ᠰᠤᠷᠤᠭᠴᠢᠳ ᠤᠨ ᠬᠤᠤᠷ ᠴᠠᠭᠠᠵᠠᠯᠠᠬᠤ ᠦᠵᠡᠯᠲᠡ ᠪᠠ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ | ᠠᠯᠬᠤᠮ ᠴᠢᠩᠭᠠᠳᠬᠠᠵᠤ᠂ ᠠᠮᠤᠷ ᠲᠦᠪᠰᠢᠨ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ | ᠲᠣᠭᠤᠷᠢᠨ ᠢ ᠪᠠᠶᠢᠭᠤᠯᠬᠤ ᠶᠢᠨ ᠲᠤᠰᠠᠳᠠ᠃ 9 ᠰᠠᠷ᠎ᠠ ᠶᠢᠨ 2 ᠤᠨ ᠡᠳᠦᠷ᠂ ᠲᠦᠴᠢᠦᠸᠠᠨ ᠰᠢᠶᠠᠨ ᠤ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠤᠤᠷ ᠴᠠᠭᠠᠵᠠᠯᠠᠬᠤ ᠶᠡᠭᠡ ᠠᠩᠭᠢ ᠨᠢ ᠲᠦᠴᠢᠦᠸᠠᠨ ᠰᠢᠶᠠᠨ ᠤ | ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠵᠢᠯᠴᠠᠨ ︽ᠰᠤᠷᠭᠠᠭᠤᠯᠢ ᠡᠬᠢᠯᠡᠬᠦ ᠤᠯᠠᠷᠢᠯ︾ ᠢᠶᠠᠷ ᠠᠵᠠ ᠲᠣᠬᠢᠶᠠᠯ | ᠪᠣᠯᠭᠠᠵᠤ᠂ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ | ᠠᠵᠢᠯᠯᠠᠭ᠎ᠠ ᠲᠠᠢ ᠤᠶᠠᠯᠳᠤᠭᠤᠯᠤᠨ᠂ ᠬᠤᠯᠪᠣᠭᠳᠠᠯ ᠪᠥᠬᠦᠶ ᠴᠠᠭᠳᠠᠭ᠎ᠠ ᠶᠢ ᠵᠣᠬᠢᠶᠠᠨ ᠪᠠᠶᠢᠭᠤᠯᠵᠤ ᠲᠦᠴᠢᠦᠸᠠᠨ | ᠰᠢᠶᠠᠨ ᠤ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠬᠤᠤᠷ | ᠴᠠᠭᠠᠵᠠᠯᠠᠬᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠴᠠᠭᠳᠠᠭ᠎ᠠ ᠠᠴᠠ ᠰᠤᠷᠭᠠᠭᠤᠯᠢ ᠡᠬᠢᠯᠡᠬᠦ ᠠᠩᠬᠠᠨ ᠤ | ᠬᠢᠴᠢᠶᠡᠯ ᠢ ᠰᠠᠶᠢᠲᠤᠷ ᠶᠠᠷᠢᠪᠠ᠃ | | | | | | ᠬᠤᠤᠷ ᠴᠠᠭᠠᠵᠠᠯᠠᠬᠤ ᠮᠡᠳᠡᠯᠭᠡ ᠶᠢᠨ ᠲᠠᠶᠢᠯᠤᠮᠵᠢ ᠳᠤ᠂ ᠬᠤᠤᠷ ᠴᠠᠭᠠᠵᠠᠯᠠᠬᠤ ᠠᠷᠠᠳ ᠤᠨ ᠴᠠᠭᠳᠠᠭ᠎ᠠ ᠠᠴᠠ | ᠠᠮᠢᠳᠤᠯᠢᠭ ᠪᠠᠷ ᠬᠤᠤᠷᠲᠤ ᠡᠳ᠋ ᠤᠨ ᠢᠷᠡᠯᠲᠡ᠂ ᠲᠥᠷᠥᠯ ᠵᠦᠶᠯ ᠪᠠ ᠬᠤᠤᠷ ᠬᠥᠨᠥᠭᠡᠯ ᠵᠢᠴᠢ ᠵᠠᠯᠠᠭᠤ ᠪᠠᠭᠠᠴᠤᠳ | ᠤᠨ ᠬᠤᠤᠷᠲᠤ ᠡᠳ᠋ ᠢ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠲᠠᠨᠢᠯᠴᠠᠭᠤᠯᠵᠤ᠂ ᠰᠤᠷᠤᠭᠴᠢᠳ ᠤᠨ | ᠰᠣᠨᠢᠭᠤᠴᠢ ᠰᠡᠳᠬᠢᠯ ᠪᠠ ᠰᠣᠬᠤᠷ ᠪᠠᠯᠠᠶ ᠰᠡᠳᠬᠢᠴᠡ ᠶᠢᠨ ᠠᠰᠠᠭᠤᠯᠲᠠ ᠪᠠ ᠲᠠᠶᠢᠯᠪᠤᠷᠢᠯᠠᠯᠲᠠ ᠪᠠᠷ ᠳᠠᠮᠵᠢᠭᠤᠯᠤᠨ᠂ | ᠥᠷᠭᠡᠨ ᠣᠯᠠᠨ ᠪᠠᠭᠰᠢ ᠰᠤᠷᠤᠭᠴᠢᠳ ᠲᠤ ᠬᠤᠤᠷᠲᠤ ᠡᠳ᠋ ᠤᠨ ᠲᠤᠬᠠᠶ ᠶᠡᠷᠦ ᠶᠢᠨ ᠮᠡᠳᠡᠯᠭᠡ ᠵᠢᠴᠢ ᠢᠯᠭᠠᠨ | ᠲᠠᠨᠢᠬᠤ ᠠᠷᠭ᠎ᠠ ᠶᠢ ᠣᠶᠢᠯᠠᠭᠠᠭᠤᠯᠪᠠ᠃ ᠡᠭᠦᠨ ᠤ ᠬᠠᠮᠲᠤ᠂ ᠵᠠᠯᠠᠭᠤᠴᠤᠳ ᠪᠠᠭᠠᠴᠤᠳ ᠤᠨ ᠨᠠᠰᠤᠨ ᠤ ᠣᠨᠴᠠᠯᠢᠭ ᠢ | ᠦᠨᠳᠦᠰᠦᠯᠡᠨ ︽ᠡᠯᠧᠺᠲᠷᠣᠨ ᠲᠠᠮᠠᠬᠢ︾᠂ ︽ᠢᠨᠢᠶᠡᠮᠰᠦᠩᠭᠦᠶ ᠲᠠᠮᠠᠬᠢ︾᠂ ︽ᠪᠦᠲ᠋ᠠᠨ︾ ᠵᠡᠷᠭᠡ ᠰᠢᠨ᠎ᠡ ᠬᠡᠯᠪᠡᠷᠢ | ᠶᠢᠨ ᠬᠤᠤᠷᠲᠤ ᠡᠳ᠋ ᠤᠨ ᠭᠠᠳᠠᠷ ᠪᠠᠶᠢᠳᠠᠯ᠂ ᠳᠤᠷ᠎ᠠ ᠪᠠᠷ ᠢᠶᠠᠨ ᠬᠡᠷᠡᠭᠯᠡᠬᠦ ᠠᠷᠭ᠎ᠠ ᠮᠠᠶ᠋ᠢᠭ᠂ ᠰᠣᠷᠣᠵᠤ ᠢᠳᠡᠭᠰᠡᠨ ᠤ | ᠳᠠᠷᠠᠭᠠᠬᠢ ᠪᠠᠶᠢᠳᠠᠯ ᠵᠢᠴᠢ ᠬᠤᠤᠷ ᠬᠥᠨᠥᠭᠡᠯ ᠵᠡᠷᠭᠡ ᠮᠡᠳᠡᠯᠭᠡ ᠶᠢ ᠭᠤᠤᠯᠳᠠᠯᠭ᠎ᠠ ᠲᠠᠢ ᠲᠠᠶᠢᠯᠪᠤᠷᠢᠯᠠᠵᠤ᠂ ︽ᠮᠢ | ᠡᠰᠲ᠋ᠧᠷ︾ ᠶᠢ ᠨᠢᠭᠡᠨᠲᠡ ᠬᠤᠶᠠᠳᠤᠭᠠᠷ ᠲᠥᠷᠥᠯ ᠤᠨ ᠮᠡᠳᠡᠷᠡᠯ ᠤᠨ ᠡᠮ ᠤᠨ ᠭᠠᠷᠴᠠᠭ ᠲᠤ ᠣᠷᠣᠭᠤᠯᠤᠭᠰᠠᠨ | ᠪᠠᠶᠢᠨ᠎ᠠ᠂ ᠰᠣᠷᠣᠵᠤ ᠢᠳᠡᠬᠦ᠂ ᠫᠠᠨᠽᠠᠯᠠᠵᠤ ᠬᠤᠳᠠᠯᠳᠤᠬᠤ ᠪᠣᠯ ᠳᠠᠷᠤᠶ ᠬᠠᠤᠯᠢ ᠶᠢ ᠵᠥᠷᠢᠴᠡᠭᠰᠡᠨ ᠶᠠᠯᠠᠲᠤ | ᠠᠵᠢᠯᠯᠠᠭ᠎ᠠ ᠮᠥᠨ ᠭᠡᠵᠦ ᠴᠢᠬᠤᠯᠠᠴᠢᠯᠠᠨ᠂ ᠰᠤᠷᠤᠭᠴᠢᠳ ᠲᠤ ᠲᠠᠨᠢᠯ ᠪᠤᠰᠤ ᠬᠥᠮᠦᠨ ᠠᠴᠠ ᠰᠡᠷᠡᠮᠵᠢᠯᠡᠬᠦ ᠬᠡᠷᠡᠭᠲᠡᠶ᠂ | ᠲᠠᠨᠢᠯ ᠪᠤᠰᠤ ᠬᠥᠮᠦᠨ ᠤ ᠥᠭᠭᠦᠭᠰᠡᠨ ᠤᠮᠳᠠᠭᠠᠨ ᠪᠠ ᠢᠳᠡᠭᠡᠨ ᠢ ᠲᠡᠪᠴᠢᠵᠦ᠂ ᠪᠣᠯᠭᠤᠮᠵᠢᠲᠠᠶ ᠨᠠᠶᠢᠵᠠᠯᠠᠵᠤ᠂ ᠠᠶᠤᠯ | ᠶᠡᠬᠡᠲᠡᠶ ᠲᠠᠯᠠᠪᠤᠷ ᠠᠴᠠ ᠬᠤᠯᠠ ᠪᠠᠶᠢᠬᠤ ᠬᠡᠷᠡᠭᠲᠡᠶ ᠭᠡᠵᠦ ᠰᠡᠷᠡᠮᠵᠢᠯᠡᠭᠦᠯᠦᠭᠰᠡᠨ ᠪᠠᠶᠢᠨ᠎ᠠ᠃ ᠲᠤᠬᠠᠶ ᠶᠢᠨ ᠲᠠᠯᠠᠪᠠᠶ ᠳᠤ | ᠪᠠᠰᠠ ᠬᠠᠷᠢᠯᠴᠠᠨ ᠦᠶᠯᠡᠳᠦᠯᠴᠡᠬᠦ ᠱᠠᠩᠨᠠᠯ ᠲᠠᠢ ᠵᠠᠪᠳᠤᠨ ᠬᠠᠷᠢᠭᠤᠯᠬᠤ ᠭᠤᠭᠴᠤᠭ᠎ᠠ ᠲᠣᠬᠢᠷᠠᠭᠤᠯᠵᠤ᠂ ᠬᠤᠤᠷᠲᠤ | ᠡᠳ᠋ ᠢ ᠴᠠᠭᠠᠵᠠᠯᠠᠬᠤ ᠬᠠᠮᠢᠶ᠎ᠠ ᠪᠥᠬᠦᠶ ᠮᠡᠳᠡᠯᠭᠡ ᠶᠢᠨ ᠲᠤᠬᠠᠶ ᠣᠯᠠᠨ ᠬᠠᠷᠠᠭᠠᠰᠤ ᠠᠴᠠ ᠠᠰᠠᠭᠤᠯᠲᠠ ᠠᠰᠠᠭᠤᠵᠤ᠂ | ᠰᠤᠷᠤᠭᠴᠢᠳ ᠢᠳᠡᠪᠬᠢᠲᠡᠶ ᠪᠠᠷ ᠭᠠᠷ ᠡᠷᠭᠦᠨ ᠣᠷᠣᠯᠴᠠᠵᠤ᠂ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ | ᠬᠤᠤᠷᠲᠤ ᠡᠳ᠋ ᠢ ᠴᠠᠭᠠᠵᠠᠯᠠᠬᠤ ᠮᠡᠳᠡᠯᠭᠡ ᠶᠢᠨ ᠲᠤᠬᠠᠶ ᠰᠠᠭᠤᠭᠳᠠᠯ ᠢᠶᠠᠨ ᠭᠦᠨᠵᠡᠭᠡᠶᠢᠷᠡᠭᠦᠯᠦᠭᠰᠡᠨ ᠪᠥᠭᠡᠳ ᠪᠠᠰᠠ | ᠬᠤᠤᠷᠲᠤ ᠡᠳ᠋ ᠢ ᠴᠠᠭᠠᠵᠠᠯᠠᠬᠤ ᠲᠠᠩᠭᠠᠷᠢᠭ ᠬᠢᠬᠦ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠹᠢᠯᠢᠮ | ᠨᠡᠪᠲᠡᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠰᠤᠷᠤᠭᠴᠢᠳ ᠲᠤ ᠬᠤᠤᠷᠲᠤ ᠡᠳ᠋ ᠢ ᠴᠠᠭᠠᠵᠠᠯᠠᠬᠤ ᠮᠡᠳᠡᠯᠭᠡ ᠶᠢ | ᠳᠠᠮᠵᠢᠭᠤᠯᠪᠠ᠃ | | ᠡᠭᠦᠨ ᠠᠴᠠ ᠭᠠᠳᠠᠨ᠎ᠠ᠂ ᠬᠤᠤᠷ ᠴᠠᠭᠠᠵᠠᠯᠠᠬᠤ ᠠᠷᠠᠳ ᠤᠨ ᠴᠠᠭᠳᠠᠭ᠎ᠠ ᠪᠠᠰᠠ ᠲᠦᠴᠢᠦᠸᠠᠨ ᠰᠢᠶᠠᠨ ᠤ | ᠣᠳᠣᠬᠠᠨ ᠤ ᠬᠤᠤᠷ ᠴᠠᠭᠠᠵᠠᠯᠠᠬᠤ ᠠᠵᠢᠯ ᠤᠨ ᠪᠠᠶᠢᠳᠠᠯ ᠪᠠ ᠡᠭᠦᠷᠭᠡ ᠶᠢ ᠲᠠᠨᠢᠯᠴᠠᠭᠤᠯᠵᠤ᠂ ᠰᠤᠷᠤᠭᠴᠢᠳ ᠢ | ᠬᠤᠤᠷ ᠴᠠᠭᠠᠵᠠᠯᠠᠬᠤ ᠤᠬᠠᠭᠤᠯᠭ᠎ᠠ ᠳᠤ ᠢᠳᠡᠪᠬᠢᠲᠡᠶ ᠣᠷᠣᠯᠴᠠᠵᠤ᠂ ᠬᠤᠤᠷ ᠴᠠᠭᠠᠵᠠᠯᠠᠬᠤ ᠪᠢᠴᠢᠬᠠᠨ ᠬᠠᠮᠠᠭᠠᠯᠠᠭᠴᠢ | ᠪᠣᠯᠬᠤ ᠪᠠᠷ ᠴᠢᠷᠮᠠᠶᠢᠵᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ | ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃ | |