ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠳᠤ᠂ 9 ᠰᠠᠷ᠎ᠠ ᠶᠢᠨ 28 ᠤ ᠦᠳᠡ ᠶᠢᠨ ᠡᠮᠦᠨ᠎ᠡ᠂ | ᠲᠦᠴᠢᠦᠸᠠᠨ ᠰᠢᠶᠠᠨ ᠤ ᠰᠢᠨᠬᠤᠸᠠ ᠨᠣᠮ ᠤᠨ ᠳᠡᠯᠭᠡᠭᠦᠷ ᠨᠢ ᠰᠢᠨᠬᠤᠸᠠ ᠨᠡᠶᠢᠭᠡᠮ ᠲᠤᠭᠤᠷᠢᠭ ᠲᠠᠢ ᠬᠠᠮᠲᠤᠷᠠᠨ ︽ | ᠬᠡᠦᠬᠡᠳ ᠪᠠᠭᠠᠴᠤᠳ ᠤᠨ ᠰᠡᠳᠬᠢᠯ ᠨᠠᠮ ᠳᠠᠭᠠᠨ ᠪᠢᠳᠡ ᠡᠬᠡ ᠣᠷᠣᠨ ᠲᠠᠢ ᠪᠠᠨ ᠬᠠᠮᠲᠤ ᠪᠠᠷ ᠦᠰᠦᠨ ᠪᠣᠶᠢᠵᠢᠬᠤ︾ | ᠰᠢᠷᠢᠰ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ᠲᠤᠬᠠᠶ ᠶᠢᠨ ᠲᠠᠯᠠᠪᠠᠶ ᠳᠤ 30 ᠭᠡᠷ ᠤᠨ ᠠᠬᠠᠮᠠᠳ ᠪᠣᠯᠤᠨ | ᠬᠡᠦᠬᠡᠳ ᠣᠷᠣᠯᠴᠠᠵᠠᠶ᠃ | | ᠠᠵᠢᠯᠯᠠᠭ᠎ᠠ ᠨᠢ ᠯᠢ ᠴᠧᠩ ᠰᠤᠷᠭᠠᠨ ᠬᠥᠮᠦᠵᠢᠯ ᠤᠨ ᠰᠤᠷᠭᠠᠭᠤᠯᠢ ᠶᠢᠨ ᠨᠠ ᠨᠠ ᠪᠠᠭᠰᠢ ᠶᠢ ᠣᠨᠴᠠᠭᠠᠶᠢᠯᠠᠨ | ᠤᠷᠢᠵᠤ ᠤᠯᠤᠰ ᠤᠨ ᠪᠠᠶᠠᠷ ᠤᠨ ᠡᠳᠦᠷ ᠤᠨ ᠲᠠᠨᠢᠯᠴᠠᠭᠤᠯᠭ᠎ᠠ ᠬᠢᠯᠭᠡᠵᠦ᠂ ᠠᠮᠢᠳᠤᠯᠢᠭ ᠲᠠᠶᠢᠯᠪᠤᠷᠢᠯᠠᠯᠲᠠ ᠪᠠᠷ | ᠳᠠᠮᠵᠢᠭᠤᠯᠤᠨ᠂ ᠪᠢᠴᠢᠬᠠᠨ ᠨᠠᠶᠢᠵᠠ ᠨᠠᠷ ᠤᠯᠤᠰ ᠤᠨ ᠪᠠᠶᠠᠷ ᠤᠨ ᠢᠷᠡᠯᠲᠡ ᠪᠠ ᠠᠴᠢ ᠬᠤᠯᠪᠣᠭᠳᠠᠯ ᠤᠨ ᠲᠤᠬᠠᠶ | ᠭᠦᠨᠵᠡᠭᠡᠶ ᠲᠠᠨᠢᠯᠲᠠ ᠲᠠᠢ ᠪᠣᠯᠪᠠ᠃ ᠳᠠᠷᠠᠭ᠎ᠠ ᠨᠢ᠂ ᠪᠠᠭᠰᠢ ᠠᠴᠠ ᠡᠬᠡ ᠤᠯᠤᠰ ᠤᠨ ᠠᠭᠤᠤ ᠶᠡᠭᠡ ᠠᠮᠵᠢᠯᠲᠠ | ᠪᠦᠲᠦᠮᠵᠢ ᠶᠢ ᠶᠠᠷᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠴᠠ ᠰᠣᠶᠣᠯ ᠢ | ᠤᠯᠠᠮᠵᠢᠯᠠᠬᠤ ᠬᠦᠷᠲᠡᠯ᠎ᠡ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠭᠠᠶᠢᠬᠠᠮᠰᠢᠭ ᠠᠴᠠ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠬᠦᠷᠲᠡᠯ᠎ᠡ᠂ ᠠᠯᠢ ᠣᠯᠠᠨ ᠲᠤᠭ᠎ᠠ ᠪᠠᠷᠢᠮᠲᠠ ᠪᠠ ᠪᠣᠳᠠᠲᠤ ᠵᠢᠱᠢᠶ᠎ᠡ ᠨᠢ ᠪᠢᠴᠢᠬᠠᠨ | ᠨᠠᠶᠢᠵᠠ ᠨᠠᠷ ᠢ ᠭᠠᠶᠢᠬᠠᠰᠢ ᠠᠯᠳᠠᠭᠤᠯᠤᠭᠰᠠᠨ ᠪᠥᠭᠡᠳ ᠪᠢᠴᠢᠬᠠᠨ ᠨᠠᠶᠢᠵᠠ ᠨᠠᠷ ᠲᠤ ︽ᠡᠬᠡ ᠤᠯᠤᠰ ᠤᠨ ᠠᠮᠵᠢᠯᠲᠠ | ᠪᠦᠲᠦᠮᠵᠢ︾ ᠶᠢᠨ ᠵᠢᠷᠤᠭᠲᠤ ᠳᠡᠪᠲᠡᠷ ᠢ ᠲᠠᠨᠢᠯᠴᠠᠭᠤᠯᠵᠤ ᠥᠭᠪᠡ᠃ ᠤᠯᠤᠰ ᠤᠨ ᠲᠤᠭ ᠢ ᠤᠶᠢᠯᠭᠠᠬᠤ | ᠭᠤᠭᠴᠤᠭ᠎ᠠ᠂ ᠪᠢᠴᠢᠬᠠᠨ ᠨᠠᠶᠢᠵᠠ ᠨᠠᠷ ᠤᠯᠤᠰ ᠤᠨ ᠲᠤᠭ ᠤᠨ ᠥᠩᠭᠡ ᠪᠤᠳᠤᠭ᠂ ᠵᠢᠷᠤᠭ ᠳᠦᠷᠰᠦ ᠶᠢᠨ | ᠲᠥᠯᠥᠭᠡᠯᠡᠵᠦ ᠪᠠᠶᠢᠭ᠎ᠠ ᠠᠴᠢ ᠬᠤᠯᠪᠣᠭᠳᠠᠯ ᠢ ᠣᠶᠢᠯᠠᠭᠠᠵᠤ᠂ ᠤᠯᠤᠰ ᠤᠨ ᠲᠤᠭ ᠲᠤ ᠬᠦᠨᠳᠦᠳᠬᠡᠯ ᠤᠨ ᠰᠡᠳᠬᠢᠯᠭᠡ | ᠪᠢᠯᠬᠠᠮ᠎ᠠ ᠪᠠᠶᠢᠯ᠎ᠠ᠃ ᠲᠡᠭᠡᠬᠦ ᠮᠥᠷᠲᠡᠭᠡᠨ ᠪᠢᠴᠢᠬᠠᠨ ᠬᠡᠦᠬᠡᠳ ᠪᠣᠯᠭᠠᠨ ᠵᠢᠷᠤᠭ ᠤᠨ ᠴᠠᠭᠠᠰᠤ ᠪᠠᠷ ᠡᠬᠡ ᠤᠯᠤᠰ ᠳᠤ | ᠪᠠᠨ ᠥᠪᠡᠷ ᠤᠨ ᠵᠥᠩᠨᠡᠯ ᠢᠶᠠᠨ ᠲᠡᠪᠰᠢᠭᠦᠯᠵᠡᠢ᠃ ᠠᠵᠢᠯᠯᠠᠭ᠎ᠠ ᠶᠢᠨ ᠡᠴᠦᠰ ᠲᠤ᠂ ᠪᠢᠴᠢᠬᠠᠨ ᠨᠠᠶᠢᠵᠠ ᠨᠠᠷ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠤᠯᠤᠰ ᠤᠨ ᠰᠦᠯᠳᠡ ᠳᠠᠭᠤᠤ ᠶᠢ ᠬᠠᠮᠲᠤ ᠪᠠᠷ ᠳᠠᠭᠤᠯᠠᠵᠤ ᠡᠬᠡ ᠤᠯᠤᠰ | ᠤᠨ ᠢᠶᠠᠨ ᠲᠥᠷᠥᠭᠰᠡᠨ ᠡᠳᠦᠷ ᠢ ᠪᠡᠯᠭᠡᠯᠡᠪᠡ᠃ | | ᠲᠤᠰ ᠤᠳᠠᠭᠠᠨ ᠤ ᠠᠵᠢᠯᠯᠠᠭ᠎ᠠ ᠨᠢ ᠪᠢᠴᠢᠬᠠᠨ ᠨᠠᠶᠢᠵᠠ ᠨᠠᠷ ᠲᠤ ᠡᠬᠡ ᠤᠯᠤᠰ ᠤᠨ ᠲᠤᠬᠠᠢ ᠨᠡᠩ ᠭᠦᠨᠵᠡᠭᠡᠢ | ᠣᠶᠢᠯᠠᠭᠠᠯᠲᠠ ᠪᠠ ᠬᠠᠶᠢᠷ᠎ᠠ ᠰᠡᠳᠬᠢᠯᠭᠡ ᠲᠠᠢ ᠪᠣᠯᠭᠠᠭᠰᠠᠨ ᠢᠶᠠᠷ ᠪᠠᠷᠠᠬᠤ ᠦᠭᠡᠢ ᠪᠠᠰᠠ ᠰᠢᠨᠬᠤᠸᠠ ᠨᠣᠮ ᠤᠨ | ᠳᠡᠯᠭᠡᠭᠦᠷ ᠪᠣᠯᠤᠨ ᠨᠡᠶᠢᠭᠡᠮ ᠲᠣᠭᠤᠷᠢᠭ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠲᠠᠯ᠎ᠠ ᠪᠠᠷ ᠬᠢ | ᠢᠳᠡᠪᠬᠢᠲᠡᠢ ᠴᠢᠷᠮᠠᠶᠢᠯᠭ᠎ᠠ ᠶᠢ ᠢᠯᠡᠷᠡᠭᠦᠯᠪᠡ᠃ ᠪᠠᠶᠠᠯᠢᠭ ᠰᠠᠶᠢᠬᠠᠨ ᠠᠵᠢᠯᠯᠠᠭᠠᠨ ᠤ ᠬᠡᠯᠪᠡᠷᠢ ᠪᠠᠷ ᠳᠠᠮᠵᠢᠭᠤᠯᠤᠨ᠂ | ᠬᠡᠦᠬᠡᠳ ᠤᠳ ᠤᠨ ᠨᠢᠯᠬ᠎ᠠ ᠪᠠᠯᠴᠢᠷ ᠰᠡᠳᠬᠢᠯ ᠳᠤ ᠡᠬᠡ ᠣᠷᠣᠨᠴᠢ ᠦᠷ᠎ᠡ ᠶᠢ ᠰᠠᠴᠤᠵᠤ᠂ ᠲᠡᠳᠡᠨ ᠢ ᠦᠰᠦᠨ | ᠪᠣᠶᠢᠵᠢᠬᠤ ᠶᠠᠪᠤᠴᠠ ᠳᠠᠭᠠᠨ ᠨᠡᠩ ᠡᠷᠡᠰ ᠪᠠᠲᠤ ᠪᠠᠷ ᠡᠬᠡ ᠣᠷᠣᠨ ᠲᠠᠢ ᠪᠠᠨ ᠬᠠᠮᠲᠤ ᠪᠠᠷ ᠦᠰᠦᠨ ᠪᠣᠶᠢᠵᠢᠭᠤᠯᠬᠤ | ᠪᠣᠯᠭᠠᠨ᠎ᠠ᠃ |