ᠰᠢᠷ᠎ᠠ ᠪᠤᠷᠴᠠᠭ ᠤᠨ ᠨᠠᠪᠴᠢᠨ ᠬᠤᠮᠢᠭᠤᠷ ᠮᠢᠩ ᠡᠷᠪᠡᠬᠡᠢ ᠶᠢ ᠪᠠᠰᠠ ᠰᠢᠷ᠎ᠠ ᠪᠤᠷᠴᠠᠭ ᠤᠨ ᠨᠠᠪᠴᠢᠨ ᠬᠤᠮᠢᠭᠤᠷ | ᠬᠤᠷᠣᠬᠠᠢ᠂ ᠰᠢᠷ᠎ᠠ ᠪᠤᠷᠴᠠᠭ ᠤᠨ ᠨᠠᠪᠴᠢᠨ ᠬᠤᠮᠢᠭᠤᠷ ᠬᠡᠭᠡᠷ᠎ᠡ ᠶᠢᠨ ᠮᠢᠩ ᠡᠷᠪᠡᠬᠡᠢ᠂ ᠳ᠋ᠸᠦ ᠰᠠᠨ ᠲᠢᠶᠣᠣ | ᠬᠡᠭᠡᠷ᠎ᠡ ᠶᠢᠨ ᠮᠢᠩ ᠡᠷᠪᠡᠬᠡᠢ ᠭᠡᠳᠡᠭ᠃ ᠲᠡᠷᠡ ᠨᠢ ᠬᠠᠶᠢᠷᠰᠤᠯᠢᠭ ᠳᠠᠯᠠᠪᠴᠢᠳᠠᠨ ᠤ ᠪᠠᠭ ᠤᠨ ᠮᠢᠩ ᠡᠷᠪᠡᠬᠡᠢ ᠶᠢᠨ | ᠢᠵᠠᠭᠤᠷ ᠲᠤ ᠪᠠᠭᠲᠠᠵᠤ᠂ ᠭᠤᠣᠯᠳᠠᠭᠤ ᠰᠢᠷ᠎ᠠ ᠪᠤᠷᠴᠠᠭ ᠢ ᠬᠤᠣᠷᠳᠠᠭᠤᠯᠳᠠᠭ᠂ ᠳᠠᠷᠠᠭᠠᠯᠠᠪᠠᠯ ᠨᠣᠭᠤᠭᠠᠨ ᠪᠤᠷᠴᠠᠭ᠂ | ᠤᠯᠠᠭᠠᠨ ᠪᠤᠷᠴᠠᠭ᠂ ᠨᠣᠭᠤᠭ᠎ᠠ ᠶᠢᠨ ᠪᠤᠷᠴᠠᠭ᠂ ᠬᠠᠪᠲᠠᠭᠠᠢ ᠪᠤᠷᠴᠠᠭ ᠵᠡᠷᠭᠡ ᠪᠤᠷᠴᠠᠭ ᠤᠨ ᠢᠵᠠᠭᠤᠷ ᠤᠨ ᠲᠠᠷᠢᠮᠠᠯ ᠢ | ᠬᠤᠣᠷᠳᠠᠭᠤᠯᠵᠤ᠂ ᠪᠤᠷᠴᠠᠭ ᠤᠨ ᠲᠥᠷᠥᠯ ᠤᠨ ᠲᠠᠷᠢᠮᠠᠯ ᠤᠨ ᠭᠤᠣᠯ ᠬᠤᠣᠷᠲᠤ ᠬᠤᠷᠣᠬᠠᠢ ᠶᠢᠨ ᠨᠢᠭᠡ ᠨᠢ ᠪᠣᠯᠣᠨ᠎ᠠ᠃ | | ᠰᠢᠷ᠎ᠠ ᠪᠤᠷᠴᠠᠭ ᠤᠨ ᠨᠠᠪᠴᠢᠨ ᠬᠤᠮᠢᠭᠤᠷ ᠮᠢᠩ ᠡᠷᠪᠡᠬᠡᠢ ᠨᠢ ᠠᠪᠠᠭᠠᠯᠳᠠᠢ ᠪᠠᠷ ᠢᠶᠠᠨ ᠨᠠᠪᠴᠢᠨ ᠤ ᠢᠯᠲᠠᠰᠤ ᠶᠢ | ᠬᠥᠨᠥᠭᠡᠵᠦ᠂ ᠨᠠᠪᠴᠢ ᠶᠢ ᠬᠦᠨᠦᠭᠡᠳᠡᠭ᠃ ᠠᠪᠠᠭᠠᠯᠳᠠᠢ ᠨᠢ ᠬᠤᠮᠢᠭᠤᠷ ᠨᠠᠪᠴᠢᠨ ᠳᠣᠲᠣᠷ᠎ᠠ ᠨᠢᠭᠤᠭᠳᠠᠨ ᠨᠠᠪᠴᠢᠨ ᠤ | ᠮᠢᠬ᠎ᠠ ᠶᠢ ᠢᠳᠡᠵᠦ᠂ ᠨᠠᠪᠴᠢᠨ ᠤ ᠰᠤᠳᠠᠰᠤ ᠦᠯᠡᠳᠡᠵᠦ᠂ ᠰᠢᠷ᠎ᠠ ᠪᠤᠷᠴᠠᠭ ᠤᠨ ᠨᠠᠪᠴᠢᠨ ᠤ ᠭᠡᠷᠡᠯ ᠤᠨ | ᠨᠡᠶᠢᠯᠡᠯᠭᠡ ᠶᠢᠨ ᠦᠢᠯᠡᠳᠦᠯ ᠢ ᠨᠥᠯᠥᠭᠡᠯᠡᠵᠦ᠂ ᠤᠷᠭᠤᠮᠠᠯ ᠤᠨ ᠡᠰᠢ ᠨᠢ ᠬᠡᠪ ᠤᠨ ᠪᠠᠶᠢᠳᠠᠯ ᠢᠶᠠᠷ ᠤᠷᠭᠤᠵᠤ ᠴᠢᠳᠠᠬᠤ | ᠦᠭᠡᠢ ᠪᠣᠯᠬᠤᠷ᠂ ᠰᠢᠷ᠎ᠠ ᠪᠤᠷᠴᠠᠭ ᠢ ᠴᠡᠴᠡᠭ ᠵᠤᠯᠭᠠᠷᠠᠭᠤᠯᠤᠨ ᠬᠤᠩᠭᠤᠷᠴᠤᠭ ᠶᠢ ᠨᠢ ᠤᠨᠠᠭᠠᠳᠠᠭ᠃ ᠲᠠᠷᠢᠶᠠᠨ | ᠭᠠᠵᠠᠷ ᠤᠨ ᠪᠠᠶᠢᠴᠠᠭᠠᠯᠲᠠ ᠪᠠᠷ᠂ ᠰᠢᠷ᠎ᠠ ᠪᠤᠷᠴᠠᠭ ᠤᠨ ᠨᠠᠪᠴᠢᠨ ᠬᠤᠮᠢᠭᠤᠷ ᠮᠢᠩ ᠡᠷᠪᠡᠬᠡᠢ ᠶᠢᠨ ᠬᠤᠣᠷᠯᠠᠭᠳᠠᠭᠰᠠᠨ | ᠡᠰᠢ ᠶᠢᠨ ᠳᠤᠮᠳᠠᠴᠢ ᠨᠣᠷᠮ᠎ᠠ ᠨᠢ 19% ᠪᠠᠶᠢᠵᠤ᠂ ᠵᠠᠭᠤᠨ ᠡᠰᠢᠨ ᠳᠤ ᠬᠤᠷᠣᠬᠠᠢ ᠶᠢᠨ ᠳᠤᠮᠳᠠᠴᠢ ᠬᠡᠮᠵᠢᠶ᠎ᠡ ᠨᠢ 5 | ᠲᠣᠯᠣᠭᠠᠢ ᠪᠠᠶᠢᠳᠠᠭ᠃ 8 ᠰᠠᠷ᠎ᠠ ᠳᠤ᠂ ᠪᠣᠷᠣᠭᠠᠨ ᠨᠡᠯᠢᠶᠡᠳ ᠠᠷᠪᠢᠨ᠂ ᠲᠠᠷᠢᠶᠠᠨ ᠭᠠᠵᠠᠷ ᠤᠨ ᠴᠢᠭᠢᠭᠲᠦᠴᠡ ᠶᠡᠭᠡ᠂ | ᠲᠡᠭᠷᠢ ᠴᠡᠯᠮᠡᠭᠰᠢᠭᠰᠡᠨ ᠤ ᠳᠠᠷᠠᠭ᠎ᠠ ᠳᠤᠯᠠᠭᠠᠨ ᠤ ᠬᠡᠮᠵᠢᠶ᠎ᠡ ᠨᠢ ᠨᠡᠯᠢᠶᠡᠳ ᠥᠨᠳᠥᠷ ᠪᠠᠶᠢᠵᠤ᠂ ᠰᠢᠷ᠎ᠠ ᠪᠤᠷᠴᠠᠭ ᠤᠨ | ᠨᠠᠪᠴᠢᠨ ᠬᠤᠮᠢᠭᠤᠷ ᠮᠢᠩ ᠡᠷᠪᠡᠬᠡᠢ ᠡᠭᠦᠰᠬᠦ ᠳᠤ ᠠᠰᠢᠭᠲᠠᠢ ᠪᠠᠶᠢᠳᠠᠭ᠃ ᠲᠠᠷᠢᠮᠠᠯ ᠤᠨ ᠡᠷᠦᠬᠡ ᠠᠰᠢᠭᠲᠠᠢ ᠴᠠᠭ | ᠲᠣᠬᠢᠶᠠᠯ ᠢ ᠠᠮᠵᠢᠵᠤ᠂ ᠲᠠᠷᠢᠶᠠᠨ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ ᠰᠡᠷᠭᠡᠶᠢᠯᠡᠨ ᠡᠵᠡᠮᠳᠡᠬᠦ ᠬᠡᠷᠡᠭᠲᠡᠢ᠃ | | ᠪᠡᠶ᠎ᠡ ᠭᠦᠢᠴᠡᠭᠰᠡᠨ ᠬᠤᠷᠣᠬᠠᠢ ᠶᠢ ᠥᠳᠥᠭᠡᠨ ᠠᠯᠠᠬᠤ᠃ ᠰᠢᠷ᠎ᠠ ᠪᠤᠷᠴᠠᠭ ᠤᠨ ᠨᠠᠪᠴᠢᠨ ᠬᠤᠮᠢᠭᠤᠷ ᠮᠢᠩ | ᠡᠷᠪᠡᠬᠡᠢ ᠶᠢᠨ ᠪᠡᠶ᠎ᠡ ᠭᠦᠢᠴᠡᠭᠰᠡᠨ ᠬᠤᠷᠣᠬᠠᠢ ᠨᠢ ᠭᠡᠷᠡᠯ ᠳᠤ ᠲᠡᠮᠡᠦᠯᠬᠦ ᠣᠨᠴᠠᠯᠢᠭ ᠲᠠᠢ ᠪᠠᠶᠢᠳᠠᠭ᠂ ᠰᠢᠷ᠎ᠠ ᠪᠤᠷᠴᠠᠭ | ᠳᠠᠷᠢᠬᠤ ᠲᠠᠯᠠᠪᠠᠶ ᠨᠢ ᠨᠡᠯᠢᠶᠡᠳ ᠶᠡᠭᠡ ᠭᠠᠵᠠᠷ ᠣᠷᠣᠨ ᠳᠤ᠂ ᠪᠡᠶ᠎ᠡ ᠭᠦᠢᠴᠡᠭᠰᠡᠨ ᠬᠤᠷᠣᠬᠠᠢ ᠦᠷᠡᠵᠢᠬᠦ | ᠬᠤᠭᠤᠴᠠᠭᠠᠨ ᠳᠤ ᠬᠠᠷ᠎ᠠ ᠬᠡᠷᠡᠯᠳᠦ ᠳ᠋ᠧᠩ ᠪᠤᠶᠤ ᠪᠡᠯᠭᠡ ᠶᠢᠨ ᠥᠳᠥᠭᠡᠭᠴᠢ ᠡᠳ᠋ ᠢᠶᠠᠷ ᠪᠡᠶ᠎ᠡ ᠭᠦᠢᠴᠡᠭᠰᠡᠨ | ᠬᠤᠷᠣᠬᠠᠢ ᠶᠢ ᠥᠳᠥᠭᠡᠨ ᠠᠯᠠᠵᠤ᠂ ᠲᠠᠷᠢᠶᠠᠨ ᠭᠠᠵᠠᠷ ᠲᠤ ᠥᠨᠳᠡᠭᠡᠯᠡᠬᠦ ᠬᠡᠮᠵᠢᠶ᠎ᠡ ᠶᠢ ᠪᠠᠭᠤᠷᠠᠭᠤᠯᠤᠨ᠂ | ᠬᠤᠷᠣᠬᠠᠢ ᠶᠢᠨ ᠰᠠᠭᠤᠷᠢ ᠲᠤᠭ᠎ᠠ ᠶᠢ ᠪᠠᠭᠤᠷᠠᠭᠤᠯᠵᠤ᠂ ᠬᠥᠨᠥᠭᠡᠯ ᠢ ᠪᠠᠭᠠᠰᠬᠠᠵᠤ ᠪᠤᠯᠤᠨ᠎ᠠ᠃ | ᠬᠥᠮᠥᠨ ᠤ ᠬᠦᠴᠦ ᠪᠠᠷ ᠠᠪᠠᠭᠠᠯᠳᠠᠢ ᠶᠢ ᠪᠠᠷᠢᠬᠤ᠃ ᠰᠢᠷ᠎ᠠ ᠪᠤᠷᠴᠠᠭ ᠤᠨ ᠨᠠᠪᠴᠢᠨ ᠬᠤᠮᠢᠭᠤᠷ ᠮᠢᠩ ᠡᠷᠪᠡᠬᠡᠢ | ᠡᠭᠦᠰᠦᠭᠰᠡᠨ ᠡᠬᠢᠨ ᠤ ᠬᠤᠭᠤᠴᠠᠭᠠᠨ ᠳᠤ ᠲᠠᠷᠢᠶᠠᠨ ᠭᠠᠵᠠᠷ ᠤᠨ ᠬᠤᠮᠢᠭᠤᠷ ᠨᠠᠪᠴᠢ ᠶᠢ ᠨᠢ ᠴᠠᠭ ᠲᠤᠬᠠᠢ ᠳᠤᠨᠢ | ᠪᠠᠶᠢᠴᠠᠭᠠᠨ ᠦᠵᠡᠵᠦ ᠣᠭᠲᠣᠯᠣᠨ ᠬᠠᠶᠠᠵᠤ᠂ ᠲᠠᠷᠢᠶᠠᠨ ᠭᠠᠵᠠᠷ ᠤᠨ ᠠᠪᠠᠭᠠᠯᠳᠠᠢ ᠶᠢ ᠤᠰᠠᠳᠬᠠᠬᠤ ᠪᠤᠶᠤ ᠲᠠᠷᠢᠶᠠᠨ | ᠭᠠᠵᠠᠷ ᠠᠴᠠ ᠠᠪᠴᠤ ᠭᠠᠷᠴᠤ ᠲᠥᠪᠯᠡᠷᠡᠭᠦᠯᠦᠨ ᠰᠢᠢᠳᠪᠦᠷᠢᠯᠡᠵᠦ ᠪᠤᠯᠤᠨ᠎ᠠ᠃ | ᠡᠮ ᠢᠶᠠᠷ ᠰᠡᠷᠭᠡᠶᠢᠯᠡᠨ ᠵᠠᠰᠠᠬᠤ᠃ ᠡᠯ᠎ᠡ ᠦᠶ᠎ᠡ ᠡᠭᠦᠰᠦᠭᠰᠡᠨ ᠬᠤᠭᠤᠴᠠᠭᠠᠨ ᠳᠤ 1%~2% ᠤᠨ | ᠤᠷᠭᠤᠮᠠᠯ ᠤᠨ ᠡᠰᠢᠨ ᠳᠤ ᠬᠤᠮᠢᠭᠤᠷ ᠨᠠᠪᠴᠢ ᠶᠢᠨ ᠬᠥᠨᠥᠭᠡᠯ ᠲᠠᠢ ᠦᠶ᠎ᠡ ᠠᠴᠠ ᠡᠬᠢᠯᠡᠨ ᠰᠡᠷᠭᠡᠶᠢᠯᠡᠨ ᠵᠠᠰᠠᠵᠤ᠂ | 7~10 ᠡᠳᠦᠷ ᠠᠯᠤᠰᠯᠠᠬᠤ ᠪᠦᠷᠢ ᠨᠢᠭᠡ ᠤᠳᠠᠭ᠎ᠠ ᠰᠡᠷᠭᠡᠶᠢᠯᠡᠨ ᠵᠠᠰᠠᠵᠤ᠂ ᠦᠷᠭᠦᠯᠵᠢᠯᠡᠨ 2 ᠤᠳᠠᠭ᠎ᠠ ᠰᠡᠷᠭᠡᠶᠢᠯᠡᠨ | ᠵᠠᠰᠠᠬᠤ ᠬᠡᠷᠡᠭᠲᠡᠢ᠃ ᠰᠡᠷᠭᠡᠶᠢᠯᠡᠨ ᠵᠠᠰᠠᠬᠤ ᠳᠤ 1.8% ᠶᠢᠨ ᠠᠸᠢ ᠪᠠᠺᠲ᠋ᠧᠷᠢ ᠶᠢᠨ ᠡᠳ᠋ ᠤᠨ ᠴᠢᠢᠳᠡᠮᠯᠢᠭ ᠲᠣᠰᠣ | ︵阿 维菌素乳油︶᠂ 480 ᠭᠷᠡᠮ / ᠯᠢᠳ᠋ᠷ ᠬᠤᠣᠷᠲᠤ ᠬᠤᠪᠢᠯᠵᠠ ᠶᠢᠨ ᠴᠢᠢᠳᠡᠮᠯᠢᠭ ᠲᠣᠰᠣ | ︵毒死蜱乳 油︶᠂ 100 ᠭᠷᠡᠮ / ᠯᠢᠳ᠋ᠷ ᠬᠡᠯᠪᠡᠷᠢ ᠶᠢᠨ ᠾᠯᠣᠷᠲᠤ ᠼᠢᠶᠠᠨ ᠤᠳᠪᠠᠯᠠ | ᠡᠰᠲ᠋ᠧᠷ ᠤᠨ ᠴᠢᠢᠳᠡᠮᠯᠢᠭ ᠲᠣᠰᠣ ︵顺式 氯氰菊酯乳油︶ ᠵᠡᠷᠭᠡ ᠡᠮ ᠢ ᠰᠣᠩᠭᠤᠨ | ᠬᠡᠷᠡᠭᠯᠡᠵᠦ᠂ ᠡᠮ ᠤᠨ ᠬᠡᠷᠡᠭᠯᠡᠬᠦ ᠲᠣᠳᠣᠷᠬᠠᠶᠢᠯᠠᠯᠲᠠ ᠶᠢ ᠦᠨᠳᠦᠰᠦᠯᠡᠨ ᠬᠡᠷᠡᠭᠯᠡᠬᠦ ᠠᠩᠬᠠᠷᠤᠭᠠᠷᠠᠢ᠃ |