HPV ᠸᠠᠺᠼᠢᠨ ᠢ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠳᠤ ᠣᠷᠣᠭᠤᠯᠬᠤ ᠪᠤᠯ ᠤᠤ︖ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤ ᠥᠭᠪᠡ
ᠨᠡᠶᠢᠲᠡᠯᠡᠭᠰᠡᠨ ᠴᠠᠭ᠄
2024/9/6
   ᠲᠦᠷᠦᠭᠦᠬᠡᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠰᠤᠷᠭᠠᠭᠤᠯᠢ ᠶᠢᠨ ᠨᠠᠰᠤᠨ ᠤ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠤ ᠸᠠᠺᠼᠢᠨ ᠢ ᠦᠨ᠎ᠡ ᠲᠥᠯᠥᠪᠦᠷᠢ ᠥᠬᠡᠶ ᠪᠠᠷ ᠳᠠᠷᠢᠬᠤ ᠶᠢ ᠠᠬᠢᠭᠤᠯᠬᠤ ᠲᠤᠬᠠᠶ ᠰᠠᠨᠠᠭᠤᠯᠭ᠎ᠠ ᠶᠢᠨ ᠲᠤᠬᠠᠢ ᠬᠠᠷᠢᠭᠤ ᠥᠭᠪᠡ᠃ ᠬᠠᠷᠢᠭᠤ ᠦᠭᠭᠦ ᠳᠡᠭᠡᠨ᠂ 2024 ᠣᠨ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠨᠡᠶᠢᠭᠡᠮ ᠤᠨ ᠡᠬᠢ ᠪᠠᠶᠠᠯᠢᠭ ᠢ ᠢᠳᠡᠪᠬᠢᠲᠡᠶ ᠵᠣᠬᠢᠴᠠᠭᠤᠯᠵᠤ᠂ ᠰᠧᠴᠤᠸᠠᠨ ᠮᠤᠵᠢ ᠶᠢᠨ ᠯᠢᠶᠠᠩᠱᠠᠨ ᠵᠧᠤ᠂ ᠶᠦᠨᠨᠠᠨ ᠮᠤᠵᠢ ᠶᠢᠨ ᠯᠢᠵᠢᠶᠠᠩ ᠬᠤᠲᠠ ᠳᠤ ᠰᠠᠪᠠ ᠶᠢᠨ ᠬᠦᠵᠦᠭᠦᠨ ᠤ ᠥᠮᠡᠨ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠲᠥᠷᠥᠯ ᠵᠦᠢᠯ ᠤᠨ ᠭᠠᠵᠠᠷ ᠣᠷᠣᠨ ᠤ ᠰᠤᠷᠭᠠᠭᠤᠯᠢ ᠶᠢᠨ ᠨᠠᠰᠤᠨ ᠤ ᠦᠬᠢᠳ ᠲᠤ HPV ᠸᠠᠺᠼᠢᠨ ᠢ ᠦᠨ᠎ᠡ ᠲᠥᠯᠥᠪᠦᠷᠢ ᠥᠬᠡᠶ ᠪᠠᠷ ᠳᠠᠷᠢᠬᠤ ᠶᠢ ᠳᠡᠮᠵᠢᠨ᠎ᠡ᠃ ᠳᠠᠷᠠᠭ᠎ᠠ ᠪᠠᠷ HPV ᠸᠠᠺᠼᠢᠨ ᠢ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠳᠤ ᠣᠷᠣᠭᠤᠯᠬᠤ ᠡᠰᠡᠬᠦ ᠶᠢ ᠬᠡᠷᠡᠭᠴᠡᠭᠡ ᠪᠠ ᠸᠠᠺᠼᠢᠨ ᠤ ᠲᠣᠰ ᠪᠡᠶ᠎ᠡ ᠶᠢᠨ ᠠᠮᠤᠷ ᠲᠦᠪᠰᠢᠨ ᠴᠢᠨᠠᠷ᠂ ᠪᠦᠲᠦᠮᠵᠢᠲᠦ ᠴᠢᠨᠠᠷ᠂ ᠪᠣᠯᠤᠮᠵᠢᠲᠤ ᠴᠢᠨᠠᠷ ᠵᠡᠷᠭᠡ ᠲᠠᠢ ᠤᠶᠠᠯᠳᠤᠭᠤᠯᠤᠨ ᠴᠢᠩᠭ᠎ᠠ ᠨᠤᠲᠠᠯᠠᠭᠰᠠᠨ ᠰᠠᠭᠤᠷᠢᠨ ᠳᠡᠭᠡᠷ᠎ᠡ ᠰᠤᠳᠤᠯᠤᠨ ᠲᠣᠭᠲᠠᠭᠠᠨ᠎ᠠ ᠬᠡᠪᠡ᠃    ᠬᠠᠷᠢᠭᠤ ᠦᠭᠭᠦ ᠳᠡᠭᠡᠨ ᠪᠠᠰᠠ ᠣᠳᠣᠬᠠᠨ ᠳᠤ ᠵᠢᠶᠠᠩᠰᠦ᠂ ᠵᠧᠵᠢᠶᠠᠩ᠂ ᠹᠦᠵᠢᠶᠠᠨ᠂ ᠵᠢᠶᠠᠩᠰᠢ᠂ ᠱᠠᠨᠳᠦ᠋ᠩ᠂ ᠬᠤᠪᠸᠢ᠂ ᠭᠤᠸᠠᠩᠳᠦ᠋ᠩ᠂ ᠬᠠᠶᠢᠨᠠᠨ᠂ ᠴᠦᠩᠴᠢᠩ᠂ ᠲᠥᠪᠡᠳ ᠵᠡᠷᠭᠡ 10 ᠮᠤᠵᠢ ᠣᠷᠣᠨ ᠪᠠ ᠵᠧᠩᠵᠸᠦ᠂ ᠴᠧᠩᠳᠦ᠋᠂ ᠣᠷᠳᠣᠰ᠂ ᠱᠢ ᠵᠢᠶᠠ ᠵᠤᠸᠠᠩ ᠵᠡᠷᠭᠡ ᠬᠤᠲᠠ ᠶᠢᠨ ᠬᠢᠨ ᠨᠢᠭᠡᠨᠲᠡ HPV ᠸᠠᠺᠼᠢᠨ ᠳᠠᠷᠢᠬᠤ ᠶᠢ ᠵᠠᠰᠠᠭ ᠤᠨ ᠣᠷᠳᠣᠨ ᠤ ᠠᠷᠠᠳ ᠤᠨ ᠲᠥᠯᠥᠭᠡ ᠪᠣᠳᠠᠲᠠᠶ ᠶᠠᠪᠤᠳᠠᠯ ᠬᠢᠬᠦ ᠵᠦᠢᠯᠡᠰ ᠲᠤ ᠣᠷᠣᠭᠤᠯᠵᠤ᠂ ᠡᠳ᠋ ᠤᠨ ᠵᠠᠰᠠᠭ ᠠᠴᠠ ᠦᠢᠯᠡᠴᠢᠯᠡᠭᠡ ᠶᠢ ᠬᠤᠳᠠᠯᠳᠤᠨ ᠠᠪᠬᠤ᠂ ᠲᠣᠭᠲᠠᠭᠰᠠᠨ ᠲᠣᠭᠠᠨ ᠤ ᠨᠥᠬᠦᠪᠥᠷᠢ ᠥᠭᠬᠦ ᠪᠤᠶᠤ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠵᠠᠭᠪᠤᠷ ᠢᠶᠠᠷ ᠳᠠᠮᠵᠢᠭᠤᠯᠤᠨ᠂ ᠲᠤᠬᠢᠷᠠᠬᠤ ᠨᠠᠰᠤᠨ ᠤ ᠦᠬᠢᠳ  ᠲᠤ ᠤᠯᠤᠰ ᠤᠨ ᠦᠢᠯᠡᠳᠪᠦᠷᠢᠯᠡᠭᠰᠡᠨ HPV ᠸᠠᠺᠼᠢᠨ ᠢ ᠦᠨ᠎ᠡ ᠲᠥᠯᠥᠪᠦᠷᠢ ᠥᠬᠡᠶ ᠪᠠᠷ ᠳᠠᠷᠢᠵᠤ ᠦᠭᠭᠦᠨ᠎ᠡ ᠭᠡᠵᠦ ᠲᠤᠷᠠᠳᠴᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号