ᠰᠢ ᠶᠢᠨ ᠫᠢᠩ ᠮᠠᠦ᠋ᠷᠢᠲ᠋ᠠᠨᠢᠶ᠎ᠠ ᠶᠢᠨ ᠶᠡᠷᠦᠩᠬᠡᠶᠢᠯᠡᠭᠴᠢ ᠵᠢᠶᠠᠽᠸᠠᠨᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/9/4
    ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 3 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠮᠠ ᠵᠦᠸᠧ ᠶᠠᠨ ᠵᠢᠢ ᠨᠢᠩ ︶ 9 ᠰᠠᠷ᠎ᠠ ᠶᠢᠨ 3 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠮᠠᠦ᠋ᠷᠢᠲ᠋ᠠᠨᠢᠶ᠎ᠠ ᠶᠢᠨ ᠶᠡᠷᠦᠩᠬᠡᠶᠢᠯᠡᠭᠴᠢ ᠵᠢᠶᠠᠽᠸᠠᠨᠢ ᠲᠠᠢ ᠠᠭᠤᠯᠵᠠᠪᠠ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠮᠠᠥ᠋ᠷᠢᠲ᠋ᠠᠨᠢᠶ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃     ᠰᠢ ᠶᠢᠨ ᠫᠢᠩ᠂ ᠳᠤᠮᠳᠠᠳᠤ ᠮᠠᠦ᠋ᠷᠢᠲ᠋ᠠᠨᠢᠶ᠎ᠠ ᠬᠤᠶᠠᠷ ᠤᠯᠤᠰ ᠪᠣᠯ ᠬᠠᠷᠢᠯᠴᠠᠨ ᠢᠲᠡᠭᠡᠯᠴᠡᠭᠰᠡᠨ ᠰᠠᠶᠢᠨ ᠨᠠᠶᠢᠵᠠ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠭᠰᠠᠨ ᠰᠠᠶᠢᠨ ᠠᠬ᠎ᠠ ᠳᠡᠭᠦᠦ ᠮᠥᠨ᠃ ᠬᠤᠶᠠᠷ ᠲᠠᠯ᠎ᠠ ᠪᠠᠷ ᠢᠶᠠᠨ ᠢᠮᠠᠭᠲᠠ ᠬᠠᠷᠢᠯᠴᠠᠨ ᠭᠦᠨᠳᠦᠳᠭᠡᠵᠦ᠂ ᠡᠷᠬᠡ ᠲᠡᠭᠰᠢ ᠪᠠᠷ ᠬᠠᠨᠳᠤᠵᠤ᠂ ᠤᠯᠤᠰ ᠲᠦᠷᠦ ᠶᠢᠨ ᠢᠲᠡᠭᠡᠯᠴᠡᠭᠡ ᠪᠠᠲᠤ ᠪᠠᠬᠢ᠂ ᠬᠠᠮᠲᠤᠷᠠᠯᠴᠠᠭᠠᠨ ᠤ ᠦᠷ᠎ᠡ ᠪᠦᠲᠦᠭᠡᠯ ᠡᠯᠪᠡᠭ ᠪᠠᠶᠠᠯᠢᠭ ᠪᠠᠶᠢᠵᠤ᠂ ᠠᠷᠠᠳ ᠲᠦᠮᠡᠨ ᠤ ᠨᠥᠬᠦᠷᠯᠡᠯ ᠬᠥᠮᠥᠰ ᠤᠨ ᠰᠡᠳᠬᠢᠯ ᠳᠤ ᠭᠦᠨ ᠬᠠᠳᠠᠩᠰᠢᠪᠠ᠃ ᠳᠤᠮᠳᠠᠳᠤ ᠤᠯᠤᠰ ᠮᠠᠦ᠋ᠷᠢᠲ᠋ᠠᠨᠢᠶ᠎ᠠ ᠶᠢᠨ ᠬᠢᠨ ᠤ ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠳᠤᠮᠳᠠᠳᠤ ᠤᠯᠤᠰ ᠤᠨ ᠬᠢᠨ ᠲᠠᠢ ᠡᠷᠡᠰ ᠪᠠᠲᠤ ᠬᠠᠮᠲᠤ ᠵᠣᠭᠰᠣᠭᠰᠠᠨ ᠢ ᠮᠠᠭᠲᠠᠨ ᠰᠠᠶᠢᠰᠢᠶᠠᠵᠤ᠂ ᠮᠠᠦ᠋ᠷᠢᠲ᠋ᠠᠨᠢᠶ᠎ᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠦᠷᠭᠦᠯᠵᠢᠯᠡᠨ ᠡᠷᠡᠰ ᠳᠡᠮᠵᠢᠨ᠎ᠡ᠃ ᠳᠤᠮᠳᠠᠳᠤ ᠤᠯᠤᠰ ᠳᠤᠷᠠᠲᠠᠶ᠎ᠠ ᠮᠠᠦ᠋ᠷᠢᠲ᠋ᠠᠨᠢᠶ᠎ᠠ ᠯᠤᠭ᠎ᠠ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠠᠬᠢᠭᠤᠯᠵᠤ᠂ ᠵᠢᠭᠠᠰᠤᠨ ᠠᠵᠤ ᠠᠬᠤᠢ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠮᠠᠦ᠋ᠷᠢᠲ᠋ᠠᠨᠢᠶ᠎ᠠ ᠶᠢ ᠲᠤᠰᠠᠯᠠᠬᠤ ᠲᠠᠷᠢᠶᠠᠯᠠᠩ᠂ ᠮᠠᠯ ᠠᠵᠤ ᠠᠬᠤᠢ ᠶᠢᠨ ᠮᠡᠷᠭᠡᠵᠢᠯ ᠤᠨ ᠵᠢᠱᠢᠶ᠎ᠡ ᠦᠵᠡᠭᠦᠯᠭᠦ ᠲᠥᠪ ᠤᠨ ᠦᠢᠯᠡᠳᠦᠯ ᠢ ᠪᠠᠳᠠᠷᠠᠭᠤᠯᠵᠤ᠂ ᠮᠦᠭᠦ ᠲᠠᠷᠢᠬᠤ ᠮᠡᠷᠭᠡᠵᠢᠯ ᠤᠨ ᠬᠠᠮᠲᠤᠷᠠᠯᠴᠠᠭ᠎ᠠ ᠶᠢ ᠲᠦᠷᠭᠡᠳᠬᠡᠵᠦ᠂ ᠳᠤᠮᠳᠠᠳᠤ ᠮᠠᠦ᠋ᠷᠢᠲ᠋ᠠᠨᠢᠶ᠎ᠠ ᠶᠢᠨ ᠬᠠᠷᠢᠯᠴᠠᠭ᠎ᠠ ᠶᠢ ᠤᠯᠤᠰ ᠤᠨ ᠬᠤᠭᠤᠷᠣᠨᠳᠣᠭᠢ ᠨᠥᠭᠦᠷᠰᠡᠭ ᠶᠠᠪᠤᠯᠴᠠᠭ᠎ᠠ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢᠨ ᠬᠡᠪ ᠳᠠᠭᠤᠷᠢᠶᠠᠯ ᠪᠣᠯᠭᠠᠨ᠎ᠠ ᠭᠡᠵᠦ ᠴᠢᠬᠤᠯᠠᠴᠢᠯᠠᠪᠠ᠃     ᠰᠢ ᠶᠢᠨ ᠫᠢᠩ ᠵᠢᠶᠠᠽᠸᠠᠨᠢ ᠶᠢᠨ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠪᠣᠯᠤᠭᠰᠠᠨ ᠤ ᠬᠤᠪᠢ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢ ᠪᠡᠯᠡᠳᠬᠡᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠳᠤᠷᠠᠲᠠᠶ᠎ᠠ ᠮᠠᠦ᠋ᠷᠢᠲ᠋ᠠᠨᠢᠶ᠎ᠠ ᠯᠤᠭ᠎ᠠ ᠨᠢᠭᠲᠠ ᠬᠠᠮᠵᠢᠯᠴᠠᠵᠤ᠂ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠳᠤᠮᠳᠠᠳᠤ ᠠᠹᠷᠢᠺᠠ ᠶᠢᠨ ᠠᠷᠠᠳ ᠲᠦᠮᠡᠨ ᠤ ᠬᠦᠴᠦᠨ ᠢ ᠨᠢᠭᠲᠠᠷᠠᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠳᠤᠮᠳᠠᠬᠢ ᠦᠭᠡ ᠬᠡᠯᠡᠬᠦ ᠡᠷᠬᠡ ᠪᠠ ᠲᠥᠯᠥᠭᠡᠯᠡᠬᠦ ᠴᠢᠨᠠᠷ ᠢ ᠳᠡᠭᠡᠭᠰᠢᠯᠡᠭᠦᠯᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ᠃    ᠵᠢᠶᠠᠽᠸᠠᠨᠢ᠂ ᠮᠠᠥ᠋ᠷᠢᠲ᠋ᠠᠨᠢᠶ᠎ᠠ ᠳᠤᠮᠳᠠᠳᠤ ᠶᠢᠨ ᠨᠥᠬᠦᠷᠯᠡᠯ ᠪᠠᠲᠤ ᠪᠠᠬᠢ ᠪᠠᠶᠢᠵᠤ᠂ ᠮᠠᠥ᠋ᠷᠢᠲ᠋ᠠᠨᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠬᠠᠷᠢᠯᠴᠠᠭ᠎ᠠ ᠳᠠᠭᠠᠨ ᠮᠠᠰᠢ ᠣᠮᠣᠭᠰᠢᠵᠤ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠶᠢ ᠪᠠᠭᠲᠠᠭᠠᠭᠰᠠᠨ ᠮᠠᠦ᠋ᠷᠢᠲ᠋ᠠᠨᠢᠶ᠎ᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠳᠤᠮᠳᠠᠳᠤ ᠤᠯᠤᠰ ᠤᠨ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠮᠠᠥ᠋ᠷᠢᠲ᠋ᠠᠨᠢᠶ᠎ᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠵᠥᠷᠢᠴᠡᠭᠰᠡᠨ ᠦᠭᠡ ᠶᠠᠷᠢᠶ᠎ᠠ ᠦᠢᠯᠡ ᠠᠵᠢᠯᠯᠠᠭ᠎ᠠ ᠪᠦᠭᠦᠨ ᠢ ᠡᠷᠡᠰ ᠡᠰᠡᠷᠭᠦᠴᠡᠨ᠎ᠡ᠃ ᠣᠳᠣᠬᠠᠨ ᠳᠤ ᠳᠡᠯᠡᠬᠡᠢ ᠶᠢᠷᠲᠢᠨᠴᠦ ᠮᠠᠰᠢ ᠤᠯᠠᠨ ᠠᠶᠤᠯ ᠲᠦᠭᠰᠢᠭᠦᠷᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠂ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠣᠯ ᠮᠠᠥ᠋ᠷᠢᠲ᠋ᠠᠨᠢᠶ᠎ᠠ ᠵᠡᠷᠭᠡ ᠤᠯᠤᠰ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠦᠰᠡᠯ ᠡᠷᠡᠮᠡᠯᠵᠡᠯ ᠪᠣᠯᠣᠨ᠎ᠠ᠃ ᠫᠠᠯᠧᠰᠲ᠋ᠠᠶᠢᠨ ᠵᠡᠷᠭᠡ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠮᠠᠦ᠋ᠷᠢᠲ᠋ᠠᠨᠢᠶ᠎ᠠ ᠪᠣᠯᠣᠨ ᠳᠤᠮᠳᠠᠳᠤ ᠤᠯᠤᠰ ᠤᠨ ᠵᠣᠭᠰᠣᠯᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠨ᠎ᠠ᠃ ᠬᠤᠶᠠᠷ ᠲᠠᠯ᠎ᠠ ᠪᠠᠷ ᠢᠶᠠᠨ ᠴᠥᠮ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠡᠯ᠎ᠡ ᠤᠯᠤᠰ ᠤᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠬᠦᠨᠳᠦᠳᠬᠡᠬᠦ ᠶᠢ ᠤᠷᠢᠶᠠᠯᠠᠵᠤ᠂ ᠴᠥᠮ ᠬᠦᠴᠦᠷᠬᠡᠭᠯᠡᠯ ᠤᠨ ᠬᠡᠲᠦᠷᠡᠮᠡᠬᠡᠢ ᠦᠵᠡᠯ ᠢ ᠡᠰᠡᠷᠭᠦᠴᠡᠪᠡ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠵᠢᠴᠢ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ ᠡᠯ᠎ᠡ ᠤᠯᠤᠰ ᠤᠨ ᠬᠠᠮᠲᠤ ᠶᠢᠨ ᠠᠮᠤᠷ ᠲᠦᠪᠰᠢᠨ ᠪᠣᠯᠣᠨ ᠬᠥᠭᠵᠢᠯᠲᠡ ᠶᠢ ᠪᠡᠶᠡᠯᠡᠭᠦᠯᠬᠦ ᠳᠤ ᠲᠥᠰᠥᠯ ᠬᠠᠩᠭᠠᠵᠠᠢ᠂ ᠮᠠᠥ᠋ᠷᠢᠲ᠋ᠠᠨᠢᠶ᠎ᠠ ᠶᠢᠨ ᠬᠢᠨ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠢᠳᠡᠪᠬᠢᠲᠡᠢ ᠳᠡᠮᠵᠢᠵᠦ᠂ ᠳᠤᠮᠳᠠᠳᠤ ᠤᠯᠤᠰ ᠯᠤᠭ᠎ᠠ ᠨᠢᠭᠲᠠ ᠬᠠᠮᠵᠢᠯᠴᠠᠵᠤ᠂ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠠᠮᠵᠢᠯᠲᠠ ᠣᠯᠬᠤ ᠶᠢ ᠠᠬᠢᠭᠤᠯᠵᠤ᠂ ᠠᠹᠷᠢᠺᠠ ᠲᠢᠪ ᠪᠣᠯᠣᠨ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号