ᠰᠢ ᠶᠢᠨ ᠫᠢᠩ ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠦ᠋ᠪᠦ᠋ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/9/4
   ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 3 ᠤ ᠴᠠᠭᠢᠯᠭᠠᠨ ᠮᠡᠳᠡᠭᠡ 9 ᠰᠠᠷ᠎ᠠ ᠶᠢᠨ 3 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠦ᠋ᠪᠦ᠋ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠨᠢᠭᠧᠷᠢᠶ᠎ᠠ ᠶᠢᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃
    9 ᠰᠠᠷ᠎ᠠ ᠶᠢᠨ 3 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠦ᠋ᠪᠦ᠋ ᠲᠠᠢ ᠬᠡᠯᠡᠯᠴᠡᠭᠡ ᠬᠢᠪᠡ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ     ᠰᠢ ᠶᠢᠨ ᠫᠢᠩ᠂ ᠨᠢᠭᠧᠷᠢᠶ᠎ᠠ ᠪᠣᠯ ᠠᠹᠷᠢᠺᠠ ᠲᠢᠪ ᠤᠨ ᠴᠢᠬᠤᠯᠠ ᠨᠥᠯᠥᠭᠡ ᠲᠠᠢ ᠲᠣᠮᠣ ᠤᠯᠤᠰ ᠮᠥᠨ᠂ ᠯᠤᠲᠤ ᠶᠡᠭᠡ ᠬᠥᠮᠥᠨ ᠠᠮᠠ ᠶᠢᠨ ᠬᠡᠪᠴᠢᠶ᠎ᠡ ᠪᠠ ᠬᠥᠭᠵᠢᠯᠲᠡ ᠶᠢᠨ ᠲᠠᠯᠳᠡ ᠬᠦᠴᠦᠨ ᠲᠠᠢ ᠶᠤᠮ᠃ ᠬᠠᠷᠢᠯᠴᠠᠭ᠎ᠠ ᠪᠠᠶᠢᠭᠤᠯᠤᠭᠰᠠᠨ ᠬᠠᠭᠠᠰ ᠵᠠᠭᠤᠨ ᠭᠠᠷᠤᠢ ᠶᠢᠨ ᠲᠤᠷᠰᠢ᠂ ᠳᠤᠮᠳᠠᠳᠤ ᠨᠢᠭᠧᠷᠢᠶ᠎ᠠ ᠢᠮᠠᠭᠲᠠ ᠬᠠᠷᠢᠯᠴᠠᠨ ᠭᠦᠨᠳᠦᠳᠭᠡᠵᠦ᠂ ᠡᠷᠬᠡ ᠲᠡᠭᠰᠢ ᠬᠠᠨᠳᠤᠯᠴᠠᠵᠤ᠂ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠠᠮ ᠢᠶᠠᠷ ᠵᠠᠮᠨᠠᠪᠠ᠃ ᠣᠶᠢᠷ᠎ᠠ ᠶᠢᠨ ᠵᠢᠯ ᠠᠴᠠ᠂ ᠬᠤᠶᠠᠷ ᠤᠯᠤᠰ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠣᠷᠣ ᠲᠥᠯᠥᠪ ᠤᠨ ᠳᠣᠲᠣᠷ᠎ᠠ ᠨᠢᠭᠡ ᠪᠦᠯᠦᠭ ᠵᠢᠱᠢᠶ᠎ᠡ ᠦᠵᠡᠭᠦᠯᠭᠦ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠯᠢ ᠤᠯᠠᠨ ᠬᠠᠮᠲᠤᠷᠠᠯᠴᠠᠭᠠᠨ ᠤ ᠲᠦᠷᠦᠯ ᠵᠦᠢᠯ ᠢ ᠬᠠᠮᠲᠤ ᠪᠠᠷ ᠬᠡᠷᠡᠭᠵᠢᠭᠦᠯᠪᠡ᠃ ᠳᠤᠮᠳᠠᠳᠤ ᠤᠯᠤᠰ ᠶᠠᠭ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠪᠤᠢ᠂ ᠡᠨᠡ ᠨᠢ ᠳᠤᠮᠳᠠᠳᠤ ᠨᠢᠭᠧᠷᠢᠶ᠎ᠠ ᠶᠢᠨ ᠬᠠᠷᠢᠯᠴᠠᠭᠠᠨ ᠤ ᠬᠥᠭᠵᠢᠯᠲᠡ ᠳᠤ ᠨᠡᠩ ᠤᠯᠠᠨ ᠠᠵᠠ ᠲᠣᠭᠢᠶᠠᠯ ᠠᠪᠴᠢᠷᠠᠬᠤ ᠪᠣᠯᠣᠨ᠎ᠠ᠃ ᠬᠤᠶᠠᠷ ᠲᠠᠯ᠎ᠠ ᠪᠠᠷ ᠢᠶᠠᠨ ᠴᠢᠨᠠᠷ ᠰᠠᠶᠢᠲᠠᠢ ᠬᠠᠮᠲᠤᠷᠠᠯᠴᠠᠭ᠎ᠠ ᠪᠠᠷ ᠲᠤᠰ ᠲᠤᠰ ᠤᠨ ᠣᠳᠣᠬᠢᠴᠢᠯᠠᠯᠲᠠ ᠪᠠᠨ ᠭᠠᠷ ᠬᠤᠯᠪᠣᠨ ᠪᠡᠶᠡᠯᠡᠭᠦᠯᠵᠦ᠂ ᠳᠤᠮᠳᠠᠳᠤ ᠨᠢᠭᠧᠷᠢᠶ᠎ᠠ ᠶᠢᠨ ᠬᠠᠷᠢᠯᠴᠠᠭ᠎ᠠ ᠶᠢᠨ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠦᠶ᠎ᠡ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠳᠤ ᠬᠠᠨᠳᠤᠵᠤ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠶ᠎ᠡ ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠰᠠᠭᠤᠷᠢ ᠲᠥᠬᠦᠭᠡᠷᠦᠮᠵᠢ᠂ ᠡᠨᠧᠷᠭᠢ ᠶᠢᠨ ᠰᠤᠷᠪᠤᠯᠵᠢ ᠠᠭᠤᠷᠬᠠᠢ ᠶᠢᠨ ᠭᠠᠷᠤᠯᠲᠠ ᠪᠣᠯᠣᠨ ᠠᠵᠤ ᠦᠢᠯᠡᠰ ᠤᠨ ᠬᠠᠮᠲᠤᠷᠠᠯᠴᠠᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ ᠵᠡᠷᠭᠡ ᠰᠢᠨ᠎ᠡ ᠬᠠᠮᠲᠤᠷᠠᠯᠴᠠᠭᠠᠨ ᠤ ᠨᠡᠮᠡᠭᠳᠡᠯ ᠤᠨ ᠴᠡᠭ ᠢ ᠪᠤᠢ ᠪᠣᠯᠭᠠᠶ᠎ᠠ᠃ ᠨᠢᠭᠧᠷᠢᠶ᠎ᠠ ᠶᠢᠨ ᠲᠠᠯ᠎ᠠ ᠶᠢᠨ ᠬᠢᠨ ᠨᠢᠭᠧᠷᠢᠶ᠎ᠠ ᠳᠤ ᠪᠠᠶᠢᠭ᠎ᠠ ᠳᠤᠮᠳᠠᠳᠤ ᠶᠢᠨ ᠲᠠᠯ᠎ᠠ ᠶᠢᠨ ᠬᠥᠮᠥᠰ ᠪᠣᠯᠣᠨ ᠲᠥᠷᠥᠯ ᠵᠦᠢᠯ ᠤᠨ ᠠᠮᠤᠷ ᠲᠦᠪᠰᠢᠨ ᠢ ᠬᠠᠮᠠᠭᠠᠯᠠᠬᠤ ᠶᠢ ᠬᠦᠰᠡᠵᠦ ᠪᠠᠶᠢᠨ᠎ᠠ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠲᠠᠨᠢᠨ ᠮᠡᠳᠡᠬᠦᠢ ᠪᠠᠨ ᠨᠡᠮᠡᠭᠳᠡᠭᠦᠯᠦᠶ᠎ᠡ᠃ ᠳᠤᠮᠳᠠᠳᠤ ᠤᠯᠤᠰ ᠨᠢᠭᠧᠷᠢᠶ᠎ᠠ ᠶᠢᠨ ᠬᠢᠨ ᠤ ᠰᠦᠷᠳᠡᠭᠦᠯᠬᠦ ᠦᠵᠡᠯ ᠳᠤ ᠴᠣᠬᠢᠯᠲᠠ ᠥᠭᠴᠦ ᠂ ᠭᠠᠵᠠᠷ ᠣᠷᠣᠨ ᠤ ᠲᠣᠭᠲᠠᠭᠤᠨ ᠢ ᠬᠠᠮᠠᠭᠠᠯᠠᠵᠤ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤ ᠨᠡᠩ ᠶᠡᠭᠡ ᠦᠢᠯᠡᠳᠦᠯ ᠦᠵᠡᠭᠦᠯᠭᠦ ᠶᠢ ᠲᠡᠮᠵᠢᠵᠥ᠂ ᠳᠤᠷᠠᠲᠠᠶ᠎ᠠ ᠨᠢᠭᠧᠷᠢᠶ᠎ᠠ ᠶᠢᠨ ᠬᠢᠨ ᠲᠠᠢ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠠᠰᠢᠭ ᠲᠤᠰᠠ ᠶᠢ ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠠᠴᠢᠯᠠᠪᠠ᠃   ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ᠳᠤᠮᠳᠠᠳᠤ ᠠᠹᠷᠢᠺᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠬᠤ ᠪᠦᠲᠦᠮᠵᠢᠲᠡᠢ ᠲᠣᠭᠲᠠᠴᠠ ᠪᠤᠯᠬᠤ ᠪᠠᠷ ᠪᠠᠷᠠᠬᠤ ᠦᠭᠡᠢ ᠪᠠᠰᠠ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠨᠢᠭᠡᠨ ᠲᠤᠭ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠳᠤᠮᠳᠠᠳᠤ ᠠᠹᠷᠢᠺᠠ ᠶᠢᠨ ᠨᠥᠬᠦᠷᠯᠡᠯ ᠤᠨ ᠲᠡᠦᠬᠡᠨ ᠲᠤᠷᠰᠢᠯᠭ᠎ᠠ ᠶᠢ ᠳ᠋ᠦᠩᠨᠡᠵᠦ᠂ ᠥᠨᠳᠥᠷ ᠬᠢᠷᠢ ᠬᠡᠮᠵᠢᠶ᠎ᠡ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠬᠠᠷᠢᠯᠴᠠᠭᠠᠨ ᠤ ᠬᠥᠭᠵᠢᠯᠲᠡ ᠳᠤ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃    ᠲᠢᠨᠦ᠋ᠪᠦ᠋᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠳᠤᠮᠳᠠᠳᠤ ᠤᠯᠤᠰ ᠤᠨ ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠨ᠎ᠠ᠃ ᠨᠢᠭᠧᠷᠢᠶ᠎ᠠ ᠳᠤᠮᠳᠠᠳᠤ ᠶᠢᠨ ᠬᠠᠷᠢᠯᠴᠠᠭ᠎ᠠ ᠨᠢᠭᠡᠨᠲᠡ ᠬᠠᠭᠠᠰ ᠵᠠᠭᠤᠨ ᠭᠠᠷᠤᠢ ᠦᠷᠭᠦᠯᠵᠢᠯᠡᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢᠭᠧᠷᠢᠶ᠎ᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠪᠠ᠃ ᠪᠢ ᠲᠡᠷᠢᠭᠦᠯᠡᠭᠴᠢ ᠰᠢ ᠶᠢᠨ ᠫᠢᠩ ᠤᠨ ᠨᠢᠭᠧᠷᠢᠶ᠎ᠠ ᠳᠤᠮᠳᠠᠳᠤ ᠶᠢᠨ ᠬᠠᠷᠢᠯᠴᠠᠭ᠎ᠠ ᠶᠢᠨ ᠲᠤᠬᠠᠢ ᠦᠨᠡᠯᠡᠯᠲᠡ ᠶᠢ ᠪᠦᠷᠢᠮᠦᠰᠦᠨ ᠵᠥᠪᠰᠢᠶᠡᠷᠡᠨ᠎ᠡ᠃ ᠨᠢᠭᠧᠷᠢᠶ᠎ᠠ ᠯᠤᠲᠤ ᠶᠡᠭᠡ ᠵᠠᠯᠠᠭᠤ ᠬᠥᠮᠥᠨ ᠠᠮᠠ ᠪᠠ ᠯᠤᠲᠤ ᠶᠡᠭᠡ ᠬᠥᠭᠵᠢᠯᠲᠡ ᠶᠢᠨ ᠳᠠᠯᠳᠠ ᠬᠦᠴᠦᠨ ᠲᠠᠢ᠃ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠨᠢᠭᠡᠨᠲᠡ ᠠᠭᠤᠤ ᠶᠡᠭᠡ ᠠᠮᠵᠢᠯᠲᠠ ᠣᠯᠵᠠᠢ᠂ ᠨᠢᠭᠧᠷᠢᠶ᠎ᠠ ᠶᠢᠨ ᠬᠢᠨ ᠪᠠᠰᠠ ᠥᠭᠡᠷᠡᠴᠢᠯᠡᠯᠲᠡ ᠨᠡᠭᠡᠭᠡᠯᠲᠡ ᠬᠢᠵᠦ ᠪᠤᠢ᠂ ᠨᠢᠭᠧᠷᠢᠶ᠎ᠠ ᠳᠤᠮᠳᠠᠳᠤ ᠠᠵᠤ ᠠᠬᠤᠢ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠬᠥᠭᠵᠢᠭᠦᠯᠬᠦ ᠨᠢ ᠨᠢᠭᠧᠷᠢᠶ᠎ᠠ ᠶᠢᠨ ᠢᠷᠡᠭᠡᠳᠦᠢ ᠶᠢᠨ ᠬᠥᠭᠵᠢᠯᠲᠡ ᠳᠤ ᠲᠦᠢᠯ ᠤᠨ ᠴᠢᠬᠤᠯᠠ ᠶᠤᠮ᠃ ᠨᠢᠭᠧᠷᠢᠶ᠎ᠠ ᠶᠢᠨ ᠬᠢᠨ ᠳᠤᠮᠳᠠᠳᠤ ᠤᠯᠤᠰ ᠤᠨ ᠠᠹᠷᠢᠺᠠ ᠲᠢᠪ ᠲᠠᠬᠢ ᠬᠠᠮᠤᠭ ᠤᠨ ᠶᠡᠭᠡ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠬᠠᠨᠢᠲᠠᠨ ᠪᠤᠯᠬᠤ ᠶᠢ ᠬᠦᠰᠡᠵᠦ ᠪᠠᠶᠢᠨ᠎ᠠ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠨᠢᠭᠧᠷᠢᠶ᠎ᠠ ᠳᠤ ᠬᠦᠷᠴᠦ ᠪᠡᠯᠡ ᠣᠷᠣᠭᠤᠯᠤᠨ᠂ ᠬᠥᠳᠡᠭᠡ ᠠᠵᠤ ᠠᠬᠤᠢ᠂ ᠦᠢᠯᠡᠳᠬᠦ ᠦᠢᠯᠡᠰ᠂ ᠠᠭᠤᠷᠬᠠᠢ ᠶᠢᠨ ᠡᠨᠧᠷᠭᠢ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠵᠦ᠂ ᠨᠢᠭᠧᠷᠢᠶ᠎ᠠ ᠪᠣᠯᠣᠨ ᠪᠠᠷᠠᠭᠤᠨ ᠬᠡᠰᠡᠭ ᠤᠨ ᠠᠹᠷᠢᠺᠠ ᠲᠢᠪ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠶᠠᠳᠠᠭᠤ ᠠᠴᠠ ᠪᠦᠲᠦᠮᠵᠢᠲᠡᠢ ᠠᠩᠭᠢᠵᠢᠷᠠᠭᠤᠯᠬᠤ ᠶᠢ ᠪᠠᠶᠠᠷᠯᠠᠨ ᠤᠭᠲᠤᠨ᠎ᠠ᠂ ᠨᠢᠭᠧᠷᠢᠶ᠎ᠠ ᠶᠢᠨ ᠬᠢᠨ ᠳᠤᠷᠠᠲᠠᠶ᠎ᠠ ᠡᠭᠦᠨ ᠳᠤ ᠰᠠᠶᠢᠨ ᠰᠠᠶᠢᠬᠠᠨ ᠠᠮᠤᠷ ᠲᠦᠪᠰᠢᠨ ᠤ ᠨᠥᠬᠦᠴᠡᠯ ᠬᠠᠩᠭᠠᠨ᠎ᠠ᠃ ᠳᠤᠮᠳᠠᠳᠤ ᠤᠯᠤᠰ ᠨᠢᠭᠧᠷᠢᠶ᠎ᠠ ᠶᠢᠨ ᠵᠠᠯᠠᠭᠤᠴᠤᠳ ᠲᠤ ᠴᠢᠬᠤᠯᠠ ᠪᠣᠯᠪᠠᠰᠤᠷᠠᠯ ᠤᠨ ᠲᠣᠭᠢᠶᠠᠯ ᠬᠠᠩᠭᠠᠭᠰᠠᠨ ᠳᠤ ᠲᠠᠯᠠᠷᠬᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠲᠠᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠨᠢᠭᠧᠷᠢᠶ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠡᠷᠡᠰ ᠳᠡᠮᠵᠢᠯᠴᠡᠨ᠎ᠡ᠃ ᠨᠢᠭᠧᠷᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠲᠡᠭᠦᠰ ᠠᠮᠵᠢᠯᠲᠠ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠠᠵᠤ ᠠᠬᠤᠢ ᠶᠢᠨ ᠬᠥᠭᠵᠢᠯᠲᠡ᠂ ᠳᠣᠬᠢᠭᠤᠷ ᠲᠤᠯᠤᠭᠠᠨ ᠤᠳᠤ ᠳᠠᠭᠠᠭᠤᠯᠢ ᠤᠳᠤᠨ ᠤ ᠵᠠᠮᠴᠢᠯᠠᠬᠤ ᠰᠢᠰᠲ᠋ᠧᠮ ᠤᠨ ᠬᠡᠷᠡᠭᠯᠡᠭᠡᠨ᠂ ᠯᠣᠬᠠᠱᠧᠩ ᠢ ᠳᠤᠮᠳᠠᠳᠤ ᠤᠯᠤᠰ ᠲᠤ ᠣᠷᠣᠭᠤᠯᠬᠤ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃     ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠨᠢᠭᠧᠷᠢᠶ᠎ᠠ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠵᠤ᠂ ᠥᠨᠳᠥᠷ ᠬᠢᠷᠢ ᠬᠡᠮᠵᠢᠶ᠎ᠡ ᠪᠦᠬᠦᠢ ᠳᠤᠮᠳᠠᠳᠤ ᠨᠢᠭᠧᠷᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠪᠡ᠃     ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠲᠢᠨᠦ᠋ᠪᠦ᠋ ᠶᠢ ᠤᠭᠲᠤᠬᠤ ᠶᠣᠰᠣᠯᠠᠯ ᠶᠠᠪᠤᠭᠤᠯᠪᠠ᠃     ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号