᠣᠯᠠᠯ ᠳᠤ ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠡᠭᠡᠵᠢᠩ | ᠬᠤᠳᠠ ᠶᠢᠨ ᠬᠠᠷᠢᠭᠤᠴᠠᠯᠭᠠᠲᠠᠨ ᠨᠥᠬᠦᠳ᠂ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ | ᠴᠣᠯᠠ ᠬᠦᠷᠲᠡᠭᠰᠡᠳ ᠤᠨ ᠲᠦᠷᠦᠯ ᠰᠠᠳᠤᠨ ᠤ ᠲᠥᠯᠥᠭᠡᠯᠡᠭᠴᠢ᠂ ᠪᠠᠶᠢᠭ᠎ᠠ ᠨᠢᠭᠡᠴᠢ ᠶᠢᠨ ᠬᠢᠨᠢ ᠲᠥᠯᠥᠭᠡᠯᠡᠭᠴᠢ᠂ | ᠥᠩᠭᠡᠷᠡᠭᠰᠡᠨ ᠤ ᠭᠠᠪᠢᠶ᠎ᠠ ᠵᠢᠳᠬᠦᠯ ᠢᠷᠠᠭᠤ ᠠᠯᠳᠠᠷ ᠤᠨ ᠬᠥᠬᠢᠭᠦᠯᠦᠯ ᠱᠠᠩᠨᠠᠯ ᠬᠦᠷᠲᠡᠭᠰᠡᠳ ᠤᠨ ᠲᠥᠯᠥᠭᠡᠯᠡᠭᠴᠢ᠂ | ᠬᠤᠯᠪᠣᠭᠳᠠᠯ ᠪᠦᠬᠦᠢ ᠤᠯᠤᠰ ᠤᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ᠂ ᠡᠯ᠎ᠡ ᠡᠲᠡᠭᠡᠳ ᠤᠨ ᠺᠠᠳ᠋ᠷ ᠤᠯᠠᠨ | ᠲᠦᠮᠡᠨ ᠤ ᠲᠥᠯᠥᠭᠡᠯᠡᠭᠴᠢ ᠵᠡᠷᠭᠡ 1000 ᠰᠢᠬᠠᠮ ᠬᠥᠮᠥᠨ ᠶᠣᠰᠣᠯᠠᠯ ᠳᠤ ᠣᠷᠣᠯᠴᠠᠵᠠᠢ᠃ | | |